ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠤᠶᠠᠳᠤᠭᠠᠷ ᠰᠠᠯᠠᠭᠠᠨ ᠤ ᠰᠠᠯᠠᠭᠠᠨ ᠳᠠᠷᠤᠭ᠎ᠠ ᠲᠢᠶᠠᠨ ᠳ᠋ᠦᠩ ᠳ᠋ᠦᠩ᠂ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ ᠨᠠᠷ ᠤᠯᠠᠭᠠᠢ ᠮᠠᠯᠵᠢᠯ ᠤᠨ ᠲᠠᠯᠠᠪᠠᠢ ᠶᠢᠨ ᠪᠦᠯᠢᠶᠡᠨ ᠬᠤᠪᠢᠶᠠᠷᠢ ᠲᠠᠯᠠᠪᠠᠢ ᠶᠢᠨ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/9/6

    8 ᠰᠠᠷ᠎ᠠ ᠶᠢᠨ 28 ᠤ ᠡᠳᠦᠷ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ

ᠬᠡᠯᠲᠡᠰ ᠬᠤᠶᠠᠳᠤᠭᠠᠷ ᠰᠠᠯᠠᠭᠠᠨ ᠤ ᠳᠠᠷᠤᠭ᠎ᠠ ᠲᠢᠶᠠᠨ ᠳ᠋ᠦᠩ ᠳ᠋ᠦᠩ᠂ ᠬᠠᠮᠢᠶᠠᠷᠤᠯᠲᠠ ᠶᠢᠨ ᠣᠷᠣᠨ ᠤ ᠨᠠᠮ ᠤᠨ

ᠠᠵᠢᠯ ᠤᠨ ᠬᠤᠷᠢᠶᠠᠨ ᠤ ᠳᠡᠳ᠋ ᠱᠦᠵᠢ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠠᠩ ᠰᠢᠤᠸᠠᠢ ᠯᠢᠨ᠂

ᠬᠠᠮᠢᠶᠠᠷᠤᠯᠲᠠ ᠶᠢᠨ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠽᠦᠸᠧ ᠭᠦᠸᠧ ᠹᠦ᠋ ᠨᠠᠷ

ᠤᠯᠠᠭᠠᠢ ᠮᠠᠯᠵᠢᠯ ᠤᠨ ᠲᠠᠯᠠᠪᠠᠢ ᠶᠢᠨ ᠪᠦᠯᠢᠶᠡᠨ ᠬᠤᠪᠢᠶᠠᠷᠢ ᠲᠠᠯᠠᠪᠠᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ

ᠬᠢᠪᠡ᠃ ᠤᠯᠠᠭᠠᠢ ᠮᠠᠯᠵᠢᠯ ᠤᠨ ᠲᠠᠯᠠᠪᠠᠶ ᠶᠢᠨ ᠳᠤᠭᠤᠶᠢᠯᠠᠩ ᠤᠨ ᠤᠬᠠᠭᠤᠯᠬᠤ ᠲᠦᠩ ᠵᠠᠨ ᠭᠡᠰᠢᠭᠦᠨ ᠶᠠᠩ ᠯᠢ᠂

ᠬᠤᠪᠢᠶᠠᠷᠢ ᠲᠠᠯᠠᠪᠠᠶ ᠶᠢᠨ ᠠᠵᠢᠯᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃

    ᠲᠢᠶᠠᠨ ᠳ᠋ᠦᠩ ᠳ᠋ᠦᠩ ᠨᠠᠷ ᠪᠦ᠋ ᠯᠢᠨ ᠬᠤᠪᠢᠶᠠᠷᠢ ᠲᠠᠯᠠᠪᠠᠢ ᠶᠢᠨ ᠨᠠᠮ ᠤᠨ ᠭᠡᠰᠢᠭᠦᠨ ᠤ ᠭᠤᠣᠯ ᠡᠷᠦᠬᠡ ᠾᠧ

ᠴᠧᠩ ᠸᠧᠢ ᠶᠢᠨ ᠭᠡᠷ ᠲᠤ ᠬᠦᠷᠴᠦ᠂ ᠨᠠᠮ ᠤᠨ ᠭᠡᠰᠢᠭᠦᠨ ᠤ ᠭᠤᠣᠯ ᠡᠷᠦᠬᠡ ᠲᠠᠢ ᠭᠦᠨᠵᠡᠭᠡᠢ ᠶᠠᠷᠢᠯᠴᠠᠵᠤ᠂ ᠨᠠᠮ ᠤᠨ

