ᠵᠠᠩ ᠪᠠᠢ ᠴᠧᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠵᠡᠭᠦᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ ᠳᠤ ᠬᠦᠷᠴᠦ ᠠᠵᠢᠯ ᠪᠠᠶᠢᠴᠠᠭᠠᠪᠠ
ᠨᠡᠶᠢᠲᠡᠯᠡᠭᠰᠡᠨ ᠴᠠᠭ᠄
2024/9/20

    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂

ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ

ᠵᠡᠭᠦᠨ ᠦᠵᠦᠮᠦᠴᠢᠨ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ ᠳᠤ ᠬᠦᠷᠴᠦ ᠠᠵᠢᠯ ᠢ ᠬᠢᠨᠠᠨ ᠵᠢᠯᠣᠭᠤᠳᠪᠠ᠃

    ᠵᠠᠩ ᠪᠠᠢ ᠴᠧᠩ ᠤᠷᠢᠳ ᠬᠤᠵᠢᠳ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤ᠂

ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠣᠶ ᠰᠢᠭᠤᠢ ᠶᠢᠨ ᠭᠠᠯ ᠰᠡᠷᠭᠡᠶᠢᠯᠡᠬᠦ ᠬᠠᠮᠲᠤᠷᠠᠭᠰᠠᠨ ᠪᠠᠶᠢᠴᠠᠭᠠᠯᠲᠠ ᠶᠢᠨ

ᠥᠷᠲᠡᠭᠡ᠂ ᠳᠤᠮᠳᠠᠳᠤ ᠮᠣᠩᠭᠤᠯ ᠤᠨ ᠬᠢᠯᠢ ᠶᠢᠨ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠪᠣᠭᠳᠠ ᠠᠭᠤᠯᠠ ᠶᠢᠨ

ᠤᠯᠤᠰ ᠤᠨ ᠥᠮᠴᠢᠯᠡᠯᠲᠦ ᠣᠶ ᠰᠢᠭᠤᠢ ᠶᠢᠨ ᠲᠠᠯᠠᠪᠠᠶ ᠪᠠ ᠬᠢᠯᠢ ᠶᠢᠨ ᠬᠠᠷᠠᠭᠤᠯ ᠤᠨ ᠭᠠᠵᠠᠷ ᠲᠤ ᠭᠦᠨᠵᠡᠭᠡᠶᠢᠷᠡᠵᠦ᠂

ᠭᠠᠯ ᠰᠡᠷᠭᠡᠶᠢᠯᠡᠬᠦ ᠭᠠᠯ ᠤᠨᠲᠠᠷᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠬᠥᠮᠥᠰ ᠢ ᠲᠣᠭᠤᠷᠢᠨ

ᠪᠠᠶᠢᠴᠠᠭᠠᠵᠤ ᠵᠢᠵᠢᠭᠦᠷᠯᠡᠨ ᠰᠠᠬᠢᠭᠰᠠᠨ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠥᠭᠡᠴᠡᠯᠡᠭᠰᠡᠨ᠂ ᠭᠠᠯ ᠤᠨ

ᠢᠷᠡᠯᠲᠡ ᠶᠢ ᠬᠠᠮᠢᠶᠠᠷᠤᠨ ᠡᠵᠡᠮᠳᠡᠭᠰᠡᠨ᠂ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ

ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠣᠳᠣᠬᠠᠨ ᠳᠤ ᠮᠠᠨ ᠤ ᠠᠶᠢᠮᠠᠭ ᠨᠢᠭᠡᠨᠲᠡ

ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠪᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ

 ᠬᠢᠨ ︽ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ᠂ ᠡᠷᠲᠡ ᠢᠯᠡᠷᠡᠭᠦᠯᠬᠦ᠂ ᠪᠠᠭ᠎ᠠ ᠠᠴᠠ ᠰᠢᠢᠳᠪᠦᠷᠢᠯᠡᠬᠦ︾

ᠵᠠᠷᠴᠢᠮ ᠢ ᠪᠠᠷᠢᠮᠲᠠᠯᠠᠵᠤ᠂ ᠠᠯᠮᠠᠶᠢᠷᠠᠨ ᠲᠠᠶᠢᠪᠤᠰᠢᠷᠠᠬᠤ ᠦᠵᠡᠯ ᠰᠠᠨᠠᠭ᠎ᠠ ᠶᠢ ᠲᠡᠪᠴᠢᠵᠦ᠂ ᠠᠵᠢᠯ ᠤᠨ

ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠰᠠᠭᠤᠳᠠᠯ ᠤᠨ ᠭᠡᠮ ᠰᠣᠭᠤᠭ ᠢ ᠤᠨᠢᠨ ᠳᠡᠭᠡᠷ᠎ᠡ ᠨᠢ

