ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠢᠭᠠᠯᠢ ᠶᠢᠨ ᠨᠤᠲᠤᠭ ᠪᠡᠯᠴᠢᠭᠡᠷ ᠬᠤᠪᠠᠭ᠋ᠠᠶᠢᠷᠠᠭᠰᠠᠨ ᠪᠠᠶᠢᠳᠠᠯ ᠢ | ᠴᠠᠭ ᠲᠤᠬᠠᠢ ᠳᠤᠨᠢ ᠪᠦᠬᠦ ᠲᠠᠯ᠎ᠠ ᠪᠠᠷ ᠲᠤᠰᠬᠠᠬᠤ ᠶᠢᠨ ᠲᠥᠯᠥᠭᠡ᠂ᠣᠶᠢᠷ᠎ᠠ ᠶᠢᠨ ᠬᠤᠭᠤᠴᠠᠭᠠᠨ ᠳᠤ ᠤᠯᠠᠭᠠᠢ | ᠬᠠᠮᠢᠶᠠᠷᠤᠯᠲᠠ ᠶᠢᠨ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠦᠷᠳᠡᠭᠡ ᠬᠠᠮᠢᠶᠠᠷᠤᠯᠲᠠ ᠶᠢᠨ | ᠣᠷᠣᠨ ᠤ 10 ᠡᠩ ᠤᠨ ᠬᠢᠨᠠᠨ ᠬᠡᠮᠵᠢᠯᠲᠡ ᠶᠢᠨ ᠣᠷᠣᠨ ᠳᠤ ᠪᠠᠶᠢᠭᠠᠯᠢᠯᠢᠭ ᠨᠤᠲᠤᠭ ᠪᠡᠯᠴᠢᠭᠡᠷ ᠬᠤᠪᠠᠭ᠋ᠠᠢ | ᠬᠤᠭᠤᠴᠠᠭᠠᠨ ᠳᠠᠬᠢ ᠬᠢᠨᠠᠨ ᠬᠡᠮᠵᠢᠯᠲᠡ ᠶᠢᠨ ᠠᠵᠢᠯ ᠥᠷᠨᠢᠭᠦᠯᠪᠡ᠃ | ᠬᠠᠮᠢᠶᠠᠷᠤᠯᠲᠠ ᠶᠢᠨ ᠣᠷᠣᠨ ᠤ 10 ᠨᠤᠲᠤᠭ ᠪᠡᠯᠴᠢᠭᠡᠷ ᠤᠨ ᠶᠠᠩᠵᠤ ᠪᠦᠬᠦᠢ ᠲᠤᠬᠠᠢ ᠶᠢᠨ ᠭᠠᠵᠠᠷ ᠤᠨ ᠬᠢᠨᠠᠨ | ᠬᠡᠮᠵᠢᠯᠲᠡ ᠪᠠᠷ ᠳᠠᠮᠵᠢᠭᠤᠯᠤᠨ᠂ 9 ᠰᠠᠷ᠎ᠠ ᠶᠢᠨ 12 ᠤ ᠡᠳᠦᠷ ᠬᠠᠮᠢᠶᠠᠷᠤᠯᠲᠠ ᠶᠢᠨ ᠣᠷᠣᠨ ᠤ ᠲᠡᠵᠢᠭᠡᠯ ᠡᠪᠡᠰᠦᠨ ᠤ | ᠳᠤᠮᠳᠠᠴᠢ ᠰᠢᠷᠠᠯᠠᠯ ᠤᠨ ᠨᠣᠷᠮ᠎ᠠ 46.16% ᠪᠣᠯᠵᠤ᠂ ᠭᠤᠣᠯ ᠪᠣᠯᠬᠤ ᠬᠤᠪᠠᠭ᠋ᠠᠢ ᠡᠪᠡᠰᠦ ᠬᠢᠯᠭᠠᠨ᠎ᠠ᠂ ᠬᠢᠶᠠᠭ᠂ | ᠪᠠᠷᠵᠠᠭᠠᠷ ᠡᠪᠡᠰᠦ᠂ ᠭᠠᠵᠠᠷ ᠤᠨ ᠬᠠᠶᠢᠯᠤᠰᠢ᠂ ᠭᠠᠯ ᠨᠣᠣᠯᠣᠭᠤᠷ ᠡᠪᠡᠰᠦ᠂ ᠰᠢᠮᠡᠯᠳᠡᠭ ᠵᠡᠷᠭᠡ ᠪᠣᠯᠣᠨ᠎ᠠ᠃ ᠴᠠᠭ | ᠠᠭᠤᠷ ᠤᠨ ᠮᠠᠲ᠋ᠧᠷᠢᠶᠠᠯ ᠲᠠᠢ ᠤᠶᠠᠯᠳᠤᠭᠤᠯᠤᠨ ᠶᠡᠷᠦᠩᠬᠡᠶᠢᠯᠡᠨ ᠵᠠᠳᠠᠯᠵᠤ ᠦᠵᠡᠪᠡᠯ᠄2024 ᠣᠨ ᠤ ᠲᠡᠵᠢᠭᠡᠯ | ᠡᠪᠡᠰᠦ ᠬᠠᠳᠠᠵᠤ ᠰᠢᠷᠠᠯᠠᠬᠤ ᠬᠤᠭᠤᠴᠠᠭ᠎ᠠ ᠶᠢ 9 ᠰᠠᠷ᠎ᠠ ᠶᠢᠨ 7 ᠤ ᠡᠳᠦᠷ ᠠᠴᠠ 9 ᠰᠠᠷ᠎ᠠ ᠶᠢᠨ 20 ᠤ ᠡᠳᠦᠷ | ᠪᠣᠯᠲᠠᠯ᠎ᠠ᠂ ᠳᠡᠭᠡᠷ᠎ᠡ ᠵᠢᠯ ᠤᠨ ᠬᠢ ᠠᠴᠠ 5 - 18 ᠡᠳᠦᠷ ᠤᠷᠢᠳᠴᠢᠯᠠᠭᠤᠯᠪᠠ᠃ | ᠡᠨᠡ ᠵᠢᠯ ᠬᠠᠮᠢᠶᠠᠷᠤᠯᠲᠠ ᠶᠢᠨ ᠣᠷᠣᠨ ᠤ ᠪᠠᠶᠢᠭᠠᠯᠢᠯᠢᠭ ᠡᠪᠡᠰᠦ ᠨᠣᠭᠤᠭᠠᠷᠠᠬᠤ ᠬᠤᠭᠤᠴᠠᠭᠠᠨ ᠳᠤ ᠢᠯᠴᠢ ᠶᠢᠨ | ᠬᠡᠮᠵᠢᠶ᠎ᠡ ᠭᠦᠢᠴᠡᠳ᠂ ᠡᠪᠡᠰᠦ ᠪᠡᠯᠴᠢᠭᠡᠷ ᠨᠣᠭᠤᠭᠠᠷᠠᠬᠤ ᠬᠤᠭᠤᠴᠠᠭ᠎ᠠ ᠨᠢᠳᠤᠨᠤᠨ ᠤ ᠬᠢ ᠠᠴᠠ ᠤᠷᠢᠳᠴᠢᠯᠠᠪᠠ᠃ | ᠭᠡᠪᠡᠴᠦ ᠥᠰᠦᠯᠲᠡ ᠪᠤᠶᠢᠵᠢᠯᠲᠠ ᠶᠢᠨ ᠬᠤᠭᠤᠴᠠᠭᠠᠨ ᠳᠤ ᠬᠤᠷ᠎ᠠ ᠲᠤᠨᠳᠠᠰᠤᠨ ᠤ ᠬᠡᠮᠵᠢᠶ᠎ᠡ ᠨᠢ ᠡᠩ ᠤᠨ ᠵᠢᠯ ᠤᠨ | ᠠᠳᠠᠯᠢ ᠬᠤᠭᠤᠴᠠᠭᠠᠨ ᠤ ᠬᠢ ᠠᠴᠠ ᠪᠠᠭ᠎ᠠ ᠰᠢᠭ᠋ ᠪᠠᠶᠢᠵᠤ᠂ ᠳᠤᠯᠠᠭᠠᠨ ᠤ ᠬᠡᠮᠵᠢᠶ᠎ᠡ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ ᠪᠠᠨ ᠳᠣᠣᠷ᠎ᠠ ᠪᠠᠶᠢᠵᠤ᠂ ᠲᠡᠵᠢᠭᠡᠯ ᠡᠪᠡᠰᠦᠨ ᠤ ᠤᠷᠭᠤᠯᠲᠠ ᠨᠢ ᠬᠤᠷᠢᠭᠯᠠᠭᠳᠠᠨ᠂ 6᠂ 7᠂ | 8 ᠰᠠᠷ᠎ᠠ ᠶᠢᠨ ᠤᠷᠭᠤᠯᠲᠠ ᠶᠢᠨ ᠬᠤᠭᠤᠴᠠᠭᠠᠨ ᠤ ᠳᠤᠮᠳᠠᠴᠢ ᠠᠭᠠᠷ ᠤᠨ ᠳᠤᠯᠠᠭᠠᠨ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠠᠴᠠ ᠪᠠᠨ ᠥᠨᠳᠥᠷ ᠪᠠᠶᠢᠵᠤ᠂ ᠬᠤᠷ᠎ᠠ ᠲᠤᠨᠳᠠᠰᠤᠨ ᠤ ᠬᠡᠮᠵᠢᠶ᠎ᠡ ᠨᠢ ᠡᠩ ᠤᠨ ᠵᠢᠯ ᠤᠨ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ ᠬᠠᠷᠢᠴᠠᠩᠭᠤᠢ ᠥᠨᠳᠥᠷ ᠪᠠᠶᠢᠵᠤ᠂ ᠬᠤᠷ᠎ᠠ ᠲᠤᠨᠳᠠᠰᠤᠨ ᠤ ᠬᠡᠮᠵᠢᠶ᠎ᠡ ᠨᠢ | ᠨᠡᠯᠢᠶᠡᠳ ᠰᠠᠶᠢᠨ ᠪᠠᠶᠢᠳᠠᠭ᠃ ᠪᠦᠬᠦᠯᠢ ᠴᠣᠭᠴᠠ ᠪᠠᠷ ᠨᠢ ᠠᠪᠴᠤ ᠦᠵᠡᠪᠡᠯ᠂ 2024 ᠣᠨ ᠤ ᠤᠯᠠᠭᠠᠢ | ᠬᠠᠮᠢᠶᠠᠷᠤᠯᠲᠠ ᠶᠢᠨ ᠣᠷᠣᠨ ᠤ ᠪᠠᠶᠢᠭᠠᠯᠢ ᠶᠢᠨ ᠲᠡᠵᠢᠭᠡᠯ ᠡᠪᠡᠰᠦ ᠬᠡᠳᠦᠶᠢᠪᠡᠷ ᠤᠷᠭᠤᠯᠲᠠ ᠶᠢᠨ ᠬᠤᠭᠤᠴᠠᠭ᠎ᠠ ᠨᠢ | ᠨᠢᠳᠤᠨᠤᠨ ᠠᠴᠠ ᠡᠷᠲᠡ ᠪᠣᠯᠪᠠᠴᠤ᠂ ᠪᠦᠬᠦ᠋ᠢᠯᠡ ᠦᠷᠡᠵᠢᠯ ᠤᠨ ᠬᠤᠭᠤᠴᠠᠭᠠᠨ ᠳᠤ ᠨᠢᠳᠤᠨᠤᠨ ᠤ ᠬᠢ ᠠᠴᠠ ᠡᠳᠦᠢ | ᠲᠡᠳᠦᠢ ᠤᠷᠢᠳᠴᠢᠯᠠᠵᠠᠢ᠃ |