ᠨᠢᠭᠡᠳᠦᠭᠡᠷ ᠪᠦᠯᠦᠭ ᠤᠨ ︽ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ ᠴᠢᠳᠠᠪᠤᠷᠢᠲᠠᠨ ᠥᠷᠨᠢᠭᠦᠯᠬᠦ ᠲᠤᠬᠠᠢ‌‍ᠲ᠋ᠥ᠋ᠷᠥᠯ ᠢᠯᠭᠠᠯ ᠢ ᠮᠠᠭᠠᠳᠯᠠᠨ ᠲᠣᠭᠲᠠᠭᠠᠬᠤ ᠵᠢᠴᠢ ᠲᠥᠷᠥᠯ ᠵᠦᠢᠯ ᠢ ᠭᠤᠶᠤᠴᠢᠯᠠᠨ ᠬᠢᠨᠠᠨ ᠲᠣᠭᠲᠠᠭᠠᠬᠤ ᠠᠵᠢᠯ ᠤᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2024/9/9

    ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠤᠨ ᠴᠢᠳᠠᠪᠤᠷᠢᠲᠠᠨ ᠵᠢᠴᠢ ᠪᠦᠯᠬᠦᠮ ᠢ ᠬᠥᠮᠥᠵᠢᠭᠦᠯᠦᠨ

ᠣᠷᠣᠭᠤᠯᠵᠤ ᠢᠷᠡᠬᠦ ᠪᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠤᠰᠠᠳᠠ᠂

︽︿ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ  ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ

ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ︹ 2020︺ 18

ᠳ᠋ᠤᠭᠠᠷ ᠲᠣᠭᠠᠲᠤ︶ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ

ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠲᠣᠬᠢᠷᠠᠭᠤᠯᠤᠯᠲᠠ

ᠶᠣᠰᠣᠭᠠᠷ᠂ ᠡᠳᠦᠭᠡ ︽ᠴᠢᠳᠠᠪᠤᠷᠢᠲᠠᠨ ᠢᠶᠠᠷ  ᠥᠪᠥᠷ  ᠮᠣᠩᠭᠤᠯ ᠢᠶᠠᠨ  ᠮᠠᠨᠳᠤᠭᠤᠯᠬᠤ︾ ᠢᠨᠵᠧᠨᠧᠷᠢᠩ ᠤᠨ

ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ ᠪᠠ ᠲᠥᠷᠥᠯ ᠵᠦᠢᠯ ᠢᠶᠠᠷ ᠭᠤᠶᠤᠴᠢᠯᠠᠨ ᠮᠡᠳᠡᠭᠦᠯᠵᠦ

ᠬᠢᠨᠠᠨ ᠲᠣᠭᠲᠠᠭᠠᠬᠤ ᠠᠵᠢᠯ ᠢ ᠥᠷᠨᠢᠭᠦᠯᠬᠦ ᠲᠤᠬᠠᠢ ᠳᠣᠣᠷᠠᠬᠢ ᠮᠡᠲᠦ ᠮᠡᠳᠡᠭᠳᠡᠪᠡ᠃

   ᠨᠢᠭᠡ᠂ ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ

   ︵ᠨᠢᠭᠡ︶ᠭᠤᠶᠤᠴᠢᠯᠠᠨ ᠮᠡᠳᠡᠭᠦᠯᠦᠭᠴᠢ ᠶᠢᠨ ᠬᠡᠪᠴᠢᠶ᠎ᠡ

   ᠨᠢᠭᠡ ᠠᠴᠠ ᠵᠢᠷᠭᠤᠳᠤᠭᠠᠷ ᠲᠥᠷᠥᠯ ᠤᠨ ᠴᠢᠳᠠᠪᠤᠷᠢᠲᠠᠨ ᠤ ᠲᠥᠷᠥᠯ ᠬᠤᠪᠢᠶᠠᠬᠤ ᠪᠠᠷᠢᠮᠵᠢᠶ᠎ᠠ ᠳᠤ ᠨᠡᠶᠢᠴᠡᠭᠰᠡᠨ

ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ( ᠨᠡᠶᠢᠲᠡ ᠶᠢᠨ

ᠥᠮᠴᠢᠯᠡᠯ ᠤᠨ ᠪᠤᠰᠤ ᠠᠵᠤ  ᠠᠬᠤᠶᠢᠯᠠᠯ᠂ ᠠᠵᠤ ᠠᠬᠤᠢ ᠶᠢᠨ ᠬᠤᠪᠢ ᠨᠡᠮᠡᠷᠢ ᠲᠠᠢ ᠲᠥᠪ ᠤᠨ ᠬᠠᠷᠢᠶ᠎ᠠ ᠠᠵᠤ

ᠠᠬᠤᠶᠢᠯᠠᠯ ᠪᠠᠭᠲᠠᠨ᠎ᠠ ) ᠶᠢᠨ ᠪᠦᠷᠢᠨ ᠲᠤᠰᠢᠶᠠᠯ ᠲᠠᠢ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠠᠵᠤ

ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠳᠡᠭᠡᠳᠦ ᠮᠡᠷᠭᠡᠵᠢᠯ ᠤᠨ ᠴᠢᠳᠠᠪᠤᠷᠢᠲᠠᠨ ᠪᠠ

ᠪᠡᠶ᠎ᠡ ᠪᠠᠨ ᠳᠠᠭᠠᠭᠠᠵᠤ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠦᠬᠦ ᠣᠷᠣᠨ ᠤ ᠡᠯ᠎ᠡ ᠲᠥᠷᠥᠯ ᠤᠨ ᠰᠢᠨ᠎ᠡ ᠶᠢ

