ᠤᠯᠠᠭᠠᠢ ᠬᠠᠮᠢᠶᠠᠷᠤᠯᠲᠠ ᠶᠢᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ 27 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/23

    ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ

ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ

ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠢ

ᠴᠢᠩᠭᠠᠳᠬᠠᠨ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠭᠡ ᠪᠠᠷ ᠳᠡᠯᠭᠡᠷᠡᠭᠦᠯᠦᠨ

ᠵᠢᠷᠤᠮᠵᠢᠭᠤᠯᠤᠨ ᠬᠡᠷᠡᠭᠯᠡᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠲᠦᠭᠡᠮᠡᠯᠵᠢᠭᠦᠯᠬᠦ ᠬᠡᠮᠵᠢᠶ᠎ᠡ ᠪᠠ ᠲᠦᠭᠡᠮᠡᠯᠵᠢᠭᠦᠯᠬᠦ

ᠶᠠᠰᠤ ᠴᠢᠨᠠᠷ ᠢ ᠳᠡᠭᠡᠭᠰᠢᠯᠡᠭᠦᠯᠬᠦ ᠶᠢᠠᠬᠢᠭᠤᠯᠤᠨ᠎ᠠ᠃

    9 ᠰᠠᠷ᠎ᠠ ᠶᠢᠨ 20 ᠤ ᠡᠳᠦᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠡᠶᠢᠲᠡᠯᠢᠭ ᠬᠡᠯᠡ ᠶᠢ

ᠲᠦᠭᠡᠮᠡᠯᠵᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ︽ᠨᠡᠶᠢᠲᠡᠯᠢᠭ ᠬᠡᠯᠡ ᠶᠢ ᠲᠦᠭᠡᠮᠡᠯᠵᠢᠭᠦᠯᠬᠦ

ᠡᠷᠴᠢᠮ ᠢᠶᠠᠨ ᠴᠢᠩᠭᠠᠷᠠᠭᠤᠯᠵᠤ᠂ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠬᠦ︾ ᠪᠠᠷ ᠭᠤᠣᠯ

ᠰᠡᠳᠦᠪ ᠪᠣᠯᠭᠠᠭᠰᠠᠨ ᠨᠡᠶᠢᠲᠡᠯᠢᠭ ᠬᠡᠯᠡ ᠶᠢ ᠤᠬᠠᠭᠤᠯᠤᠨ ᠳᠡᠯᠭᠡᠷᠡᠭᠦᠯᠬᠦ ᠬᠠᠮᠢᠶ᠎ᠠ ᠪᠦᠬᠦᠢ ᠠᠵᠢᠯ ᠢ ᠵᠣᠬᠢᠶᠠᠨ

ᠪᠠᠶᠢᠭᠤᠯᠤᠨ ᠥᠷᠨᠢᠭᠦᠯᠪᠡ᠃ ᠠᠵᠢᠯᠲᠠᠳ ᠢ ᠵᠣᠬᠢᠶᠠᠨ ᠪᠠᠶᠢᠭᠤᠯᠤᠨ ᠲᠦᠭᠡᠮᠡᠯᠵᠢᠭᠦᠯᠬᠦ ᠨᠡᠶᠢᠲᠡ ᠶᠢᠨ ᠠᠰᠠᠷᠠᠮᠵᠢ ᠶᠢᠨ

ᠤᠬᠠᠭᠤᠯᠭ᠎ᠠ ᠶᠢᠨ ᠹᠢᠯᠢᠮ ᠢ ᠨᠢᠭᠡᠳᠦᠯᠲᠡᠢ ᠦᠵᠡᠭᠦᠯᠬᠦ ᠶᠢᠨ ᠬᠠᠮᠲᠤ LED ᠡᠯᠧᠺᠲᠷᠣᠨ ᠳᠡᠯᠭᠡᠴᠡ ᠶᠢ ᠢᠳᠡᠪᠬᠢᠲᠡᠢ

ᠠᠰᠢᠭᠯᠠᠨ ︽ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠦᠴᠦᠷᠬᠡᠭ ᠤᠯᠤᠰ ᠤᠨ ᠦᠭᠡ ᠬᠡᠯᠡᠨ ᠤ