ᠵᠢᠭᠰᠠᠭᠠᠨ ᠪᠠᠶᠢᠴᠠᠭᠠᠵᠤ᠂ ᠪᠦᠬᠦ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ

ᠲᠣᠭᠲᠠᠭᠤᠨ ᠪᠠᠶᠢᠳᠠᠯ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠬᠢ ᠡᠭᠦᠰᠦᠯ ᠠᠴᠠ ᠨᠢ ᠬᠠᠮᠢᠶᠠᠷᠤᠨ

ᠡᠵᠡᠮᠳᠡᠬᠦ ᠶᠢ ᠴᠢᠩᠭᠠᠳᠬᠠᠵᠤ᠂ ᠣᠶᠤᠨᠴᠢᠯᠠᠭᠰᠠᠨ ᠰᠡᠷᠭᠡᠶᠢᠯᠡᠨ ᠡᠵᠡᠮᠳᠡᠬᠦ ᠲᠦᠪᠰᠢᠨ ᠢ ᠳᠡᠭᠡᠭᠰᠢᠯᠡᠭᠦᠯᠵᠦ᠂ ᠬᠢᠯᠢ ᠶᠢᠨ

ᠭᠠᠳᠠᠨᠠᠬᠢ ᠭᠠᠯ ᠤᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠰᠢᠢᠳᠪᠦᠷᠢᠯᠡᠬᠦ ᠶᠢ ᠰᠠᠶᠢᠲᠤᠷ

ᠠᠳᠬᠤᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠢᠵᠢᠭᠦᠷᠯᠡᠨ

ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠣᠯᠪᠠᠰᠤᠷᠠᠯ ᠰᠣᠷᠢᠯᠲᠠ ᠶᠢ ᠦᠷᠭᠦᠯᠵᠢᠯᠡᠨ ᠴᠢᠩᠭᠠᠳᠬᠠᠵᠤ᠂

ᠡᠯ᠎ᠡ ᠱᠠᠲᠤᠨ ᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠭᠠᠯ ᠰᠡᠷᠭᠡᠶᠢᠯᠡᠬᠦ ᠭᠠᠯ ᠤᠨᠲᠠᠷᠠᠭᠠᠬᠤ

ᠮᠡᠳᠡᠯᠭᠡ ᠶᠢ ᠰᠤᠷᠤᠯᠴᠠᠨ  ᠡᠵᠡᠮᠰᠢᠭᠦᠯᠵᠦ᠂ᠭᠠᠯ ᠭᠠᠷᠤᠭᠰᠠᠨ ᠤ ᠳᠠᠷᠠᠭ᠎ᠠ ᠲᠡᠷᠡ ᠳᠠᠷᠤᠢ ᠳᠤᠨᠢ ᠢᠯᠡᠷᠡᠭᠦᠯᠵᠦ᠂ ᠲᠡᠷᠡ

ᠳᠠᠷᠤᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ ᠬᠢᠯᠢ ᠬᠢᠵᠠᠭᠠᠷ ᠢ ᠬᠦᠴᠦᠷᠬᠡᠭᠵᠢᠭᠦᠯᠵᠦ ᠰᠡᠷᠭᠡᠶᠢᠯᠡᠯᠲᠡ ᠶᠢ

ᠪᠠᠬᠢᠵᠢᠭᠦᠯᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠢᠬᠤᠯᠠ ᠭᠠᠵᠠᠷ ᠢ

ᠪᠠᠶᠢᠴᠠᠭᠠᠵᠤ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠢᠯᠢ ᠬᠢᠵᠠᠭᠠᠷ ᠤᠨ ᠠᠮᠤᠷ ᠲᠣᠭᠲᠠᠭᠤᠨ

ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃

    ᠡᠨᠡ ᠬᠤᠭᠤᠴᠠᠭᠠᠨ ᠳᠤ᠂ ᠵᠠᠩ ᠪᠠᠢ ᠴᠧᠩ ᠪᠠᠰᠠ ᠤᠯᠠᠭᠠᠢ ᠤᠰᠤᠨ ᠴᠥᠭᠦᠷᠥᠮ ᠳᠤ ᠬᠦᠷᠴᠦ ᠭᠤᠣᠯ

ᠴᠠᠭᠳᠠᠬᠤ ᠠᠵᠢᠯ ᠥᠷᠨᠢᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠤᠣᠯ ᠮᠥᠷᠡᠨ ᠨᠠᠭᠤᠷ

ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠭᠤᠯᠠ

ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ

ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ

ᠠᠳᠬᠤᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ

ᠴᠢᠩᠭᠠᠳᠬᠠᠵᠤ᠂ ᠪᠥᠬᠦ ᠠᠶᠢᠮᠠᠭ ᠤᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ

ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号