ᠭᠡᠰᠢᠭᠦᠨ ᠤ ᠭᠤᠣᠯᠯᠠᠬᠤ ᠡᠷᠦᠬᠡ ᠶᠢᠨ ᠦᠢᠯᠡᠳᠦᠯ ᠢᠶᠠᠨ ᠪᠠᠳᠠᠷᠠᠭᠤᠯᠤᠭᠰᠠᠨ ᠪᠠᠶᠢᠳᠠᠯ᠂ ᠭᠡᠷ ᠪᠦᠯᠢ ᠶᠢᠨ ᠠᠮᠢᠳᠤᠷᠠᠯ᠂

ᠮᠠᠯ ᠠᠵᠤ ᠠᠬᠤᠢ ᠶᠢᠨ ᠲᠡᠵᠢᠭᠡᠨ ᠦᠷᠡᠵᠢᠭᠦᠯᠬᠦ᠂ ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠵᠢᠴᠢ

ᠡᠷᠬᠢᠨ ᠲᠣᠭᠤᠷᠢᠨ ᠤ ᠮᠠᠯᠵᠢᠬᠤ ᠲᠠᠷᠢᠶᠠᠯᠠᠬᠤ ᠡᠷᠦᠬᠡ ᠳᠤ ᠦᠢᠯᠡᠴᠢᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠪᠠ᠃

ᠲᠢᠶᠠᠨ ᠳ᠋ᠦᠩ ᠳ᠋ᠦᠩ ᠨᠠᠷ ᠪᠦ᠋ ᠯᠢᠨ ᠬᠤᠪᠢᠶᠠᠷᠢ ᠲᠠᠯᠠᠪᠠᠢ ᠶᠢᠨ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ

ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠭᠰᠠᠨ ᠪᠥᠭᠡᠳ ᠡᠷᠦᠬᠡ ᠪᠦᠷᠢ ᠶᠢᠨ ᠪᠣᠳᠠᠲᠠᠢ ᠪᠠᠶᠢᠳᠠᠯ ᠢ

ᠦᠨᠳᠦᠰᠦᠯᠡᠵᠦ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠵᠢᠱᠢᠶ᠎ᠡ ᠦᠵᠡᠭᠦᠯᠵᠦ ᠳᠠᠭᠠᠭᠤᠯᠬᠤ

ᠦᠢᠯᠡᠳᠦᠯ ᠢ ᠬᠡᠷᠬᠢᠨ ᠪᠠᠳᠠᠷᠠᠭᠤᠯᠬᠤ᠂ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ

ᠴᠢᠩᠭᠠᠳᠬᠠᠬᠤ᠂ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠠᠮᠤᠷ ᠲᠦᠪᠰᠢᠨ ᠤ ᠬᠡᠮ ᠰᠣᠭᠤᠭ ᠢ

ᠰᠡᠷᠭᠡᠶᠢᠯᠡᠬᠦ ᠵᠡᠷᠭᠡ ᠲᠠᠯ᠎ᠠ ᠪᠠᠷ ᠬᠠᠨᠳᠤᠯᠭᠠᠲᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠰᠠᠨᠠᠯ ᠰᠠᠨᠠᠭᠤᠯᠭ᠎ᠠ

