ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠨᠠᠮ ᠤᠨ ᠰᠤᠷᠭᠠᠭᠤᠯᠢ 2024 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠡᠭᠡᠯᠵᠢᠯᠡᠨ ᠪᠣᠯᠪᠠᠰᠤᠷᠠᠭᠤᠯᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/9/2

    ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ

ᠲᠠᠯ᠎ᠠ ᠪᠠᠷ ᠰᠣᠷᠣᠯᠴᠠᠨ ᠲᠤᠤᠱᠯᠠᠭᠤᠯᠵᠤ᠂ ᠰᠢᠨ᠎ᠡ ᠴᠢᠨᠠᠷ ᠦᠢᠯᠡᠳᠪᠦᠷᠢᠯᠡᠯ ᠤᠨ ᠬᠦᠴᠦᠨ ᠢ ᠲᠦᠷᠭᠡᠨ

ᠬᠥᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠠᠮᠢᠶᠠᠷᠤᠯᠲᠠ ᠶᠢᠨ ᠣᠷᠣᠨ ᠤ

ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠠᠵᠢᠯ ᠤᠨ ᠲᠣᠬᠢᠷᠠᠭᠤᠯᠤᠯᠲᠠ ᠶᠢᠨ

ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠰᠠᠷ᠎ᠠ ᠶᠢᠨ 1 ᠤ ᠡᠳᠦᠷ᠂ ᠤᠯᠠᠭᠠᠢ

ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠨᠠᠮ ᠤᠨ ᠰᠤᠷᠭᠠᠭᠤᠯᠢ 2024 ᠣᠨ ᠤ

ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠶᠣᠰᠣᠯᠠᠯ ᠵᠢᠴᠢ ᠨᠠᠮ ᠤᠨ ᠬᠤᠷᠢᠳᠤᠭᠠᠷ ᠬᠤᠭᠤᠴᠠᠭᠠᠨ ᠤ

ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠤᠤᠱᠯᠠᠭᠤᠯᠬᠤ ᠲᠤᠰᠬᠠᠢ ᠰᠡᠳᠦᠪᠲᠦ

ᠡᠭᠡᠯᠵᠢᠯᠡᠨ ᠪᠣᠯᠪᠠᠰᠣᠷᠠᠭᠤᠯᠬᠤ ᠠᠩᠭᠢ ᠬᠤᠷᠠᠯᠳᠤᠪᠠ᠃ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ

ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ ᠰᠤᠷᠤᠯᠭ᠎ᠠ ᠡᠬᠢᠯᠡᠬᠦ

ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠬᠠᠮᠢᠶᠠᠷᠤᠯᠲᠠ ᠶᠢᠨ ᠣᠷᠣᠨ ᠤ ᠤᠳᠤᠷᠢᠳᠤᠯᠭ᠎ᠠ ᠰᠤᠷᠤᠯᠭ᠎ᠠ ᠡᠬᠢᠯᠡᠬᠦ

ᠶᠣᠰᠣᠯᠠᠯ ᠳᠤ ᠣᠷᠣᠯᠴᠠᠪᠠ᠃

    ᠴᠠᠩ ᠰᠢᠤᠸᠠᠢ ᠯᠢᠨ ᠵᠢᠭᠠᠵᠤ ᠭᠠᠷᠭᠠᠭᠰᠠᠨ ᠨᠢ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠤᠯᠤᠰ

ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ

ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠤᠯᠤᠰ ᠲᠥᠷᠥ ᠶᠢᠨ ᠪᠠᠶᠢᠭᠤᠯᠤᠯᠲᠠ ᠶᠢ ᠤᠯᠠᠮ

