ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠠᠨᠬᠤᠰᠢᠭᠤ ᠪᠠᠯᠭᠠᠰᠤᠨ ᠤ ᠤᠰᠤ ᠲᠠᠲᠠᠷᠠᠭᠤᠯᠵᠤ ᠤᠰᠤᠲᠤᠯ ᠢ ᠰᠡᠷᠭᠡᠶᠢᠯᠡᠬᠦ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠮᠡᠳᠡᠭᠡ ᠵᠠᠩᠭᠢ ᠶᠢᠨ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2024/9/18

       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ

ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ

ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ

︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ

ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠳᠦᠷᠢᠮ ︵ᠲᠤᠷᠰᠢᠨ

︵ᠳᠣᠲᠣᠭᠠᠳᠤ ᠳᠠᠭᠠᠨ ᠲᠣᠭᠲᠠᠭᠤᠨ ᠲᠠᠷᠬᠠᠭᠠᠬᠤ︶ ︵2016︶ 1 ᠳ᠋ᠦ᠋ᠭᠡᠷ ᠲᠣᠭᠠᠲᠤ ᠱᠠᠭᠠᠷᠳᠠᠯᠭ᠎ᠠ ᠶᠣᠰᠣᠭᠠᠷ᠂

ᠡᠳᠦᠭᠡ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠵᠠᠳᠠᠯᠤᠯᠲᠠ ᠶᠢᠨ ᠬᠤᠯᠪᠣᠭᠳᠠᠯ

ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄

     ᠨᠢᠭᠡ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ  ᠤᠨ ᠨᠡᠷᠡᠶᠢᠳᠦᠯ᠄ ᠤᠯᠠᠭᠠᠢ ᠬᠠᠮᠢᠶᠠᠷᠤᠯᠲᠠ ᠶᠢᠨ

ᠣᠷᠣᠨ ᠤ ᠪᠠᠶᠠᠨ ᠬᠤᠱᠢᠭᠤ ᠪᠠᠯᠭᠠᠰᠤᠨ ᠤ ᠤᠰᠤ ᠵᠠᠯᠠᠵᠤ ᠦᠶᠡᠷ ᠯᠡᠬᠦ ᠶᠢ ᠰᠡᠷᠭᠡᠶᠢᠯᠡᠬᠦ ᠨᠢᠭᠡᠳᠦᠭᠡᠷ ᠬᠤᠭᠤᠴᠠᠭᠠᠨ ᠤ

ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠃

     ᠬᠤᠶᠠᠷ᠂ ᠪᠦᠲᠦᠭᠡᠨ ᠪᠠᠶᠢᠭᠤᠯᠬᠤ ᠭᠠᠵᠠᠷ᠄ ᠲᠦᠷᠦᠯ ᠵᠦᠢᠯ ᠤᠯᠠᠭᠠᠢ ᠬᠠᠮᠢᠶᠠᠷᠤᠯᠲᠠ ᠶᠢᠨ ᠣᠷᠣᠨ ᠤ

ᠪᠠᠶᠠᠨᠬᠤᠰᠢᠭᠤ ᠪᠠᠯᠭᠠᠰᠤᠨ ᠳᠤ ᠪᠤᠢ᠃

     ᠭᠤᠷᠪᠠ᠂ ᠲᠥᠷᠥᠯ ᠵᠦᠢᠯ ᠤᠨ ᠲᠣᠶᠢᠮᠣ ᠪᠠᠶᠢᠳᠠᠯ᠄ ᠳᠠᠯᠠᠩ ᠢ ᠪᠠᠬᠢᠯᠡᠬᠦ᠂ ᠰᠢᠯᠵᠢᠭᠦᠯᠦᠨ ᠬᠠᠳᠠᠭᠠᠯᠠᠬᠤ᠂

ᠤᠰᠤᠲᠤᠯ ᠢ ᠵᠠᠯᠠᠬᠤ ᠬᠠᠭᠠᠯᠲᠠ᠂ ᠦᠶᠡᠷ ᠵᠠᠯᠠᠬᠤ ᠣᠷᠣᠨ ᠳᠤ ᠵᠡᠭᠦᠨ ᠲᠠᠯ᠎ᠠ ᠶᠢᠨ ᠦᠶᠡᠷ ᠢ ᠵᠠᠯᠠᠬᠤ ᠭᠤᠤ ᠶᠢ 2.

