ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠤᠨ᠎ᠠ  ᠬᠤᠸᠠᠩ ᡁᠢ ᠴᠢᠶᠠᠩ ᠬᠦᠷᠢᠶ᠎ᠡ ᠬᠤᠰᠢᠭᠤᠨ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/9/6

     9 ᠳ᠋ᠦ᠋ᠭᠡᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ

ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋

ᠲᠡᠷᠢᠭᠦᠯᠡᠭᠴᠢ ᠬᠤᠸᠠᠩ ᡁᠢ ᠴᠢᠶᠠᠩ ᠲᠦᠩᠯᠢᠶᠣᠣ ᠬᠤᠲᠠ ᠶᠢᠨ ᠬᠦᠷᠢᠶ᠎ᠡ ᠬᠤᠰᠢᠭᠤᠨ ᠳᠤ ᠬᠦᠷᠴᠦ ᠨᠠᠮ ᠤᠨ

ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ  ᠤᠬᠠᠭᠤᠯᠤᠨ  

ᠲᠠᠶᠢᠯᠪᠤᠷᠢᠯᠠᠪᠠ᠃

     ᠬᠤᠸᠠᠩ ᡁᠢ ᠴᠢᠶᠠᠩ ᠲᠤᠬᠠᠢ ᠶᠢᠨ ᠭᠠᠵᠠᠷ ᠤᠨ ᠲᠣᠰᠬᠤᠨ ᠪᠠᠯᠭᠠᠰᠤᠨ ᠤ ᠺᠠᠳ᠋ᠷᠴᠤᠳ ᠪᠠ ᠠᠵᠤ

ᠠᠬᠤᠶᠢᠯᠠᠯ ᠤᠨ ᠲᠥᠯᠥᠭᠡᠯᠡᠭᠴᠢᠳ ᠲᠠᠢ ᠬᠠᠮᠲᠤ ᠪᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠨ

ᠲᠤᠭᠤᠰᠢᠯᠠᠭᠤᠯᠵᠤ᠂ ᠰᠤᠷᠤᠯᠴᠠᠭᠰᠠᠨ ᠲᠠᠨᠢᠯᠲᠠ ᠪᠠ ᠣᠶᠢᠯᠠᠭᠠᠯᠲᠠ ᠪᠠᠨ ᠶᠠᠷᠢᠵᠤ᠂ ᠤᠯᠠᠨ ᠲᠠᠢ ᠰᠠᠨᠠᠯ ᠢᠶᠠᠨ

ᠰᠣᠯᠢᠯᠴᠠᠵᠠᠢ᠃ ᠲᠡᠷᠡ ᠪᠠᠷ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠥᠬᠦᠳᠡ ᠬᠤᠷᠠᠯᠳᠤᠭᠠᠨ ᠤ ᠵᠣᠷᠢᠭ

ᠰᠠᠨᠠᠭ᠎ᠠ   ᠯᠤᠭ᠎ᠠ ᠦᠨᠡᠨ ᠬᠦ ᠨᠢᠭᠡᠳᠬᠡᠵᠦ᠂ ᠨᠠᠮ ᠤᠨ ᠲᠥᠪ ᠬᠤᠷᠢᠶᠠᠨ ᠤ ︽ᠲᠣᠭᠲᠠᠭᠠᠯ︾ ᠪᠠ ᠥᠪᠡᠷᠲᠡᠭᠡᠨ ᠵᠠᠰᠠᠬᠤ

ᠣᠷᠣᠨ ᠤ ᠨᠠᠮ ᠤᠨ ᠬᠤᠷᠢᠶᠠᠨ ᠤ ︽ᠰᠠᠨᠠᠯ︾ ᠤᠨ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠠᠢ ᠳᠤ

ᠰᠠᠭᠤᠷᠢᠯᠠᠨ᠂ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠵᠤ᠂

ᠣᠯᠠᠨ ᠲᠦᠮᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠵᠦ ᠪᠠᠶᠢᠭᠠᠳ ᠬᠥᠳᠡᠭᠡ ᠨᠤᠲᠤᠭ ᠤᠨ ᠠᠷᠠᠳ

ᠣᠯᠠᠨ ᠤ ᠠᠮᠢᠳᠤᠷᠠᠯ ᠢ ᠡᠳᠦᠷ ᠠᠴᠠ ᠡᠳᠦᠷ ᠥᠭᠡᠳᠡᠯᠡᠭᠦᠯᠬᠦ ᠬᠡᠷᠡᠭᠲᠡᠢ ᠭᠡᠵᠦ ᠬᠡᠯᠡᠪᠡ᠃

     ᠤᠬᠠᠭᠤᠯᠤᠨ ᠲᠠᠶᠢᠯᠪᠤᠷᠢᠯᠠᠬᠤ ᠬᠤᠭᠤᠴᠠᠭᠠᠨ ᠳᠤ᠂ ᠬᠤᠸᠠᠩ ᡁᠢ ᠴᠢᠶᠠᠩ ᠪᠠᠰᠠ ᠬᠦᠷᠢᠶ᠎ᠡ ᠬᠤᠰᠢᠭᠤᠨ ᠤ

ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠲᠠᠷᠢᠶᠠᠯᠠᠩ ᠤᠨ ᠦᠢᠯᠡᠳᠪᠦᠷᠢᠯᠡᠯ ᠳᠤ ᠪᠠᠶᠢᠴᠠᠭᠠᠨ

ᠰᠤᠳᠤᠯᠤᠯᠲᠠ ᠬᠢᠪᠡ᠃

 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号