ᠨᠢᠭᠡ ᠠᠯᠬᠤᠮ ᠴᠢᠩᠭᠠᠳᠬᠠᠵᠤ᠂ ᠬᠥᠭᠵᠢᠯᠲᠡ ᠶᠢᠨ ᠰᠡᠳᠬᠢᠴᠡ ᠪᠠᠨ ᠲᠡᠭᠦᠯᠳᠡᠷᠵᠢᠭᠦᠯᠵᠦ᠂ ᠲᠡᠮᠡᠴᠡᠯ ᠤᠨ

ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠪᠦᠬᠦ ᠲᠠᠯ᠎ᠠ ᠪᠠᠷ

ᠰᠤᠷᠤᠯᠴᠠᠬᠤ᠂ ᠡᠵᠡᠮᠳᠡᠬᠦ᠂ ᠨᠠᠶᠢᠳᠠᠪᠤᠷᠢᠵᠢᠭᠤᠯᠬᠤ ᠲᠠᠯ᠎ᠠ ᠪᠠᠷ ᠨᠠᠷᠢᠯᠢᠭ ᠨᠠᠶᠢᠳᠠᠪᠤᠷᠢᠵᠢᠭᠤᠯᠵᠤ᠂ ᠠᠵᠢᠯ ᠤᠨ

ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠨᠠᠷ ᠰᠠᠶᠢᠲᠠᠢ

ᠬᠥᠭᠵᠢᠯᠲᠡ ᠶᠢ ᠠᠬᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠢᠶᠠᠨ ᠠᠬᠢᠭᠤᠯᠬᠤ ᠬᠦᠴᠦᠷᠬᠡᠭ

ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ︔ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ

ᠴᠢᠩᠭᠠᠳᠬᠠᠵᠤ᠂ ᠪᠣᠯᠪᠠᠰᠤᠷᠠᠯ ᠰᠤᠷᠤᠯᠴᠠᠯᠭ᠎ᠠ ᠶᠢᠨ ᠦᠷ᠎ᠡ ᠪᠦᠲᠦᠮᠵᠢ ᠣᠯᠬᠤ ᠶᠢ ᠪᠠᠲᠤᠯᠠᠵᠤ᠂ ᠪᠣᠳᠠᠲᠤ

ᠠᠵᠢᠯᠯᠠᠭ᠎ᠠ ᠪᠠᠷ ᠢᠶᠠᠨ ᠬᠠᠮᠢᠶᠠᠷᠤᠯᠲᠠ ᠶᠢᠨ ᠣᠷᠣᠨ ᠤ ᠨᠠᠮ ᠤᠨ ᠭᠡᠰᠢᠭᠦᠨ ᠺᠠᠳ᠋ᠷᠴᠤᠳ ᠤᠨ ᠰᠠᠶᠢᠨ ᠰᠠᠶᠢᠬᠠᠨ ᠳᠦᠷᠢ

ᠲᠥᠷᠬᠦ ᠶᠢ ᠬᠠᠮᠠᠭᠠᠯᠠᠬᠤ ᠬᠡᠷᠡᠭᠲᠡᠢ ᠭᠡᠪᠡ᠃

    ᠲᠣᠰ ᠤᠳᠠᠭᠠᠨ ᠤ ᠪᠣᠯᠪᠠᠰᠤᠷᠠᠯ ᠨᠢ 3 ᠡᠳᠦᠷ ᠶᠠᠪᠤᠭᠳᠠᠵᠤ᠂ ᠲᠤᠰᠬᠠᠢ ᠰᠡᠳᠦᠪᠲᠦ ᠲᠠᠶᠢᠯᠤᠮᠵᠢ ᠶᠢᠨ

ᠪᠢᠲᠡᠭᠦᠮᠵᠢᠯᠡᠭᠰᠡᠨ ᠲᠤᠷᠰᠢᠯᠭ᠎ᠠ ᠵᠡᠷᠭᠡ ᠬᠡᠯᠪᠡᠷᠢ ᠪᠠᠷ ᠶᠠᠪᠤᠭᠳᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ

