ᠤᠯᠠᠭᠠᠢ ᠬᠠᠮᠢᠶᠠᠷᠤᠯᠲᠠ ᠶᠢᠨ ᠣᠷᠣᠨ ᠪᠣᠯᠣᠨ ᠱᠠᠨᠳᠦ᠋ᠩ ᠤᠨ ᠰᠣᠶᠣᠯ ᠵᠢᠭᠤᠯᠴᠢᠯᠠᠯ ᠤᠨ ᠪᠦᠯᠦᠭᠯᠡᠯ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/9/2

    7 ᠰᠠᠷ᠎ᠠ ᠶᠢᠨ 31 ᠤ ᠡᠳᠦᠷ᠂ ᠤᠯᠠᠭᠠᠢ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ

ᠱᠦᠵᠢ ᠴᠢᠶᠣᠣ ᠵᠢᠶᠠᠨ ᠴᠢᠶᠠᠩ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ

ᠭᠡᠰᠢᠭᠦᠨ ᠵᠢᠶᠠ ᠹᠧᠩ ᠶᠢᠩ ᠱᠠᠨᠳᠦ᠋ᠩ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠡᠯᠡ

ᠣᠷᠣᠭᠤᠯᠣᠯᠳᠠ ᠶᠢᠨ ᠪᠦᠯᠦᠭᠯᠡᠯ ᠤᠨ ᠡᠵᠡᠩᠨᠡᠯᠲᠡ ᠬᠠᠮᠢᠶᠠᠷᠤᠯᠲᠠ ᠶᠢᠨ ᠲᠥᠪ ᠤᠨ ᠶᠡᠷᠦᠩᠬᠡᠢ ᠳᠠᠭᠠᠭᠠᠮᠠᠯ᠂

ᠱᠠᠨᠳᠦ᠋ᠩ ᠤᠨ ᠬᠤᠩ ᠶᠧ ᠲᠥᠪᠡᠳ ᠬᠠᠰᠢ ᠶᠢᠨ ᠵᠢᠭᠤᠯᠴᠢᠯᠠᠯ ᠤᠨ ᠬᠥᠭᠵᠢᠭᠦᠯᠦᠯᠲᠡ ᠶᠢᠨ ᠬᠢᠵᠠᠭᠠᠷᠲᠤ

ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠫᠧᠩ᠂ ᠱᠠᠨᠳᠦ᠋ᠩ ᠮᠤᠵᠢ ᠶᠢᠨ ᠥᠪᠡᠷ ᠢᠶᠠᠨ ᠮᠠᠰᠢᠨ ᠵᠢᠯᠤᠭᠤᠳᠬᠤ

ᠵᠢᠭᠤᠯᠴᠢᠯᠠᠯ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ ᠵᠢᠨᠠᠨ ᠬᠤᠳᠠ ᠶᠢᠨ ᠰᠣᠳᠣᠨ ᠰᠣᠶᠣᠯ ᠪᠠ

ᠵᠢᠭᠤᠯᠴᠢᠯᠠᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠬᠠᠨ ᠯᠧᠢ ᠲᠠᠢ ᠰᠠᠭᠤᠳᠠᠯ ᠤᠨ ᠬᠤᠷᠠᠯ ᠬᠤᠷᠠᠯᠳᠤᠪᠠ᠃

    ᠬᠤᠶᠠᠷ ᠲᠠᠯ᠎ᠠ ᠪᠠᠷ ᠢᠶᠠᠨ ᠵᠢᠱᠢᠶ᠎ᠡ ᠦᠵᠡᠬᠦᠯᠬᠦ ᠬᠡᠯᠪᠡᠷᠢ ᠪᠠᠷ ᠲᠠᠮᠵᠢᠨ᠂ ᠵᠢᠭᠤᠯᠴᠢᠯᠠᠯ ᠤᠨ ᠦᠵᠡᠮᠵᠢ ᠶᠢᠨ

ᠣᠷᠣᠨ ᠤ ᠡᠵᠡᠩᠨᠡᠯᠲᠡ ᠶᠢ ᠴᠢᠩᠭᠠᠳᠬᠠᠬᠤ᠂ ᠠᠶᠠᠨᠴᠢᠳ ᠤᠨ ᠢᠷᠡᠯᠲᠡ ᠶᠢᠨ ᠠᠷᠭ᠎ᠠ ᠵᠠᠮ ᠢ ᠪᠠᠶᠢᠭᠤᠯᠬᠤ᠂ ᠵᠠᠬ᠎ᠠ

ᠳᠡᠯᠭᠡᠭᠦᠷ ᠤᠨ ᠬᠥᠭᠵᠢᠶᠡᠨᠲᠦ ᠪᠠᠶᠢᠳᠠᠯ ᠢ ᠲᠡᠭᠡᠭᠰᠢᠯᠡᠬᠦᠯᠬᠦ᠂ ᠲᠠᠯ᠎ᠠ ᠨᠤᠲᠤᠭ ᠤᠨ ᠥᠪᠡᠷ ᠢᠶᠠᠨ ᠲᠡᠷᠭᠡ ᠵᠢᠯᠤᠭᠤᠳᠬᠤ

ᠵᠢᠭᠤᠯᠴᠢᠯᠠᠯ ᠤᠨ ᠦᠢᠯᠡᠳᠬᠦᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ᠂ ᠣᠨᠴᠠᠯᠢᠭᠲᠤ ᠰᠣᠶᠣᠯ

ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠬᠦ᠂ ᠲᠠᠯ᠎ᠠ ᠨᠤᠲᠤᠭ ᠤᠨ ᠵᠢᠭᠤᠯᠴᠢᠯᠠᠯ ᠵᠡᠷᠭᠡ ᠲᠠᠯ᠎ᠠ ᠪᠠᠷ ᠨᠠᠩ ᠣᠯᠠᠨ

ᠬᠠᠮᠲᠤᠷᠠᠯᠴᠠᠭᠠᠨ ᠤ ᠨᠡᠶᠢᠯᠡᠯ ᠴᠡᠭ ᠢ ᠢᠳᠡᠪᠬᠢᠲᠡᠢ ᠡᠷᠢᠯᠬᠢᠯᠡᠬᠦ᠂ ᠠᠵᠤ ᠦᠢᠯᠡᠰ ᠤᠨ ᠬᠠᠮᠵᠢᠯᠴᠠᠭ᠎ᠠ᠂ ᠳᠠᠪᠠᠭᠤᠯᠢᠭ ᠢᠶᠠᠨ

ᠬᠠᠷᠢᠯᠴᠠᠨ ᠨᠥᠬᠦᠪᠦᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠠᠷᠭ᠎ᠠ ᠵᠠᠮ ᠢ ᠲᠠᠰᠤᠷᠠᠯᠲᠠ

ᠦᠭᠡᠢ ᠬᠠᠶᠢᠨ ᠰᠦᠪᠡᠭᠴᠢᠯᠡᠵᠦ᠂ ᠨᠠᠩ ᠣᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢ

ᠪᠤᠢ ᠪᠤᠯᠭᠠᠬᠤ ᠶᠢ ᠴᠢᠷᠮᠠᠶᠢᠨ ᠠᠬᠢᠭᠤᠯᠵᠤ᠂ ᠬᠠᠮᠢᠶᠠᠷᠤᠯᠲᠠ ᠶᠢᠨ ᠣᠷᠣᠨ ᠤ ᠰᠣᠶᠣᠯ ᠵᠢᠭᠤᠯᠴᠢᠯᠠᠯ ᠤᠨ ᠠᠵᠤ

ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号