ᠭᠤᠷᠪᠠᠳᠤᠭᠠᠷ ᠤᠯᠠᠷᠢᠯ ᠪᠣᠯ ᠲᠦᠷᠦᠯ ᠵᠦᠢᠯ ᠤᠨ ᠪᠠᠶᠢᠭᠤᠯᠤᠯᠲᠠ ᠪᠣᠯᠣᠨ ᠪᠡᠯᠡ ᠮᠥᠩᠭᠦ ᠶᠢ | ᠨᠠᠶᠢᠳᠠᠪᠤᠷᠢᠵᠢᠭᠤᠯᠤᠨ ᠰᠢᠵᠢᠷ ᠠᠯᠳᠠᠨ ᠬᠤᠭᠤᠴᠠᠭ᠎ᠠ ᠪᠣᠯᠣᠨ᠎ᠠ᠂ ᠬᠠᠮᠢᠶᠠᠷᠤᠯᠲᠠ ᠶᠢᠨ ᠣᠷᠣᠨ ᠠᠴᠠ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠪᠠᠶᠢᠭᠤᠯᠤᠯᠲᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ᠂ | ᠰᠠᠨᠠᠭᠠᠴᠢᠯᠠᠭᠠᠲᠤ ᠦᠢᠯᠡᠴᠢᠯᠡᠭᠡ ᠪᠠᠨ ᠴᠢᠩᠭᠠᠳᠬᠠᠵᠤ᠂ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠴᠢᠩᠭ᠎ᠠ | ᠠᠩᠬᠠᠷᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠬᠢ ᠶᠢ ᠪᠦᠬᠦ ᠲᠠᠯ᠎ᠠ ᠪᠠᠷ ᠲᠡᠭᠡᠭᠰᠢᠯᠡᠭᠦᠯᠵᠣ᠂ ᠲᠦᠷᠦᠯ | ᠵᠦᠢᠯ ᠢ ᠲᠦᠷᠭᠡᠨ ᠨᠠᠶᠢᠳᠠᠪᠤᠷᠢᠵᠢᠭᠤᠯᠬᠤ᠂ ᠠᠵᠢᠯ ᠡᠬᠢᠯᠡᠭᠦᠯᠬᠦ ᠪᠣᠯᠣᠨ ᠠᠰᠢᠭᠯᠠᠯᠲᠠ ᠳᠤ ᠣᠷᠣᠭᠤᠯᠬᠤ ᠶᠢ ᠴᠢᠷᠮᠠᠶᠢᠨ | ᠠᠬᠢᠭᠤᠯᠤᠨ᠎ᠠ᠃ | 1 - 7 ᠰᠠᠷ᠎ᠠ ᠳᠤ᠂ ᠬᠠᠮᠢᠶᠠᠷᠤᠯᠲᠠ ᠶᠢᠨ ᠣᠷᠣᠨ ᠠᠴᠠ ᠬᠤᠳᠠᠯᠳᠤᠭᠠᠴᠢᠨ ᠤᠷᠢᠬᠤ ᠰᠢᠨ᠎ᠡ ᠲᠦᠷᠦᠯ ᠵᠦᠢᠯ | 10 ᠪᠣᠯᠵᠤ᠂ ᠭᠡᠷ᠎ᠡ ᠲᠣᠭᠲᠠᠭᠰᠠᠨ ᠮᠥᠩᠭᠦ ᠶᠢᠨ ᠲᠤᠭ᠎ᠠ 4.17 ᠳ᠋ᠦᠩᠰᠢᠭᠤᠷ ᠲᠥᠭᠦᠷᠢᠭ ᠲᠤ ᠬᠦᠷᠴᠦ᠂ | ︽ᠵᠥᠪᠳᠡᠯᠴᠡᠭᠡᠷ ᠲᠣᠭᠲᠠᠭᠰᠠᠨ ᠲᠦᠷᠦᠯ ᠵᠦᠢᠯ ᠤᠨ ᠭᠡᠷ᠎ᠡ ᠲᠣᠭᠲᠠᠬᠤ᠂ ᠭᠡᠷ᠎ᠡ ᠲᠣᠭᠲᠠᠭᠰᠠᠨ ᠲᠦᠷᠦᠯ ᠵᠦᠢᠯ ᠤᠨ | ᠠᠵᠢᠯ ᠡᠬᠢᠯᠡᠬᠦ ᠶᠢ ᠠᠳᠬᠤᠬᠤ᠂ ᠠᠵᠢᠯ ᠡᠬᠢᠯᠡᠭᠦᠯᠦᠭᠰᠡᠨ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ | ᠠᠳᠬᠤᠬᠤ︾ ᠵᠠᠷᠴᠢᠮ ᠶᠣᠰᠣᠭᠠᠷ᠂ ᠬᠠᠮᠢᠶᠠᠷᠤᠯᠲᠠ ᠶᠢᠨ ᠣᠷᠣᠨ ᠠᠴᠠ ᠠᠵᠤ ᠠᠬᠤᠶᠢᠯᠠᠯ ᠤᠨ ᠲᠤᠬᠠᠶᠢᠯᠠᠭᠰᠠᠨ | ᠠᠵᠢᠯ ᠤᠨ ᠬᠦᠰᠡᠯ ᠱᠠᠭᠠᠷᠳᠠᠯᠭ᠎ᠠ ᠲᠠᠢ ᠢᠳᠡᠪᠬᠢᠲᠡᠢ ᠤᠶᠠᠯᠳᠤᠭᠤᠯᠵᠤ᠂ ᠴᠠᠭ ᠲᠤᠬᠠᠢ ᠳᠤ ᠨᠢ ᠵᠢᠯᠣᠭᠤᠳᠤᠯᠭ᠎ᠠ ᠬᠢᠵᠦ᠂ | ᠮᠧᠩ ᠽᠣᠣ ᠵᠡᠷᠭᠡ ᠠᠵᠤ ᠠᠬᠤᠶᠢᠯᠠᠯ ᠢ ᠬᠠᠪᠰᠣᠷᠣᠨ ᠲᠦᠷᠦᠯ ᠵᠦᠢᠯ ᠤᠨ ᠲᠦᠷᠦᠯ ᠵᠦᠢᠯ ᠲᠣᠭᠲᠠᠭᠠᠬᠤ᠂ ᠡᠨᠧᠷᠬᠢ | ᠠᠷᠪᠢᠯᠠᠬᠤ ᠭᠠᠷ ᠭᠦᠢᠴᠡᠳᠬᠡᠯ ᠤᠨ ᠲᠤᠬᠠᠶᠢᠯᠠᠭᠰᠠᠨ ᠠᠵᠢᠯ ᠢ ᠤᠷᠤᠭᠰᠢᠲᠠᠢ ᠪᠡᠶᠡᠯᠡᠭᠦᠯᠵᠦ᠂ ᠠᠵᠤ ᠠᠬᠤᠶᠢᠯᠠᠯ ᠳᠤ | ᠲᠦᠬᠦᠮ ᠳᠥᠲᠡ ᠥᠨᠳᠥᠷ ᠦᠷ᠎ᠡ ᠠᠰᠢᠭᠲᠤ ᠠᠵᠢᠯ ᠭᠦᠢᠴᠡᠳᠬᠡᠬᠦ ᠦᠢᠯᠡᠴᠢᠯᠡᠭᠡ ᠬᠠᠩᠭᠠᠵᠤ᠂ ᠲᠦᠷᠦᠯ ᠵᠦᠢᠯ ᠤᠨ | ᠨᠠᠶᠢᠳᠠᠪᠤᠷᠢᠵᠢᠭᠤᠯᠤᠯᠲᠠ ᠶᠢ ᠲᠦᠷᠭᠡᠳᠬᠡᠪᠡ᠃ ᠡᠭᠦᠨ ᠤ ᠬᠠᠮᠲᠤ᠂ ᠠᠵᠤ ᠠᠬᠤᠶᠢᠯᠠᠯ᠂ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠪᠠ ᠵᠣᠯᠭᠠᠯᠴᠠᠭ᠎ᠠ ᠶᠢ ᠢᠳᠡᠪᠬᠢᠲᠡᠢ ᠰᠠᠶᠢᠲᠤᠷ ᠬᠢᠵᠦ᠂ ᠰᠠᠯᠠᠭ᠎ᠠ | ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠢᠨᠠᠨ ᠵᠥᠪᠰᠢᠶᠡᠷᠡᠬᠦ ᠵᠦᠢᠯᠡᠰ ᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ | ᠲᠥᠷᠥᠯ ᠵᠦᠢᠯ ᠤᠨ ᠬᠢᠨᠠᠨ ᠵᠥᠪᠰᠢᠶᠡᠷᠡᠯ ᠤᠨ ᠬᠤᠷᠳᠤᠴᠠ ᠶᠢ ᠲᠦᠷᠭᠡᠳᠬᠡᠬᠦ ᠶᠢ ᠪᠦᠬᠦ ᠲᠠᠯ᠎ᠠ ᠪᠠᠷ ᠠᠬᠢᠭᠤᠯᠬᠤ | ᠬᠡᠷᠡᠭᠲᠡᠢ᠃ ᠣᠲᠣ ᠪᠣᠯᠲᠠᠯ᠎ᠠ᠂ ᠬᠠᠨ ᠴᠢ ᠭᠤᠯᠢᠷ ᠪᠣᠯᠪᠠᠰᠤᠷᠠᠭᠤᠯᠬᠤ ᠦᠢᠯᠡᠳᠪᠦᠷᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠵᠢᠦᠢ ᠱᠧᠩ ᠰᠢᠨ ᠨᠤᠨᠳᠠᠭ ᠨᠡᠭᠦᠷᠡᠰᠦᠨ ᠤ ᠦᠨᠡᠰᠦ ᠶᠢ ᠶᠡᠷᠦᠩᠬᠡᠶᠢᠯᠡᠨ | ᠠᠰᠢᠭᠯᠠᠬᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠠᠷᠠᠯᠵᠢᠶᠠᠴᠢᠨ ᠤᠷᠢᠬᠤ 4 ᠲᠥᠷᠥᠯ ᠵᠦᠢᠯ ᠢ | ᠨᠠᠶᠢᠳᠠᠪᠤᠷᠢᠵᠢᠭᠤᠯᠬᠤ ᠭᠠᠷᠳᠠᠮ ᠢ ᠪᠡᠶᠡᠯᠡᠭᠦᠯᠦᠭᠰᠡᠨ ᠪᠥᠭᠡᠳ 6 ᠲᠥᠷᠥᠯ ᠵᠦᠢᠯ ᠤᠨ ᠠᠵᠢᠯ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠲᠦᠯᠬᠢᠨ ᠠᠬᠢᠭᠤᠯᠵᠤ᠂ 1 - 7 ᠰᠠᠷ᠎ᠠ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 18.65 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠮᠡᠭᠳᠡᠯ ᠤᠨ | ᠬᠤᠷᠳᠤᠴᠠ ᠨᠢ 39.7% ᠪᠣᠯᠪᠠ᠃ | ᠵᠠᠯᠭᠠᠭᠠᠳ᠂ ᠬᠠᠮᠢᠶᠠᠷᠤᠯᠲᠠ ᠶᠢᠨ ᠣᠷᠣᠨ ᠠᠴᠠ ᠠᠵᠤ ᠠᠬᠤᠶᠢᠯᠠᠯ ᠤᠨ ᠬᠥᠭᠵᠢᠯᠲᠡ ᠪᠣᠯᠣᠨ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ︽ᠦᠢᠯᠡᠴᠢᠯᠡᠭᠴᠢ︾ ᠶᠢᠨ ᠤᠬᠠᠮᠰᠠᠷ ᠢᠶᠠᠨ ᠤᠯᠠᠮ ᠨᠢᠭᠡ | ᠠᠯᠬᠤᠮ ᠴᠢᠩᠭᠠᠳᠬᠠᠵᠤ᠂ ᠣᠯᠠᠨ ᠠᠷᠭ᠎ᠠ ᠬᠡᠮᠵᠢᠶ᠎ᠡ ᠠᠪᠴᠤ ᠲᠦᠷᠦᠯ ᠵᠦᠢᠯ ᠤᠨ ᠣᠷᠣᠨᠵᠢᠭᠤᠯᠣᠯᠳᠠ ᠪᠠᠨ | ᠲᠦᠷᠭᠡᠳᠬᠡᠵᠦ᠂ ᠬᠠᠮᠢᠶᠠᠷᠤᠯᠲᠠ ᠶᠢᠨ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ | ᠶᠡᠭᠡ ᠬᠥᠳᠡᠯᠭᠡᠭᠴᠢ ᠬᠦᠴᠦᠨ ᠣᠷᠣᠭᠤᠯᠵᠤ᠂ ᠦᠢᠯᠡᠴᠢᠯᠡᠭᠡᠨ ᠪᠠᠲᠤᠯᠠᠭ᠎ᠠ ᠶᠢ ᠳᠡᠭᠡᠭᠰᠢᠯᠡᠬᠦᠯᠵᠣ᠂ ᠪᠦᠲᠦᠭᠡᠨ | ᠪᠠᠶᠢᠭᠤᠯᠤᠯᠲᠠ ᠶᠢᠨ ᠠᠬᠢᠴᠠ ᠶᠢ ᠠᠮᠵᠢᠨ ᠴᠢᠩᠭᠠᠳᠬᠠᠵᠤ᠂ ᠠᠵᠢᠯ ᠡᠬᠢᠯᠡᠬᠦ ᠶᠢᠨ ᠤᠷᠤᠭᠰᠢᠲᠠᠢ ᠪᠦᠲᠦᠭᠡᠨ | ᠪᠠᠶᠢᠭᠤᠯᠤᠯᠲᠠ ᠬᠢᠬᠦ ᠶᠢ ᠪᠠᠲᠤᠯᠠᠵᠤ᠂ ᠪᠣᠳᠠᠲᠠᠶᠢᠵᠢᠭᠤᠯᠤᠨ ᠠᠵᠢᠯ ᠡᠬᠢᠯᠡᠭᠦᠯᠦᠭᠰᠡᠨ ᠬᠤᠳᠠᠯᠳᠤᠭᠠᠴᠢᠨ ᠤᠷᠢᠬᠤ | ᠲᠦᠷᠦᠯ ᠵᠦᠢᠯ ᠢ ᠮᠦᠷᠳᠡᠨ ᠲᠣᠬᠢᠷᠠᠭᠤᠯᠬᠤ ᠬᠦᠴᠦᠯᠡᠴᠡ ᠪᠠᠨ ᠪᠦᠬᠦ ᠲᠠᠯ᠎ᠠ ᠪᠠᠷ ᠴᠢᠩᠭᠠᠳᠬᠠᠵᠤ᠂ ᠡᠷᠬᠡᠪᠰᠢ | ᠪᠣᠳᠠᠲᠠᠶᠢᠵᠢᠭᠤᠯᠤᠭᠰᠠᠨ ᠪᠡᠯᠡ ᠮᠥᠩᠭᠦ ᠶᠢ ᠨᠢᠭᠡᠳᠦᠯᠲᠡᠢ ᠪᠦᠷᠢᠳᠬᠡᠵᠦ᠂ ᠴᠠᠭ ᠲᠤᠬᠠᠢ ᠳᠤᠨᠢ ᠨᠢᠭᠡᠳᠦᠭᠦᠯᠦᠨ᠎ᠡ᠃ |