ᠣᠷᠣᠨ ᠤ ᠨᠠᠮ ᠤᠨ ᠰᠤᠷᠭᠠᠭᠤᠯᠢ᠂ ᠰᠢᠯᠢ ᠶᠢᠨ ᠭᠤᠣᠯ ᠠᠶᠢᠮᠠᠭ ᠤᠨ ᠨᠠᠮ ᠤᠨ ᠰᠤᠷᠭᠠᠭᠤᠯᠢ ᠶᠢᠨ ᠨᠠᠮ ᠤᠨ

ᠰᠤᠷᠭᠠᠭᠤᠯᠢ᠂ ᠠᠶᠢᠮᠠᠭ ᠤᠨ ᠨᠠᠮ ᠤᠨ ᠬᠤᠷᠢᠶᠠᠨ ᠤ ᠣᠬᠠᠭᠤᠯᠬᠤ ᠬᠡᠯᠲᠡᠰ᠂ ᠲᠣᠮᠳᠠᠳᠦ ᠤᠯᠤᠰ ᠤᠨ

ᠵᠠᠭᠤᠴᠢᠯᠠᠭᠤᠷ ᠤᠨ ᠶᠡᠭᠡ ᠰᠤᠷᠭᠠᠭᠤᠯᠢ ᠶᠢᠨ ᠰᠣᠨᠢᠨ ᠮᠡᠳᠡᠭᠡᠨ ᠤ ᠥᠭᠦᠯᠡᠭᠴᠢ ᠶᠢᠨ ᠰᠤᠳᠤᠯᠭᠠᠨ ᠤ ᠲᠥᠪ ᠵᠢᠴᠢ

ᠬᠠᠮᠢᠶᠠᠷᠤᠯᠲᠠ ᠶᠢᠨ ᠣᠷᠣᠨ ᠤ ᠨᠠᠮ ᠤᠨ ᠰᠤᠷᠭᠠᠭᠤᠯᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢ ᠣᠨᠴᠠᠭᠠᠶᠢᠯᠠᠨ

ᠤᠷᠢᠵᠤ ᠲᠤᠰᠬᠠᠢ ᠰᠡᠳᠦᠪᠲᠦ ᠲᠠᠶᠢᠯᠤᠮᠵᠢ ᠬᠢᠯᠬᠡᠵᠦ᠂ ᠰᠣᠷᠣᠭᠴᠢᠳ ᠤᠨ ᠶᠡᠷᠦᠩᠬᠡᠶᠢᠯᠡᠭᠰᠡᠨ ᠬᠡᠪ ᠴᠢᠨᠠᠷ ᠪᠠ

ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠬᠦᠯᠬᠦ᠂ ᠥᠨᠳᠥᠷ ᠪᠠᠷᠢᠮᠵᠢᠶ᠎ᠠ ᠪᠠᠷ ᠬᠠᠮᠢᠶᠠᠷᠤᠯᠲᠠ ᠶᠢᠨ ᠣᠷᠣᠨ ᠤ

ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠪᠠᠲᠤ ᠪᠠᠬᠢ ᠣᠨᠣᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃

    ᠬᠠᠮᠢᠶᠠᠷᠤᠯᠲᠠ ᠶᠢᠨ ᠲᠣᠭᠤᠷᠢᠭ ᠤᠨ ᠡᠯ᠎ᠡ ᠪᠠᠯᠭᠠᠰᠤ ᠲᠠᠯᠠᠪᠠᠢ᠂ ᠨᠠᠮ ᠵᠠᠰᠠᠭ ᠤᠨ ᠪᠠᠶᠢᠭᠤᠯᠭ᠎ᠠ ᠪᠠ ᠠᠵᠢᠯ

ᠦᠢᠯᠡᠰ ᠤᠨ ᠨᠢᠭᠡᠴᠡ ᠶᠢᠨ ᠰᠠᠯᠠᠭᠠᠨ ᠲᠡᠰ ᠤᠨ ᠤᠳᠤᠷᠢᠳᠬᠤ ᠺᠠᠳ᠋ᠷ ᠨᠡᠶᠢᠲᠡ 90 ᠭᠠᠷᠤᠢ ᠬᠥᠮᠥᠨ

ᠪᠣᠯᠪᠠᠰᠤᠷᠠᠯ ᠳᠤ ᠣᠷᠣᠯᠴᠠᠪᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号