ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠲᠤ ᠬᠦᠷᠴᠦ ᠰᠢᠨᠵᠢᠯᠡᠨ ᠪᠠᠶᠢᠴᠠᠭᠠᠵᠤ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/9/2

    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ

ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ

 ᠬᠢᠨ ᠤ ᠬᠤᠯᠪᠣᠭ᠎ᠠ ᠶᠢᠨ ᠬᠠᠮᠲᠤᠷᠠᠨ ᠨᠡᠶᠢᠲᠡᠯᠡᠭᠰᠡᠨ ︽2024 ᠣᠨ ᠤ ᠤᠯᠠᠭᠠᠨᠮᠥ᠋ᠴᠢᠷ ᠤᠨ ︽ᠰᠤᠷᠤᠯᠴᠠᠬᠤ ·

ᠡᠭᠦᠳᠬᠦ · ᠲᠣᠭᠯᠠᠬᠤ︾ ᠠᠵᠢᠯ ᠤᠨ ᠲᠥᠰᠥᠯ︾ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ  

ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠡᠭᠦᠷᠭᠡ ᠬᠠᠷᠢᠭᠤᠴᠠᠯᠭ᠎ᠠ ᠶᠢ ᠪᠥᠬᠦ ᠲᠠᠯ᠎ᠠ ᠪᠠᠷ

ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 8 ᠳ᠋ᠤᠭᠠᠷ

ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠤᠯᠠᠭᠠᠢ ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ

ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠲᠤ ᠬᠦᠷᠴᠦ ᠭᠠᠳᠠᠭᠠᠳᠤ ᠰᠣᠯᠢᠯᠴᠠᠭ᠎ᠠ ᠰᠢᠨᠵᠢᠯᠡᠨ ᠪᠠᠶᠢᠴᠠᠭᠠᠵᠤ

ᠰᠤᠷᠤᠯᠴᠠᠬᠤ ᠠᠵᠢᠯᠯᠠᠭ᠎ᠠ ᠥᠷᠨᠢᠭᠦᠯᠪᠡ᠃

    ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠬᠤᠷᠴᠠ ᠠᠩᠭᠢ ᠶᠢᠨ ᠳᠠᠷᠤᠭ᠎ᠠ ᠤᠯᠠᠭᠠᠢ

ᠬᠠᠮᠢᠶᠠᠷᠤᠯᠲᠠ ᠶᠢᠨ ᠣᠷᠣᠨ ᠤ ᠤᠯᠠᠭᠠᠨᠮᠥ᠋ᠴᠢᠷ ᠤᠨ ᠳᠠᠷᠤᠭ᠎ᠠ ᠵᠢᠴᠢ ᠭᠤᠣᠯᠯᠠᠭᠴᠢ ᠪᠠᠭᠠᠲᠤᠷᠴᠤᠳ ᠢᠶᠠᠷ

ᠪᠦᠷᠢᠯᠳᠦᠭᠰᠡᠨ ᠰᠢᠨᠵᠢᠯᠡᠨ ᠪᠠᠶᠢᠴᠠᠭᠠᠬᠤ ᠪᠦᠯᠬᠦᠮ ᠤᠷᠢᠳ ᠬᠤᠵᠢᠳ ᠤᠯᠠᠭᠠᠨᠮᠦᠴᠢᠷ ᠤᠨ ᠠᠮᠵᠢᠯᠲᠠ᠂ ᠪᠣᠳᠠᠲᠤ

ᠪᠣᠳᠠᠰ ᠤᠨ ᠦᠵᠡᠭᠦᠯᠦᠯᠭᠡ ᠶᠢᠨ ᠲᠢᠩᠬᠢᠮ᠂ᠳᠠᠭᠤ ᠰᠢᠩᠭᠡᠭᠡᠬᠦ ᠲᠠᠰᠤᠭ᠂ ᠬᠤᠪᠴᠠᠰᠤᠨ ᠤ ᠲᠠᠰᠤᠭ᠂ ᠲᠠᠩᠰᠠ

ᠡᠪᠬᠡᠮᠡᠯ ᠤᠨ ᠲᠠᠰᠤᠭ ᠵᠡᠷᠭᠡ ᠭᠠᠵᠠᠷ ᠢᠶᠠᠷ ᠲᠣᠭᠤᠷᠢᠨ ᠦᠵᠡᠭᠰᠡᠨ ᠪᠥᠭᠡᠳ ᠰᠢᠨᠵᠢᠯᠡᠨ ᠪᠠᠶᠢᠴᠠᠭᠠᠬᠤ ᠪᠦᠯᠬᠦᠮ ᠳᠤ

ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ ᠮᠡᠨᠳᠦᠯᠡᠭᠰᠡᠨ ᠪᠠᠶᠢᠳᠠᠯ᠂ ᠥᠭᠡᠷᠡᠴᠢᠯᠡᠯᠲᠡ ᠵᠢᠴᠢ ᠣᠶᠢᠷ᠎ᠠ ᠶᠢᠨ

