ᠲᠣᠪᠴᠢ ᠮᠡᠳᠡᠭᠡ
ᠨᠡᠶᠢᠲᠡᠯᠡᠭᠰᠡᠨ ᠴᠠᠭ᠄
2024/9/19

    9 ᠳ᠋ᠦ᠋ᠭᠡᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠵᠡᠭᠦᠨ ᠬᠡᠰᠡᠭ ᠤᠨ ᠰᠢᠨ᠎ᠡ ᠡᠨᠧᠷᠭᠢ ᠶᠢᠨ

ᠺᠣᠮᠫᠠᠨᠢ ᠶᠢᠨ 30 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠳᠠᠯᠠᠢ ᠨᠠᠭᠤᠷ ᠲᠠᠬᠢ

ᠠᠮᠢᠳᠤᠯᠢᠭ ᠥᠭᠡᠷᠡᠴᠢᠯᠡᠯᠲᠡ ᠬᠢᠭᠰᠡᠨ ᠲᠥᠷᠥᠯ ᠵᠦᠢᠯ ᠤᠨ ᠪᠥᠬᠦ ᠰᠠᠯᠬᠢᠨ ᠬᠦᠴᠦᠨ ᠤ ᠮᠠᠰᠢᠨ ᠢ

ᠠᠮᠵᠢᠯᠲᠠ ᠲᠠᠢ ᠪᠠᠷ ᠲᠣᠣᠷ ᠲᠤ ᠣᠷᠣᠭᠤᠯᠤᠭᠠᠳ ᠴᠠᠬᠢᠯᠭᠠᠨ ᠭᠠᠷᠭᠠᠬᠤ ᠪᠣᠯᠭᠠᠪᠠ᠃ ᠲᠥᠷᠥᠯ ᠵᠦᠢᠯ ᠢ ᠪᠥᠬᠦ

ᠪᠠᠭᠲᠠᠭᠠᠮᠵᠢ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠤᠨ ᠴᠠᠬᠢᠯᠭᠠᠨ ᠭᠠᠷᠭᠠᠬᠤ

ᠬᠡᠮᠵᠢᠶ᠎ᠡ   ᠨᠢ 8.49 ᠳ᠋ᠦᠩᠰᠢᠭᠤᠷ ᠺᠢᠯᠣᠸᠠᠲ ᠴᠠᠭ ᠲᠤ ᠬᠦᠷᠬᠦ ᠪᠣᠯᠣᠨ᠎ᠠ᠃ ︵ᠬᠥᠯᠥᠨ ᠪᠤᠶᠢᠷ ᠬᠤᠲᠠ ᠶᠢᠨ

ᠵᠠᠰᠠᠭ ᠤᠨ ᠣᠷᠳᠣᠨ︶

    9 ᠳ᠋ᠦ᠋ᠭᠡᠷ ᠰᠠᠷ᠎ᠠ ᠶᠢᠨ 14 ᠤ ᠡᠳᠦᠷ᠂ ᠲᠦᠩᠯᠢᠶᠣᠣ ᠶᠢᠨ ᠭᠠᠶᠢᠯᠢ ᠦᠭᠡᠢ ᠪᠠᠷᠠᠭᠠᠨ ᠤ ᠭᠦᠢᠯᠭᠡᠭᠡᠨ ᠤ ᠲᠥᠪ

︵B ᠬᠡᠯᠪᠡᠷᠢ︶   ᠨᠢ ᠮᠠᠨᠵᠤᠤᠷ ᠪᠣᠭᠤᠮᠲᠠ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠳᠠᠬᠢ ᠬᠢᠨᠠᠯᠲᠠ

ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ

ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠶᠢᠨ ᠬᠠᠮᠲᠤᠷᠠᠭᠰᠠᠨ

ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ︵ᠲᠦᠩᠯᠢᠶᠣᠣ ᠬᠤᠲᠠ ᠶᠢᠨ ᠵᠠᠰᠠᠭ ᠤᠨ ᠣᠷᠳᠣᠨ︶

    9 ᠳ᠋ᠦ᠋ᠭᠡᠷ ᠰᠠᠷ᠎ᠠ ᠶᠢᠨ 13 ᠤ ᠡᠳᠦᠷ᠂ 2.1 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ

ᠣᠷᠣᠭᠤᠯᠤᠭᠰᠠᠨ ︽ᠪᠡᠭᠡᠵᠢᠩ ᠤᠨ ᠱᠦᠨ ᠢ ᠪᠠᠷᠠᠭᠠᠨ ᠤ ᠭᠦᠢᠯᠭᠡᠭᠡᠨ ᠤ ᠳᠠᠮᠵᠢᠭᠤᠯᠬᠤ ᠬᠥᠮᠥᠷᠭᠡ︾ ᠶᠢᠨ

ᠠᠵᠢᠯᠯᠠᠭᠤᠯᠵᠤ ᠡᠵᠡᠩᠨᠡᠬᠦ ᠭᠡᠷ᠎ᠡ ᠲᠣᠭᠲᠠᠨ ᠲᠠᠨᠢᠯᠴᠠᠭᠤᠯᠬᠤ ᠬᠤᠷᠠᠯ ᠪᠡᠭᠡᠵᠢᠩ ᠬᠤᠲᠠ ᠳᠤ ᠶᠠᠪᠤᠭᠳᠠᠵᠤ᠂

ᠪᠡᠭᠡᠵᠢᠩ ᠤᠨ ᠱᠦᠨ ᠴᠠᠩ ᠲᠢᠶᠠᠨ ᠶᠤᠸᠠᠢ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠵᠡᠷᠭᠡ ᠠᠵᠤ

ᠠᠬᠤᠶᠢᠯᠠᠯ   ᠯᠤᠭ᠎ᠠ ᠵᠠᠬᠢᠶᠠᠯᠠᠭ᠎ᠠ ᠪᠠᠷ ᠬᠤᠳᠠᠯᠳᠤᠨ ᠠᠪᠬᠤ ᠪᠦᠳᠦᠭᠦᠪᠴᠢ ᠵᠥᠪᠯᠡᠯᠴᠡᠭᠡᠷ ᠲᠣᠭᠲᠠᠵᠤ᠂ ᠬᠤᠳᠠᠯᠳᠤᠨ

ᠠᠪᠬᠤ ᠰᠠᠨᠠᠮᠵᠢ ᠶᠢᠨ ᠮᠥᠩᠭᠦ ᠨᠢ 2.1 ᠳ᠋ᠦᠩᠰᠢᠭᠤᠷ ᠲᠥᠭᠦᠷᠢᠭ ᠲᠤ ᠬᠦᠷᠴᠡᠢ᠃ ︵ᠤᠯᠠᠭᠠᠨᠬᠠᠳᠠ ᠬᠤᠲᠠ ᠶᠢᠨ

ᠵᠠᠰᠠᠭ ᠤᠨ ᠣᠷᠳᠣᠨ︶

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号