ᠤᠯᠠᠭᠠᠢ ᠮᠠᠯᠵᠢᠯ ᠤᠨ ᠲᠠᠯᠠᠪᠠᠢ ᠭᠤᠣᠯ ᠴᠠᠭᠳᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/6

    ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠪᠦᠬᠦ ᠲᠠᠯ᠎ᠠ ᠪᠠᠷ ᠭᠦᠨᠵᠡᠭᠡᠢ ᠨᠠᠶᠢᠳᠠᠪᠤᠷᠢᠵᠢᠭᠤᠯᠵᠤ᠂

ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠢ ᠨᠠᠷᠢᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢ

ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢᠨ ᠲᠥᠯᠥᠭᠡ᠂ 8 ᠰᠠᠷ᠎ᠠ ᠶᠢᠨ 29 ᠤ ᠡᠳᠦᠷ᠂ ᠤᠯᠠᠭᠠᠢ

ᠮᠠᠯᠵᠢᠯ ᠤᠨ ᠲᠠᠯᠠᠪᠠᠢ ᠶᠢᠨ ᠲᠡᠰ ᠤᠨ ᠭᠤᠣᠯ ᠮᠥᠷᠡᠨ ᠤ ᠳᠠᠷᠤᠭ᠎ᠠ ᠤᠯᠠᠭᠠᠢ ᠭᠤᠣᠯ ᠳᠤ ᠪᠠᠶᠢᠩᠭᠤ ᠶᠢᠨ ᠴᠢᠨᠠᠷᠲᠠᠢ

ᠴᠠᠭᠳᠠᠨ ᠪᠠᠶᠢᠴᠠᠭᠠᠯᠲᠠ ᠬᠢᠪᠡ᠃

    ᠭᠤᠣᠯ ᠮᠥᠷᠡᠨ ᠢ ᠲᠣᠭᠤᠷᠢᠨ ᠪᠠᠶᠢᠴᠠᠭᠠᠬᠤ ᠶᠠᠪᠤᠴᠠ ᠳᠤ᠂ ᠭᠤᠣᠯ ᠳᠠᠭᠠᠤ ᠤᠷᠤᠰᠬᠠᠯ ᠤᠨ ᠣᠷᠣᠨ ᠤ

ᠡᠷᠭᠢ ᠶᠢᠨ ᠱᠤᠭᠤᠮ ᠳᠠᠭᠠᠤ ᠤᠰᠤᠨ ᠤ ᠴᠢᠨᠠᠷ ᠤᠨ ᠪᠠᠶᠢᠳᠠᠯ᠂ ᠬᠤᠶᠠᠷ ᠡᠷᠭᠢ ᠶᠢᠨ ᠣᠷᠴᠢᠨ ᠲᠣᠭᠤᠷᠢᠨ ᠤ ᠣᠳᠣᠬᠢ

ᠪᠠᠶᠢᠳᠠᠯ ᠵᠢᠴᠢ ᠢᠯᠡ ᠨᠡᠶᠢᠲᠡᠯᠡᠬᠦ ᠫᠠᠶᠢᠰᠠ ᠶᠢ ᠰᠢᠨᠡᠳᠬᠡᠭᠰᠡᠨ ᠪᠠᠶᠢᠳᠠᠯ ᠢ ᠪᠠᠶᠢᠴᠠᠭᠠᠨ ᠦᠵᠡᠪᠡ᠃ ᠡᠭᠦᠨ ᠤ ᠬᠠᠮᠲᠤ

ᠪᠣᠷᠣᠭᠠᠨ ᠤ ᠤᠯᠠᠷᠢᠯ ᠤᠨ ᠦᠶᠡᠷ ᠤᠨ ᠬᠤᠭᠤᠴᠠᠭᠠᠨ ᠳᠤ ᠭᠤᠣᠯ ᠮᠥᠷᠡᠨ ᠢ ᠲᠣᠭᠤᠷᠢᠨ ᠪᠠᠶᠢᠴᠠᠭᠠᠬᠤ ᠤᠳᠠᠭ᠎ᠠ ᠪᠠᠨ

ᠨᠡᠮᠡᠭᠳᠡᠭᠦᠯᠵᠦ᠂ ᠭᠤᠣᠯ ᠮᠥᠷᠡᠨ ᠤ ᠳᠠᠷᠤᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠢ ᠴᠡᠭᠴᠡᠯᠡᠨ

ᠰᠠᠶᠢᠵᠢᠷᠠᠭᠤᠯᠬᠤ ᠶᠢ ᠴᠢᠩᠭᠠᠳᠬᠠᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠬᠤ ᠳᠤ ᠥᠨᠴᠥᠭ ᠪᠤᠯᠤᠩ

ᠦᠯᠡᠳᠡᠭᠡᠬᠦ ᠦᠭᠡᠢ ᠪᠠᠶᠢᠬᠤ ᠶᠢ ᠪᠠᠲᠤᠯᠠᠵᠤ᠂ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠳᠤᠨᠢ

ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

    ᠲᠠᠷᠠᠭᠠᠴᠢ ᠶᠢᠨ ᠠᠯᠬᠤᠮ ᠳᠤ᠂ ᠤᠯᠠᠭᠠᠢ ᠮᠠᠯᠵᠢᠯ ᠤᠨ ᠲᠠᠯᠠᠪᠠᠶ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ

ᠦᠷᠭᠦᠯᠵᠢᠯᠡᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯ ᠮᠥᠷᠡᠨ ᠤ

ᠳᠠᠷᠤᠭ᠎ᠠ ᠶᠢᠨ ᠳᠦᠷᠢᠮ ᠤᠨ ᠨᠥᠯᠥᠭᠡᠯᠡᠬᠦ ᠬᠦᠴᠦᠨ ᠢ ᠦᠷᠭᠦᠯᠵᠢᠯᠡᠨ ᠥᠷᠭᠡᠳᠬᠡᠵᠦ᠂ ︽ᠬᠥᠬᠡᠮᠳᠦᠭ ᠨᠣᠭᠤᠭᠠᠨ

ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠳᠡᠭᠡᠳᠦ

ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠭᠤᠣᠯ ᠮᠥᠷᠡᠨ ᠢ ᠬᠠᠮᠠᠭᠠᠯᠠᠬᠤ ᠠᠵᠢᠯ ᠢ

ᠯᠠᠪᠳᠠᠭᠤᠨ ᠪᠠᠲᠤᠲᠠᠢ ᠰᠠᠶᠢᠲᠤᠷ ᠬᠢᠨ᠎ᠡ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号