ᠵᠢᠯ ᠤᠨ ᠲᠤᠷᠰᠢᠬᠢ ᠬᠥᠭᠵᠢᠯᠲᠡ ᠶᠢᠨ ᠠᠮᠵᠢᠯᠲᠠ᠂ ᠤᠷᠠᠯᠢᠭ ᠤᠨ ᠵᠣᠬᠢᠶᠠᠨ ᠪᠦᠲᠦᠭᠡᠯᠭᠡ᠂ ᠢᠷᠠᠭᠤ ᠠᠯᠳᠠᠷ᠂

ᠬᠥᠭᠵᠢᠯᠲᠡ ᠶᠢᠨ ᠰᠡᠳᠬᠢᠮᠵᠢ ᠵᠡᠷᠭᠡ ᠪᠠᠶᠢᠳᠠᠯ ᠢ ᠨᠠᠷᠢᠨ ᠲᠠᠶᠢᠯᠪᠤᠷᠢᠯᠠᠪᠠ᠃

    ᠬᠤᠶᠠᠷ ᠲᠠᠯ᠎ᠠ ᠪᠠᠷ ᠢᠶᠠᠨ ᠬᠤᠷᠠᠯ ᠤᠨ ᠭᠡᠷ ᠲᠤ ᠤᠯᠠᠭᠠᠨᠮᠥ᠋ᠴᠢᠷ ᠤᠨ ᠬᠥᠭᠵᠢᠯᠲᠡ᠂ ᠤᠷᠠᠯᠢᠭ ᠤᠨ ᠵᠣᠬᠢᠶᠠᠨ

ᠪᠦᠲᠦᠭᠡᠯᠭᠡ᠂ ᠡᠩᠨᠡᠭᠡᠨ ᠤ ᠪᠠᠶᠢᠭᠤᠯᠤᠯᠲᠠ ᠵᠡᠷᠭᠡ ᠰᠠᠶᠢᠨ ᠲᠤᠷᠰᠢᠯᠭ᠎ᠠ ᠠᠷᠭ᠎ᠠ ᠬᠢᠳᠡᠯ ᠤᠨ ᠲᠤᠬᠠᠢ ᠬᠤᠪᠢᠶᠠᠯᠴᠠᠨ

ᠰᠣᠯᠢᠯᠴᠠᠪᠠ᠃ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠠᠴᠠ ᠤᠯᠠᠭᠠᠢ ᠤᠯᠠᠭᠠᠨᠮᠥ᠋ᠴᠢᠷ ᠤᠨ ᠰᠢᠨᠵᠢᠯᠡᠨ

ᠪᠠᠶᠢᠴᠠᠭᠠᠬᠤ ᠪᠦᠯᠬᠦᠮ ᠳᠤ ᠬᠤᠪᠣᠷ ᠨᠠᠨᠳᠢᠨ ᠠᠯᠠᠱᠠ ᠵᠡᠭᠦᠨ ᠬᠤᠰᠢᠭᠤᠨ ᠤ ᠤᠯᠠᠭᠠᠨᠮᠥ᠋ᠴᠢᠷ ᠤᠨ 60 ᠵᠢᠯ ᠤᠨ

ᠣᠶ ᠶᠢᠨ ᠳᠤᠷᠠᠰᠬᠠᠯ ᠤᠨ ᠳᠡᠪᠲᠡᠷ ᠬᠦᠷᠭᠡᠪᠡ᠃ ᠡᠴᠦᠰ ᠲᠤ᠂ ᠪᠣᠯᠪᠠᠰᠤᠷᠠᠯ ᠤᠨ ᠲᠢᠩᠬᠢᠮ ᠳᠤ ᠠᠯᠠᠱᠠ ᠵᠡᠭᠦᠨ

ᠬᠤᠰᠢᠭᠤᠨ ᠤ ᠤᠯᠠᠭᠠᠨᠮᠥ᠋ᠴᠢᠷ ᠤᠨ ᠨᠠᠷᠢᠨ ᠨᠢᠮᠪᠠᠢ ᠪᠡᠯᠡᠳᠬᠡᠭᠰᠡᠨ ᠤᠷᠠᠨ ᠰᠠᠶᠢᠬᠠᠨ ᠤ ᠲᠣᠭᠯᠠᠯᠲᠠ ᠶᠢ ᠰᠣᠨᠢᠷᠬᠠᠵᠤ᠂

ᠰᠢᠨᠵᠢᠯᠡᠨ ᠪᠠᠶᠢᠴᠠᠭᠠᠬᠤ ᠪᠦᠯᠬᠦᠮ ᠤᠨ ᠪᠦᠷᠢᠯᠳᠦᠭᠦᠨ ᠢ ᠶᠡᠬᠡᠳᠡ ᠳᠣᠭᠳᠣᠯᠤᠭᠤᠯᠵᠤ᠂ ᠠᠬ᠎ᠠ ᠳᠡᠭᠦᠦ

ᠤᠯᠠᠭᠠᠨᠮᠥ᠋ᠴᠢᠷ ᠤᠨ ᠣᠷᠭᠢᠯᠤᠮ᠎ᠠ ᠬᠠᠯᠠᠭᠤᠨ ᠰᠡᠳᠬᠢᠯᠭᠡ ᠶᠢ ᠭᠦᠢᠴᠡᠳ ᠣᠶᠢᠯᠠᠭᠠᠪᠠ᠃

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号