3km ᠥᠭᠡᠷᠡᠴᠢᠯᠡᠵᠦ᠂ ᠪᠠᠷᠠᠭᠤᠨ ᠲᠠᠯ᠎ᠠ ᠳᠤ ᠨᠢ 3km ᠦᠶᠡᠷ ᠢ ᠵᠠᠯᠠᠬᠤ ᠭᠤᠤ ᠶᠢ ᠰᠢᠨ᠎ᠡ ᠪᠠᠷ ᠪᠠᠶᠢᠭᠤᠯᠵᠤ᠂

ᠵᠡᠭᠦᠨ ᠲᠠᠯ᠎ᠠ ᠳᠤ ᠨᠢ 7km ᠦᠶᠡᠷ ᠠᠴᠠ ᠰᠡᠷᠭᠡᠶᠢᠯᠡᠬᠦ ᠭᠤᠤ ᠶᠢ ᠰᠢᠨ᠎ᠡ ᠪᠠᠷ ᠪᠠᠶᠢᠭᠤᠯᠤᠨ᠎ᠠ᠃

     ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠵᠣᠭᠤᠰ᠄ 9893.66

ᠲᠦᠮᠡᠨ ᠲᠥᠭᠦᠷᠢᠭ᠂ ᠲᠤᠰ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ ᠨᠢ ᠳᠡᠭᠡᠳᠦ ᠱᠠᠲᠤᠨ ᠤ ᠪᠡᠯᠡ

ᠮᠥᠩᠭᠦ ᠵᠢᠴᠢ ᠣᠷᠣᠨ ᠨᠤᠲᠤᠭ ᠤᠨ ᠢᠵᠢ ᠪᠦᠷᠢᠳᠦᠭᠦᠯᠬᠦ ᠪᠡᠯᠡ ᠮᠥᠩᠭᠦ ᠪᠣᠯᠣᠨ᠎ᠠ᠃

     ᠪᠦᠲᠦᠭᠡᠨ ᠪᠠᠶᠢᠭᠤᠯᠬᠤ ᠴᠠᠭ ᠬᠤᠭᠤᠴᠠᠭ᠎ᠠ᠄  2024 ᠣᠨ ᠤ 8 ᠰᠠᠷ᠎ᠠ ᠠᠴᠠ 2025 ᠣᠨ ᠤ 12

ᠰᠠᠷ᠎ᠠ ᠪᠣᠯᠲᠠᠯ᠎ᠠ᠃

     ᠳᠥᠷᠪᠡ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠪᠠᠶᠢᠴᠠᠭᠠᠬᠤ ᠭᠤᠣᠯ ᠠᠷᠭ᠎ᠠ

ᠮᠠᠶ᠋ᠢᠭ

     1. ᠵᠠᠷᠯᠠᠨ ᠨᠡᠶᠢᠲᠡᠯᠡᠵᠦ᠂ ᠨᠡᠶᠢᠭᠡᠮ ᠪᠠ ᠢᠨᠵᠧᠨᠧᠷᠢᠩ ᠢ ᠬᠡᠷᠡᠭᠵᠢᠭᠦᠯᠬᠦ ᠣᠷᠣᠨ ᠪᠦᠰᠡ ᠳᠤ ᠵᠠᠷᠯᠠᠨ

ᠨᠡᠶᠢᠲᠡᠯᠡᠵᠦ᠂ ᠵᠠᠷᠯᠠᠨ ᠨᠡᠶᠢᠲᠡᠯᠡᠨ᠎ᠡ᠃

     2. ᠣᠯᠠᠨ ᠲᠦᠮᠡᠨ ᠢ ᠰᠤᠷᠪᠤᠯᠵᠢᠯᠠᠵᠤ᠂ ᠠᠰᠠᠭᠤᠯᠲᠠ ᠶᠢᠨ ᠬᠠᠭᠤᠳᠠᠰᠤ ᠶᠢᠨ ᠪᠠᠶᠢᠴᠠᠭᠠᠯᠲᠠ ᠶᠢᠨ

ᠬᠦᠰᠦᠨᠦᠭᠲᠦ ᠶᠢ ᠲᠠᠭᠯᠠᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠣᠷᠣᠨ ᠪᠦᠰᠡ ᠶᠢ ᠭᠦᠨᠵᠡᠭᠡᠢ

ᠣᠶᠢᠯᠠᠭᠠᠬᠤ᠂ ᠣᠯᠠᠨ ᠲᠦᠮᠡᠨ ᠢ ᠰᠤᠷᠪᠤᠯᠵᠢᠯᠠᠬᠤ᠂ ᠠᠰᠠᠭᠤᠯᠲᠠ ᠶᠢᠨ ᠬᠠᠭᠤᠳᠠᠰᠤ ᠲᠠᠷᠬᠠᠭᠠᠵᠤ ᠪᠠᠶᠢᠴᠠᠭᠠᠬᠤ᠂

ᠬᠠᠯᠠᠮᠰᠢᠯ ᠤᠲᠠᠰᠤ ᠪᠠ ᠡᠯᠧᠺᠲᠷᠣᠨ ᠵᠠᠬᠢᠳᠠᠯ ᠤᠨ ᠬᠠᠶᠢᠷᠴᠠᠭ ᠢ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠥᠷᠭᠡᠨ ᠢᠶᠠᠷ

ᠰᠠᠨᠠᠯ ᠬᠤᠷᠢᠶᠠᠪᠠ᠃

     3. ᠲᠤᠰ ᠪᠠᠷᠢᠯᠭ᠎ᠠ ᠶᠢᠨ ᠲᠥᠷᠥᠯ ᠵᠦᠢᠯ ᠯᠦᠭᠡ ᠰᠢᠭᠤᠳ ᠠᠰᠢᠭ ᠲᠤᠰᠠ ᠶᠢᠨ ᠬᠠᠷᠢᠴᠠᠭ᠎ᠠ ᠲᠠᠢ ᠣᠯᠠᠨ

ᠲᠦᠮᠡᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠬᠡᠷᠡᠭᠲᠡᠢ᠃

      ᠲᠠᠪᠤ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠭᠤᠣᠯ ᠵᠦᠢᠯᠡᠰ

     1. ᠲᠣᠰ ᠢᠨᠵᠧᠨᠧᠷᠢᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠲᠤᠬᠠᠢ ᠶᠢᠨ ᠭᠠᠵᠠᠷ ᠤᠨ

ᠨᠡᠶᠢᠭᠡᠮ ᠤᠨ ᠲᠣᠭᠲᠠᠭᠤᠨ ᠪᠠᠶᠢᠳᠠᠯ ᠢ ᠨᠥᠯᠥᠭᠡᠯᠡᠬᠦ ᠭᠤᠣᠯ ᠠᠶᠤᠯ ᠲᠦᠭᠰᠢᠭᠦᠷᠢ︔

     2. ᠲᠤᠰ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠭᠠᠵᠠᠷ ᠤᠨ

ᠠᠵᠤ ᠠᠬᠤᠢ ᠶᠢᠨ ᠬᠥᠭᠵᠢᠯᠲᠡ ᠳᠤ ᠦᠵᠡᠭᠦᠯᠬᠦ ᠦᠢᠯᠡᠳᠦᠯ;

     3. ᠲᠣᠰ ᠢᠨᠵᠧᠨᠧᠷᠢᠩ ᠤᠨ ᠲᠥᠷᠥᠯ ᠵᠦᠢᠯ ᠨᠢ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ

ᠡᠰᠡᠬᠦ᠂ ᠬᠦᠰᠡᠯ ᠱᠠᠭᠠᠷᠳᠠᠯᠭ᠎ᠠ ᠲᠠᠢ ᠡᠰᠡᠬᠦ᠃

     4. ᠲᠤᠰ ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠶᠠᠮᠠᠷ ᠣᠪᠣᠷ ᠪᠠᠶᠢᠬᠤ ᠪᠣᠢ︖

     5. ᠪᠠᠷᠢᠯᠭ᠎ᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠠᠨᠠᠯ ᠪᠠ ᠰᠠᠨᠠᠭᠤᠯᠭ᠎ᠠ᠃

     ᠵᠢᠷᠭᠤᠭ᠎ᠠ᠂ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ

     ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ 7  ᠡᠳᠦᠷ  ᠤᠨ ᠳᠣᠲᠣᠷ᠎ᠠ᠂ ᠶᠠᠮᠠᠷᠪᠠ ᠨᠢᠭᠡᠴᠡ

ᠪᠠ ᠬᠤᠪᠢ ᠬᠥᠮᠥᠨ ᠰᠠᠨᠠᠯ ᠪᠤᠶᠤ ᠰᠠᠨᠠᠭᠤᠯᠭ᠎ᠠ ᠲᠠᠢ ᠪᠣᠯ ᠰᠢᠭᠤᠳ ᠤᠯᠠᠭᠠᠢ ᠬᠠᠮᠢᠶᠠᠷᠤᠯᠲᠠ ᠶᠢᠨ ᠣᠷᠣᠨ ᠤ ᠣᠷᠣᠨ

ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠤᠶᠤ ᠲᠣᠭᠲᠠᠭᠤᠨ ᠢ

ᠬᠠᠮᠠᠭᠠᠯᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠠᠷᠢᠭᠤ ᠲᠤᠰᠬᠠᠨ᠎ᠠ᠃

     ᠳᠣᠯᠤᠭ᠎ᠠ᠂ ᠬᠠᠷᠢᠯᠴᠠᠬᠤ ᠬᠥᠮᠥᠨ ᠵᠢᠴᠢ ᠢᠯᠡ ᠨᠡᠶᠢᠲᠡᠯᠡᠬᠦ ᠴᠠᠭ

    ᠬᠠᠷᠢᠯᠴᠠᠬᠤ ᠬᠥᠮᠥᠨ᠄ ᠰᠣᠪᠢᠶᠠᠳ 13604793963

    ᠵᠠᠷᠯᠠᠨ ᠨᠡᠶᠢᠲᠡᠯᠡᠬᠦ ᠴᠠᠭ᠄ 2024 ᠣᠨ ᠤ 9 ᠰᠠᠷ᠎ᠠ ᠶᠢᠨ 14 ᠤ ᠡᠳᠦᠷ - 2024 ᠣᠨ ᠤ 9

ᠰᠠᠷ᠎ᠠ ᠶᠢᠨ 20 ᠤ ᠡᠳᠦᠷ

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号