ᠰᠠᠭᠰᠤᠨ ᠪᠥᠮᠪᠦᠭᠡ ᠶᠢᠨ ᠲᠡᠮᠡᠴᠡᠯ ᠤᠨ ᠦᠵᠡᠭᠦᠯᠦᠯᠭᠡ ᠨᠢ ᠵᠠᠮ ᠬᠠᠷᠢᠯᠴᠠᠭᠠᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠪᠠ
ᠨᠡᠶᠢᠲᠡᠯᠡᠭᠰᠡᠨ ᠴᠠᠭ᠄
2024/9/3

    ︽ᠳᠤᠮᠳᠠᠳᠤ ᠶᠢᠨ ᠬᠦᠰᠡᠯ · ᠬᠥᠳᠡᠯᠮᠦᠷᠢ ᠶᠢᠨ ᠭᠤᠸ᠎ᠠ︾ 2024 ᠣᠨ ᠤ︽ᠬᠥᠳᠡᠯᠮᠦᠷᠢᠴᠢᠳ  ᠤᠨ

ᠬᠤᠨᠳᠠᠭᠠᠲᠤ︾ ᠠᠩᠬᠠᠳᠤᠭᠠᠷ ᠬᠤᠭᠤᠴᠠᠭᠠᠨ ᠤ ᠠᠵᠢᠯᠲᠠᠨ ᠤ ᠰᠠᠭᠰᠤᠨ ᠪᠥᠮᠪᠦᠭᠡ ᠶᠢᠨ ᠤᠷᠤᠯᠳᠤᠭᠠᠨ ᠢ

ᠨᠡᠶᠢᠲᠡᠯᠡᠭᠰᠡᠨ ᠠᠴᠠ ᠨᠠᠰᠢ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠣᠰ ᠤᠳᠠᠭᠠᠨ ᠤ ᠤᠷᠤᠯᠳᠤᠭᠠᠨ ᠢ

ᠢᠳᠡᠪᠬᠢᠲᠡᠢ ᠴᠤᠤᠷᠢᠶᠠᠲᠤᠨ ᠳᠠᠭᠠᠬᠤ ᠶᠢᠨ ᠲᠥᠯᠥᠭᠡ᠂ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ

ᠢᠳᠡᠪᠬᠢᠲᠡᠢ ᠪᠠᠷ ᠨᠡᠷ᠎ᠡ ᠮᠡᠳᠡᠭᠦᠯᠵᠦ᠂ ᠡᠷᠡᠭᠲᠡᠢ ᠶᠢᠨ ᠰᠠᠭᠰᠤᠨ ᠪᠥᠮᠪᠦᠭᠡ᠂ ᠡᠮᠡᠭᠲᠡᠢ ᠶᠢᠨ ᠰᠠᠭᠰᠤᠨ ᠪᠥᠮᠪᠦᠭᠡ ᠶᠢᠨ

ᠬᠤᠶᠠᠷ ᠠᠩᠭᠢ ᠪᠠᠶᠢᠭᠤᠯᠤᠨ ᠤᠷᠤᠯᠳᠤᠭᠠᠨ ᠳᠤ ᠣᠷᠣᠯᠴᠠᠭᠤᠯᠵᠤ᠂ ᠤᠷᠤᠯᠳᠤᠭᠠᠨ ᠤ ᠬᠤᠭᠤᠴᠠᠭᠠᠨ ᠤ ᠠᠩᠭᠢ ᠶᠢᠨ

ᠭᠡᠰᠢᠭᠦᠳ ᠠᠵᠢᠯ ᠤᠨ ᠴᠢᠯᠦᠭᠡᠨ ᠤ ᠪᠣᠯᠪᠠᠰᠤᠷᠠᠯ ᠥᠷᠨᠢᠭᠦᠯᠪᠡ᠃

    8 ᠰᠠᠷ᠎ᠠ ᠶᠢᠨ 24 ᠤ ᠡᠳᠦᠷ ᠰᠠᠭᠰᠤᠨ ᠪᠥᠮᠪᠦᠭᠡ ᠶᠢᠨ ᠤᠷᠤᠯᠳᠤᠭᠠᠨ ᠵᠢᠩᠬᠢᠨᠢ ᠪᠠᠷ ᠡᠬᠢᠯᠡᠪᠡ᠃ 6 ᠡᠳᠦᠷ

ᠦᠨ ᠬᠤᠷᠴᠠ ᠱᠢᠷᠦᠭᠦᠨ ᠤᠷᠤᠯᠳᠤᠭᠠᠨ ᠢᠶᠠᠷ ᠳᠠᠮᠵᠢᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ

ᠡᠮᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠭᠤᠷᠪᠠᠳᠤᠭᠠᠷ ᠨᠡᠷᠡᠰ ᠲᠤ ᠣᠷᠣᠭᠰᠠᠨ ᠬᠢᠷᠢ ᠪᠦᠲᠦᠮᠵᠢ᠂

ᠡᠷᠡᠭᠲᠡᠢ ᠶᠢᠨ ᠰᠠᠭᠰᠤᠨ ᠪᠥᠮᠪᠦᠭᠡ ᠶᠢᠨ ᠠᠩᠭᠢ ᠶᠣᠰᠣ ᠮᠣᠷᠠᠯ ᠬᠡᠪ ᠰᠤᠷᠲᠠᠯ ᠤᠨ ᠱᠠᠩᠨᠠᠯ ᠬᠦᠷᠲᠡᠪᠡ᠃

    ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠲᠠᠮᠢᠷᠴᠢᠳ ᠲᠡᠳᠡᠨ ᠤ ᠪᠣᠳᠠᠲᠤ ᠠᠵᠢᠯᠯᠠᠭ᠎ᠠ ᠪᠠᠷ ᠢᠶᠠᠨ ᠪᠦᠯᠬᠦᠮᠳᠡᠭᠰᠡᠨ᠂

ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠬᠤ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠲᠠᠶᠢᠯᠪᠤᠷᠢᠯᠠᠭᠰᠠᠨ

ᠪᠥᠭᠡᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠭᠦᠨᠵᠡᠭᠡᠶᠢᠷᠡᠭᠦᠯᠦᠨ ᠪᠠᠲᠤ

ᠪᠠᠬᠢ ᠪᠣᠯᠭᠠᠵᠤ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ

ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃ ᠢᠷᠡᠭᠡᠳᠦᠢ ᠶᠢᠨ ᠡᠳᠦᠷ ᠤᠳ ᠲᠤ᠂ ᠵᠠᠮ ᠬᠠᠷᠢᠯᠴᠠᠭ᠎ᠠ

ᠲᠡᠭᠡᠭᠡᠪᠦᠷᠢ ᠶᠢᠨ ᠲᠣᠪᠴᠢᠶ᠎ᠠ ᠶᠢᠨ ᠺᠠᠳ᠋ᠷ ᠠᠵᠢᠯᠲᠠᠳ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠠ ᠨᠡᠩ

ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠰᠢᠨ᠎ᠡ ᠪᠠᠶᠢᠳᠠᠯ ᠢ

ᠡᠭᠦᠳᠬᠦ ᠶᠢ ᠢᠲᠡᠭᠡᠵᠦ ᠪᠠᠶᠢᠨ᠎ᠠ ᠭᠡᠵᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号