ᠤᠯᠠᠭᠠᠢ ᠮᠠᠯᠵᠢᠯ ᠤᠨ ᠲᠠᠯᠠᠪᠠᠢ ᠶᠢᠨ ᠨᠦᠩ ᠨᠠᠢ ᠬᠤᠪᠢᠶᠠᠷᠢ ᠲᠠᠯᠠᠪᠠᠢ ᠲᠡᠮᠦᠷ ᠵᠠᠮ ᠤᠨ ᠵᠠᠮ ᠬᠠᠮᠠᠭᠠᠯᠠᠬᠤ ᠠᠮᠤᠷ ᠲᠦᠪᠰᠢᠨ ᠤ ᠲᠣᠭᠤᠷᠢᠨ ᠪᠠᠶᠢᠴᠠᠭᠠᠯᠲᠠ ᠳᠤ ᠲᠡᠮᠦᠷ ᠵᠠᠮ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠪᠠ
ᠨᠡᠶᠢᠲᠡᠯᠡᠭᠰᠡᠨ ᠴᠠᠭ᠄
2024/9/6

    8 ᠰᠠᠷ᠎ᠠ ᠶᠢᠨ 28 ᠤ ᠡᠳᠦᠷ᠂ ᠤᠯᠠᠭᠠᠢ ᠮᠠᠯᠵᠢᠯ ᠤᠨ ᠲᠠᠯᠠᠪᠠᠶ ᠶᠢᠨ ᠨᠦᠩ ᠨᠠᠢ ᠬᠤᠪᠢᠶᠠᠷᠢ ᠲᠠᠯᠠᠪᠠᠶ ᠳᠤ

ᠲᠡᠮᠦᠷ ᠵᠠᠮ ᠤᠨ ᠵᠠᠮ ᠬᠠᠮᠠᠭᠠᠯᠠᠬᠤ ᠠᠮᠤᠷ ᠲᠦᠪᠰᠢᠨ ᠤ ᠲᠣᠭᠤᠷᠢᠨ ᠪᠠᠶᠢᠴᠠᠭᠠᠬᠤ ᠠᠵᠢᠯᠯᠠᠭ᠎ᠠ ᠶᠢ ᠢᠳᠡᠪᠬᠢᠲᠡᠢ

ᠥᠷᠨᠢᠭᠦᠯᠪᠡ᠃ ᠠᠵᠢᠯᠲᠠᠳ ᠲᠡᠮᠦᠷ ᠵᠠᠮ ᠤᠨ ᠬᠠᠮᠠᠭᠠᠯᠠᠯᠲᠠ ᠶᠢᠨ ᠲᠣᠣᠷ ᠤᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂

ᠲᠡᠭᠦᠨ ᠤ ᠪᠦᠷᠢᠨ ᠪᠦᠲᠦᠨ ᠡᠪᠳᠡᠷᠡᠵᠦ ᠰᠦᠢᠳᠦᠭᠰᠡᠨ ᠦᠭᠡᠢ ᠪᠠᠶᠢᠬᠤ ᠶᠢ ᠪᠠᠲᠤᠯᠠᠵᠤ᠂ ᠰᠡᠷᠭᠡᠶᠢᠯᠡᠨ ᠬᠠᠮᠠᠭᠠᠯᠠᠬᠤ

ᠲᠣᠣᠷ ᠤᠨ ᠠᠭᠤᠯᠵᠠᠷ ᠭᠠᠵᠠᠷ᠂ ᠯᠢ ᠵᠦ ᠵᠡᠷᠭᠡ ᠬᠡᠰᠡᠭ ᠲᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠰᠤᠯᠠᠷᠠᠬᠤ᠂

ᠲᠠᠰᠤᠷᠠᠬᠤ ᠵᠡᠷᠭᠡ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠰᠡᠷᠭᠡᠶᠢᠯᠡᠪᠡ᠃

    ᠲᠣᠭᠤᠷᠢᠨ ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ᠲᠡᠮᠦᠷ ᠵᠠᠮ ᠤᠨ ᠡᠷᠬᠢᠨ ᠲᠣᠭᠤᠷᠢᠨ ᠤ ᠣᠷᠴᠢᠨ

ᠲᠣᠭᠤᠷᠢᠨ ᠢ ᠴᠡᠪᠡᠷᠯᠡᠵᠦ᠂ ᠲᠡᠮᠦᠷ ᠵᠠᠮ ᠤᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠡᠯᠳᠡᠪ ᠪᠣᠳᠠᠰ ᠢ

ᠰᠢᠯᠵᠢᠭᠦᠯᠦᠨ ᠠᠷᠢᠯᠭᠠᠪᠠ᠃ ᠡᠭᠦᠨ ᠤ ᠬᠠᠮᠲᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠲᠤ ᠲᠡᠮᠦᠷ ᠵᠠᠮ ᠤᠨ ᠵᠠᠮ

ᠬᠠᠮᠠᠭᠠᠯᠠᠬᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠣᠯᠠᠨ ᠤ ᠠᠮᠤᠷ ᠲᠦᠪᠰᠢᠨ ᠤ ᠤᠬᠠᠮᠰᠠᠷ ᠪᠠ

ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠪᠡ᠃

    ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠᠷ ᠳᠡᠮᠵᠢᠨ᠂ ᠬᠤᠪᠢᠶᠠᠷᠢ ᠲᠠᠯᠠᠪᠠᠶ ᠳᠤ ᠲᠡᠮᠦᠷ ᠵᠠᠮ ᠤᠨ ᠵᠠᠮ

ᠬᠠᠮᠠᠭᠠᠯᠠᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠭᠰᠡᠨ ᠪᠥᠭᠡᠳ

ᠰᠢᠢᠳᠪᠦᠷᠢᠯᠡᠵᠦ᠂ ᠲᠡᠮᠦᠷ ᠵᠠᠮ ᠤᠨ ᠠᠮᠤᠷ ᠲᠦᠪᠰᠢᠨ ᠠᠵᠢᠯᠯᠠᠭᠠᠨ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃

 
ᠢᠷᠡᠯᠲᠡ᠄ ᠤᠯᠠᠭᠠᠶ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号