ᠪᠤᠰᠢᠭᠤᠬᠠᠨ ᠦᠵᠡ︕ ᠲᠤᠤ ᠪᠤᠤ ᠰᠦᠯᠵᠢᠶ᠎ᠡ ᠸᠢᠴᠠᠲ ᠢᠶᠠᠷ ᠲᠣᠭᠠᠴᠠᠭ᠎ᠠ ᠬᠢᠵᠦ ᠪᠤᠯᠬᠤ ᠴᠠᠭ ᠢ ᠲᠣᠭᠲᠠᠭᠠᠵᠠᠢ
ᠨᠡᠶᠢᠲᠡᠯᠡᠭᠰᠡᠨ ᠴᠠᠭ᠄
2024/9/14

    9 ᠰᠠᠷ᠎ᠠ ᠶᠢᠨ 5 ᠤ ᠡᠳᠦᠷ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ ᠬᠢᠬᠦ ᠴᠢᠳᠠᠪᠤᠷᠢ ᠶᠢ

ᠰᠢᠨ᠎ᠡ ᠪᠠᠷ ᠨᠡᠮᠡᠭᠰᠡᠨ ᠲᠤᠬᠠᠢ ᠠᠯᠪᠠᠨ ᠵᠠᠷ ᠨᠡᠶᠢᠲᠡᠯᠡᠵᠦ ᠬᠡᠯᠡᠬᠦ ᠳᠡᠭᠡᠨ᠄ ᠬᠡᠷᠡᠭᠯᠡᠭᠴᠢᠳ ᠤᠨ ᠪᠠᠷᠠᠭ᠎ᠠ ᠬᠤᠳᠠᠯᠳᠤᠨ

ᠠᠪᠬᠤ ᠣᠶᠢᠯᠠᠭᠠᠯᠲᠠ ᠶᠢ ᠳᠡᠭᠡᠭᠰᠢᠯᠡᠭᠦᠯᠬᠦ ᠶᠢᠨ ᠲᠥᠯᠥᠭᠡ᠂ ᠲᠤᠤ ᠪᠦᠦ ᠰᠦᠯᠵᠢᠶ᠎ᠡ ᠨᠢ ᠸᠢᠴᠠᠲ ᠢᠶᠠᠷ ᠲᠣᠭᠠᠴᠠᠭ᠎ᠠ

ᠬᠢᠬᠦ ᠴᠢᠳᠠᠪᠤᠷᠢ ᠶᠢ ᠰᠢᠨ᠎ᠡ ᠪᠠᠷ ᠨᠡᠮᠡᠬᠦ ᠶᠢᠨ ᠬᠠᠮᠲᠤ ᠲᠣᠰ ᠠᠯᠪᠠᠨ ᠵᠠᠷ ᠢ ᠨᠡᠶᠢᠲᠡᠯᠡᠭᠰᠡᠨ ᠤ ᠲᠤᠯᠤᠭᠠᠨ ᠡᠳᠦᠷ ᠤᠨ

ᠳᠠᠷᠠᠭ᠎ᠠ ᠪᠣᠶ ᠪᠦᠬᠦᠢ ᠲᠤᠤ ᠪᠦᠦ ᠰᠦᠯᠵᠢᠶᠡᠨ ᠤ ᠬᠤᠳᠠᠯᠳᠤᠭᠠᠴᠢᠨ ᠳᠤ ᠠᠯᠬᠤᠮ ᠠᠯᠬᠤᠮ ᠢᠶᠠᠷ ᠬᠡᠷᠡᠭᠯᠡᠬᠦ ᠪᠣᠯᠭᠠᠨ᠎ᠠ᠃

    ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠨᠡᠮᠡᠬᠦ ᠳᠤ ᠰᠠᠭᠤᠷᠢᠯᠠᠨ᠂ ᠲᠤᠤ ᠪᠦᠦ ᠰᠦᠯᠵᠢᠶ᠎ᠡ ᠨᠢ ᠲᠠᠪᠴᠠᠩ ᠤᠨ

ᠳᠦᠷᠢᠮ ᠢᠶᠠᠨ ᠵᠣᠬᠢᠴᠠᠩᠭᠤᠢ ᠪᠠᠷ ᠲᠠᠰ ᠳᠡᠪᠰᠢᠭᠦᠯᠦᠨ᠎ᠡ᠂ ᠭᠤᠣᠯ ᠬᠤᠪᠢᠷᠠᠯᠲᠠ ᠭᠡᠪᠡᠯ᠄ ᠲᠣᠭᠠᠴᠠᠭ᠎ᠠ ᠬᠢᠬᠦ

ᠦᠢᠯᠡᠴᠢᠯᠡᠭᠡᠨ ᠤ ᠬᠤᠳᠠᠯᠳᠤᠭᠠᠴᠢᠨ ᠤ ᠬᠠᠮᠢᠶ᠎ᠠ ᠪᠦᠬᠦᠢ ᠨᠡᠷᠡᠶᠢᠳᠦᠯ᠂ ᠲᠠᠩᠰᠠᠨ ᠡᠷᠦᠬᠡ᠂ ᠦᠯᠡᠳᠡᠪᠦᠷᠢ ᠲᠤᠭ᠎ᠠ᠂

ᠠᠷᠠᠯᠵᠢᠶᠠᠨ ᠤ ᠲᠤᠭ᠎ᠠ ᠬᠡᠮᠵᠢᠶ᠎ᠡ ᠵᠡᠷᠭᠡ ᠶᠢ ︽ᠲᠣᠭᠠᠴᠠᠭ᠎ᠠ ᠬᠢᠬᠦ ᠪᠠᠶᠢᠭᠤᠯᠤᠮᠵᠢ︾᠂ ︽ᠲᠣᠭᠠᠴᠠᠭ᠎ᠠ ᠬᠢᠬᠦ ᠲᠠᠩᠰᠠᠨ

ᠡᠷᠦᠬᠡ︾᠂ ︽ᠲᠣᠭᠠᠴᠠᠭ᠎ᠠ ᠬᠢᠬᠦ ᠲᠠᠩᠰᠠᠨ ᠡᠷᠦᠬᠡ ᠶᠢᠨ ᠦᠯᠡᠳᠡᠪᠦᠷᠢ ᠲᠤᠭ᠎ᠠ︾᠂ ︽ᠵᠠᠬᠢᠶᠠᠯᠠᠭ᠎ᠠ ᠶᠢᠨ ᠠᠷᠠᠯᠵᠢᠶᠠᠨ ᠤ

ᠲᠤᠭ᠎ᠠ︾ ᠭᠡᠵᠦ ᠳᠦᠷᠢᠮᠵᠢᠭᠦᠯᠦᠨ ᠨᠢᠭᠡᠳᠬᠡᠵᠦ ᠨᠡᠷᠡᠯᠡᠨ᠎ᠡ᠃ ᠲᠣᠰ ᠤᠳᠠᠭᠠᠨ ᠤ ᠲᠣᠬᠢᠷᠠᠭᠤᠯᠤᠯᠲᠠ ᠶᠢ 2024

ᠣᠨ ᠤ 9 ᠰᠠᠷ᠎ᠠ ᠶᠢᠨ 5 ᠤ ᠡᠳᠦᠷ ᠵᠠᠷᠯᠠᠨ ᠨᠡᠶᠢᠲᠡᠯᠡᠵᠦ᠂ 2024 ᠣᠨ ᠤ 9 ᠰᠠᠷ᠎ᠠ ᠶᠢᠨ 12 ᠤᠨ ᠡᠳᠦᠷ

ᠬᠦᠴᠦᠨ ᠲᠠᠢ ᠪᠣᠯᠣᠨ᠎ᠠ ᠭᠡᠪᠡ᠃

 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号