ᠲᠦᠷᠦᠭᠦᠬᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠤᠷᠭᠠᠭᠤᠯᠢ ᠶᠢᠨ | ᠨᠠᠰᠤᠨ ᠤ ᠡᠮᠡᠭᠲᠡᠶᠢᠴᠦᠳ ᠤᠨ ᠰᠠᠪᠠ ᠶᠢᠨ ᠬᠦᠵᠦᠭᠦᠨ ᠤ ᠥᠮᠡᠨ ᠤ ᠸᠠᠺᠼᠢᠨ ᠢ ᠦᠨ᠎ᠡ ᠲᠥᠯᠥᠪᠦᠷᠢ ᠦᠭᠡᠢ ᠪᠠᠷ | ᠳᠠᠷᠢᠬᠤ ᠶᠢ ᠠᠬᠢᠭᠤᠯᠬᠤ ᠲᠤᠬᠠᠢ ᠰᠠᠨᠠᠭᠤᠯᠭ᠎ᠠ ᠶᠢᠨ ᠲᠤᠬᠠᠢ ᠬᠠᠷᠢᠭᠤ ᠥᠭᠪᠡ᠃ ᠬᠠᠷᠢᠭᠤ ᠥᠭᠬᠦ ᠳᠡᠭᠡᠨ᠂2024 | ᠣᠨ ᠳᠤ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠭᠡᠮ ᠤᠨ ᠡᠬᠢ ᠪᠠᠶᠠᠯᠢᠭ ᠢ | ᠢᠳᠡᠪᠬᠢᠲᠡᠢ ᠵᠣᠬᠢᠴᠠᠭᠤᠯᠵᠤ᠂ ᠰᠧᠴᠤᠸᠠᠨ ᠮᠤᠵᠢ ᠶᠢᠨ ᠯᠢᠶᠠᠩᠱᠠᠨ ᠵᠧᠦ᠂ ᠶᠦᠨᠨᠠᠨ ᠮᠤᠵᠢ ᠶᠢᠨ ᠯᠢᠵᠢᠶᠠᠩ ᠬᠤᠲᠠ ᠳᠤ | ᠰᠠᠪᠠ ᠶᠢᠨ ᠬᠦᠵᠦᠭᠦᠨ ᠤ ᠥᠮᠡᠨ ᠢ ᠰᠡᠷᠭᠡᠶᠢᠯᠡᠨ ᠵᠠᠰᠠᠬᠤ ᠲᠤᠷᠰᠢᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠥᠷᠥᠯ ᠵᠦᠢᠯ ᠤᠨ ᠭᠠᠵᠠᠷ ᠣᠷᠣᠨ ᠤ ᠰᠤᠷᠭᠠᠭᠤᠯᠢ ᠶᠢᠨ ᠨᠠᠰᠤᠨ ᠤ ᠥᠬᠢᠳ ᠲᠤ HPV ᠸᠠᠺᠼᠢᠨ ᠢ ᠦᠨ᠎ᠡ | ᠲᠥᠯᠥᠪᠦᠷᠢ ᠦᠭᠡᠢ ᠪᠠᠷ ᠳᠠᠷᠢᠬᠤ ᠶᠢ ᠳᠡᠮᠵᠢᠨ᠎ᠡ᠃ ᠳᠠᠷᠠᠭ᠎ᠠ ᠪᠠᠷ HPV ᠸᠠᠺᠼᠢᠨ ᠢ ᠤᠯᠤᠰ ᠤᠨ ᠡᠭᠡᠯᠢᠯᠡᠭᠡ ᠶᠢᠨ | ᠲᠥᠯᠦᠪᠵᠢᠭᠦᠯᠭᠡ ᠳᠤ ᠣᠷᠣᠭᠤᠯᠬᠤ ᠡᠰᠡᠬᠦ ᠶᠢ ᠬᠡᠷᠡᠭᠴᠡᠭᠡ ᠪᠠ ᠸᠠᠺᠼᠢᠨ ᠤ ᠲᠣᠰ ᠪᠡᠶ᠎ᠡ ᠶᠢᠨ ᠠᠮᠤᠷ ᠲᠦᠪᠰᠢᠨ | ᠴᠢᠨᠠᠷ᠂ ᠪᠦᠲᠦᠮᠵᠢᠲᠦ ᠴᠢᠨᠠᠷ᠂ᠪᠣᠯᠣᠮᠵᠢᠲᠤ ᠴᠢᠨᠠᠷ ᠵᠡᠷᠭᠡ ᠲᠠᠢ ᠤᠶᠠᠯᠳᠤᠭᠤᠯᠤᠨ ᠴᠢᠩᠭ᠎ᠠ ᠨᠤᠲᠠᠯᠠᠭᠰᠠᠨ ᠰᠠᠭᠤᠷᠢᠨ | ᠳᠡᠭᠡᠷ᠎ᠡ ᠰᠤᠳᠤᠯᠤᠨ ᠲᠣᠭᠲᠠᠭᠠᠨ᠎ᠠ ᠭᠡᠪᠡ᠃ | ᠬᠠᠷᠢᠭᠤ ᠥᠭᠬᠦ ᠳᠡᠭᠡᠨ ᠪᠠᠰᠠ ᠣᠳᠣᠬᠠᠨ ᠳᠤ ᠵᠢᠶᠠᠩᠰᠤ᠂ ᠵᠧᠵᠢᠶᠠᠩ᠂ ᠹᠦᠵᠢᠶᠠᠨ᠂ ᠵᠢᠶᠠᠩᠰᠢ᠂ ᠱᠠᠨᠳᠦ᠋ᠩ᠂ | ᠬᠤᠪᠧᠢ᠂ ᠭᠤᠸᠠᠩᠳᠦ᠋ᠩ᠂ ᠬᠠᠶᠢᠨᠠᠨ᠂ ᠴᠦᠩᠴᠢᠩ᠂ ᠲᠥᠪᠡᠳ ᠵᠡᠷᠭᠡ 10 ᠮᠤᠵᠢ ᠣᠷᠣᠨ ᠪᠠ ᠵᠧᠩᠵᠧᠦ᠂ ᠴᠧᠩᠳᠦ᠋᠂ | ᠣᠷᠳᠣᠰ᠂ ᠱᠢ ᠵᠢᠶᠠ ᠵᠤᠸᠠᠩ ᠵᠡᠷᠭᠡ ᠬᠤᠲᠠ ᠶᠢᠨ ᠬᠢᠨ ᠨᠢᠭᠡᠨᠲᠡ HPV ᠸᠠᠺᠼᠢᠨ ᠳᠠᠷᠢᠬᠤ ᠶᠢ ᠵᠠᠰᠠᠭ ᠤᠨ | ᠣᠷᠳᠣᠨ ᠤ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠵᠦᠢᠯᠡᠰ ᠲᠤ ᠣᠷᠣᠭᠤᠯᠵᠤ᠂ ᠡᠳ᠋ ᠤᠨ ᠵᠠᠰᠠᠭ ᠠᠴᠠ | ᠦᠢᠯᠡᠴᠢᠯᠡᠭᠡ ᠶᠢ ᠬᠤᠳᠠᠯᠳᠤᠨ ᠠᠪᠬᠤ᠂ ᠲᠣᠭᠲᠠᠭᠰᠠᠨ ᠲᠣᠭᠠᠨ ᠤ ᠨᠥᠬᠦᠪᠦᠷᠢ ᠥᠭᠬᠦ ᠪᠤᠶᠤ ᠡᠮ ᠡᠮᠨᠡᠯᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠵᠠᠭᠪᠤᠷ ᠢᠶᠠᠷ ᠳᠠᠮᠵᠢᠭᠤᠯᠤᠨ᠂ ᠲᠣᠬᠢᠷᠠᠬᠤ ᠨᠠᠰᠤᠨ ᠤ ᠥᠬᠢᠳ ᠲᠤ ᠤᠯᠤᠰ ᠤᠨ | ᠦᠢᠯᠡᠳᠪᠦᠷᠢᠯᠡᠭᠰᠡᠨ HPV ᠸᠠᠺᠼᠢᠨ ᠢ ᠦᠨ᠎ᠡ ᠲᠥᠯᠥᠪᠦᠷᠢ ᠦᠭᠡᠢ ᠪᠠᠷ ᠳᠠᠷᠢᠵᠤ ᠥᠭᠭᠦᠨ᠎ᠡ ᠭᠡᠵᠦ ᠳᠤᠷᠠᠳᠴᠠᠢ᠃ |