ᠳᠤᠷᠠᠳᠴᠠᠢ᠃

    ᠳᠠᠷᠠᠭᠠᠴᠢ ᠶᠢᠨ ᠠᠯᠬᠤᠮ ᠳᠤ᠂ ᠪᠦ᠋ ᠯᠢᠨ ᠬᠤᠪᠢᠶᠠᠷᠢ ᠲᠠᠯᠠᠪᠠᠢ ᠶᠢᠨ ᠨᠠᠮ ᠤᠨ ᠡᠭᠦᠷ ᠪᠣᠳᠠᠲᠤ

ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠵᠢᠱᠢᠶ᠎ᠡ ᠦᠵᠡᠭᠦᠯᠵᠦ

ᠳᠠᠶᠢᠴᠢᠯᠠᠬᠤ ᠦᠢᠯᠡᠳᠦᠯ ᠢ ᠭᠦᠢᠴᠡᠳ ᠳᠠᠶᠢᠴᠢᠯᠠᠵᠤ᠂ ᠨᠠᠮ ᠤᠨ ᠡᠭᠦᠷ ᠤᠨ ᠭᠤᠣᠯ ᠡᠷᠦᠬᠡ ᠶᠢᠨ ᠠᠵᠢᠯ ᠢ

ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠨᠠᠮ

ᠪᠠ ᠤᠯᠤᠰ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠤᠬᠠᠭᠤᠯᠤᠨ ᠲᠤᠤᠱᠯᠠᠭᠤᠯᠵᠤ᠂ ᠨᠠᠮ ᠤᠨ

ᠳᠣᠲᠣᠭᠠᠳᠤ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠴᠠᠭ ᠲᠤᠬᠠᠢ ᠳᠤᠨᠢ ᠥᠷᠨᠢᠭᠦᠯᠬᠦ ᠶᠢ ᠬᠥᠲᠥᠯᠥᠨ

ᠵᠢᠯᠤᠭᠤᠳᠬᠤ ᠬᠡᠷᠡᠭᠲᠡᠢ︔ ᠵᠣᠷᠢᠭᠲᠠᠢ ᠪᠠᠷ ᠲᠦᠷᠦᠭᠦᠯᠡᠵᠦ᠂ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠮᠠᠯᠴᠢᠨ

ᠲᠠᠷᠢᠶᠠᠴᠢᠨ ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠬᠦ︾

ᠠᠷᠭ᠎ᠠ ᠶᠢ ᠬᠡᠷᠡᠭᠵᠢᠭᠦᠯᠵᠦ᠂ ᠨᠠᠮ ᠤᠨ ᠭᠡᠰᠢᠭᠦᠨ ᠤ ᠭᠤᠣᠯᠳᠠᠯᠭᠠᠲᠤ ᠡᠷᠦᠬᠡ ᠶᠢᠨ ᠨᠠᠮ ᠤᠨ ᠭᠡᠰᠢᠭᠦᠨ ᠤ ᠬᠥᠮᠦᠵᠢᠯ᠂

ᠤᠯᠠᠨ ᠲᠦᠮᠡᠨ ᠢ ᠬᠥᠲᠥᠯᠥᠨ ᠳᠠᠭᠠᠭᠤᠯᠬᠤ ᠪᠠ ᠠᠵᠤ ᠠᠬᠤᠢ ᠶᠢ ᠬᠥᠭᠵᠢᠭᠦᠯᠬᠦ ᠵᠡᠷᠭᠡ ᠡᠯ᠎ᠡ ᠲᠠᠯ᠎ᠠ ᠶᠢᠨ

ᠦᠢᠯᠡᠳᠦᠯ ᠢ ᠦᠨᠡᠨᠬᠦ ᠪᠠᠳᠠᠷᠠᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠪᠠ ᠤᠯᠠᠨ ᠲᠦᠮᠡᠨ ᠤ ᠬᠤᠭᠤᠷᠣᠨᠳᠣᠬᠢ

ᠬᠥᠭᠦᠷᠭᠡ ᠬᠤᠯᠪᠣᠭᠠᠰᠤ ᠶᠢᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ

︽ᠪᠢᠴᠢᠯ ᠪᠠᠬᠢᠯᠡᠯᠲᠡ︾ ᠶᠢ ᠪᠠᠲᠤ ᠴᠣᠭᠴᠠᠯᠠᠬᠤ  ᠬᠡᠷᠡᠭᠲᠡᠢ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号