ᠰᠠᠭᠤᠷᠢ ᠶᠢ ᠪᠠᠬᠢᠵᠢᠭᠦᠯᠬᠦ︾ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠡᠪᠲᠡᠷᠡᠭᠦᠯᠪᠡ᠃ ᠳᠡᠭᠡᠷᠡᠬᠢ ᠠᠷᠭ᠎ᠠ ᠮᠠᠶ᠋ᠢᠭ ᠢᠶᠠᠷ

ᠳᠠᠮᠵᠢᠭᠤᠯᠤᠨ ᠣᠯᠠᠨ ᠤ ᠨᠡᠶᠢᠲᠡᠯᠢᠭ ᠬᠡᠯᠡ ᠶᠢ ᠳᠡᠯᠭᠡᠷᠡᠭᠦᠯᠬᠦ ᠶᠢᠨ ᠠᠴᠢ ᠬᠤᠯᠪᠣᠭᠳᠠᠯ ᠢ ᠣᠶᠢᠯᠠᠭᠠᠬᠤ ᠶᠢ ᠬᠥᠲᠥᠯᠥᠨ

ᠵᠢᠯᠤᠭᠤᠳᠬᠤ ᠪᠠ ᠵᠣᠷᠢᠭᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠰᠤᠷᠤᠯᠴᠠᠨ

ᠡᠵᠡᠮᠰᠢᠵᠦ᠂ ᠡᠳᠦᠷ ᠲᠤᠲᠤᠮ ᠤᠨ ᠠᠮᠢᠳᠤᠷᠠᠯ ᠳᠤᠮᠳᠠ ᠨᠡᠶᠢᠲᠡᠯᠢᠭ ᠬᠡᠯᠡ ᠶᠢ ᠡᠷᠬᠢᠮᠯᠡᠬᠦ ᠳᠠᠳᠬᠠᠯ ᠲᠠᠢ ᠪᠣᠯᠭᠠᠵᠤ᠂

ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠵᠢᠷᠤᠮᠵᠢᠭᠤᠯᠤᠨ ᠬᠡᠷᠡᠭᠯᠡᠬᠦ ᠦᠵᠡᠯ ᠤᠬᠠᠮᠰᠠᠷ ᠪᠠ

ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠳᠤᠮᠳᠠᠳᠤ ᠶᠢᠨ ᠰᠣᠶᠣᠯ ᠤᠨ ᠮᠡᠳᠡᠷᠡᠮᠵᠢ ᠪᠠ

ᠰᠣᠶᠣᠯ ᠤᠨ ᠵᠠᠯᠭᠠᠮᠵᠢᠯᠠᠯ ᠢ ᠠᠬᠢᠭᠤᠯᠤᠨ᠎ᠠ᠃

    ᠲᠠᠷᠠᠭᠠᠴᠢ ᠶᠢᠨ ᠠᠯᠬᠤᠮ ᠳᠤ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠯᠤᠰ ᠤᠨ ᠨᠡᠶᠢᠳᠡᠮ ᠬᠡᠷᠡᠭᠯᠡᠬᠦ

ᠦᠭᠡ ᠬᠡᠯᠡ ᠦᠰᠦᠭ ᠪᠢᠴᠢᠭ ᠤᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠠᠵᠢᠯᠲᠠᠨ ᠤ

ᠦᠭᠡ ᠬᠡᠯᠡ ᠦᠰᠦᠭ ᠪᠢᠴᠢᠭ ᠤᠨ ᠵᠢᠷᠤᠮᠵᠢᠯ ᠤᠨ ᠤᠬᠠᠮᠰᠠᠷ ᠪᠠ ᠬᠡᠷᠡᠭᠯᠡᠬᠦ ᠦᠭᠡ ᠶᠢᠨ ᠬᠡᠷᠡᠭᠯᠡᠯᠲᠡ ᠶᠢ

ᠵᠢᠷᠤᠮᠵᠢᠭᠤᠯᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ

ᠦᠰᠦᠭ ᠪᠢᠴᠢᠭ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠵᠤ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠳᠤ ᠨᠢᠭᠡ ᠬᠤᠪᠢ

ᠬᠦᠴᠦᠨ ᠴᠢᠳᠠᠯ ᠢᠶᠠᠨ ᠡᠷᠭᠦᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号