ᠡᠭᠦᠳᠬᠦ ᠭᠤᠣᠯ ᠴᠣᠭᠴᠠ ᠶᠢᠨ ᠬᠥᠭᠵᠢᠭᠰᠡᠨ ᠭᠠᠵᠠᠷ ᠣᠷᠣᠨ ᠳᠤ ᠪᠠᠶᠢᠭᠤᠯᠤᠭᠰᠠᠨ ᠰᠤᠳᠤᠯᠤᠨ ᠨᠡᠭᠡᠭᠡᠬᠦ ᠲᠥᠪ᠂

ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢᠰᠬᠦ ᠭᠠᠵᠠᠷ᠂ ᠭᠠᠷᠠᠮ ᠠᠴᠠ ᠰᠠᠯᠤᠭᠰᠠᠨ ᠰᠢᠨ᠎ᠡ ᠶᠢ

ᠡᠭᠦᠳᠬᠦ ᠰᠠᠭᠤᠷᠢᠨ ᠭᠠᠵᠠᠷ ᠵᠢᠴᠢ ᠲᠡᠭᠦᠨ ᠤ  ᠪᠦᠷᠢᠨ ᠲᠤᠰᠢᠶᠠᠯ  ᠲᠠᠢ  ᠤᠷᠢᠨ ᠬᠡᠷᠡᠭᠯᠡᠵᠦ᠂ ᠣᠷᠣᠨ ᠤ ᠳᠣᠲᠣᠷ᠎ᠠ

ᠰᠢᠨᠵᠢᠯᠡᠬᠦ ᠤᠬᠠᠭᠠᠨ ᠤ ᠰᠤᠳᠤᠯᠤᠯ ᠪᠠ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠥᠷᠨᠢᠭᠦᠯᠦᠨ᠎ᠡ; ᠵᠢᠯ ᠪᠦᠷᠢ

ᠥᠪᠡᠷᠲᠡᠭᠡᠨ ᠵᠠᠰᠠᠬᠤ ᠣᠷᠣᠨ ᠳᠤ 3 ᠰᠠᠷ᠎ᠠ ᠠᠴᠠ ᠳᠡᠭᠡᠭᠰᠢ ᠠᠵᠢᠯᠯᠠᠭᠰᠠᠨ ᠤᠶᠠᠨ ᠬᠠᠲᠠᠨ ᠴᠢᠳᠠᠪᠤᠷᠢᠲᠠᠨ ᠢ

ᠣᠷᠣᠭᠤᠯᠤᠨ ᠠᠪᠴᠢᠷᠠᠨ᠎ᠠ᠃ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠲᠠᠨ (ᠲᠤᠰᠬᠠᠢ ᠮᠡᠷᠭᠡᠵᠢᠯ ᠤᠨ

ᠲᠥᠷᠥᠯ ᠤᠨ ᠠᠯᠪᠠᠲᠠᠨ ᠪᠠᠭᠲᠠᠬᠤ ᠦᠭᠡᠢ)᠂ ᠠᠯᠪᠠᠲᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠬᠤ ᠠᠵᠢᠯᠲᠠᠨ ᠢ

ᠵᠠᠷᠴᠢᠮ ᠳᠡᠭᠡᠷ᠎ᠡ ᠪᠠᠨ ᠦᠨᠡᠮᠰᠢᠬᠦ ᠬᠡᠪᠴᠢᠶᠡᠨ ᠳᠤ ᠣᠷᠣᠭᠤᠯᠬᠤ ᠦᠭᠡᠢ᠃

   ᠣᠳᠣᠬᠠᠨ ᠳᠤ ᠥᠪᠡᠷᠲᠡᠭᠡᠨ ᠵᠠᠰᠠᠬᠤ ᠣᠷᠣᠨ ᠳᠤ ᠪᠣᠳᠠᠲᠠᠢ ᠨᠢᠭᠡᠴᠢ ᠪᠠᠶᠢᠬᠤ ᠦᠭᠡᠢ ᠪᠥᠭᠡᠳ ᠥᠪᠥᠷ

ᠮᠣᠩᠭᠤᠯ ᠳᠤ ᠠᠵᠢᠯᠯᠠᠬᠤ ᠰᠠᠨᠠᠭ᠎ᠠ ᠲᠠᠢ ᠴᠢᠳᠠᠪᠤᠷᠢᠲᠠᠨ ᠤᠷᠢᠳᠠᠪᠠᠷ ᠣᠷᠣᠭᠤᠯᠤᠨ ᠠᠪᠴᠢᠷᠠᠬᠤ ᠴᠢᠳᠠᠪᠤᠷᠢᠲᠠᠨ ᠤ

ᠬᠢᠷᠢ ᠬᠡᠮ ᠤᠨ ᠨᠥᠬᠦᠴᠡᠯ ᠶᠣᠰᠣᠭᠠᠷ ᠲᠤᠷᠰᠢᠨ ᠭᠤᠶᠤᠴᠢᠯᠠᠨ ᠮᠡᠳᠡᠭᠦᠯᠵᠦ ᠪᠣᠯᠣᠨ᠎ᠠ ︵ᠴᠢᠳᠠᠪᠤᠷᠢᠲᠠᠨ ᠤ ᠲᠥᠷᠥᠯ

ᠬᠡᠯᠪᠡᠷᠢ ᠠᠴᠠ ︽ᠥᠪᠥᠷ ᠮᠣᠩᠭᠤᠯ ᠳᠤ ᠢᠷᠡᠵᠦ ᠠᠵᠢᠯᠯᠠᠬᠤ ᠰᠠᠨᠠᠭ᠎ᠠ ᠲᠠᠢ︾ ᠶᠢ ᠰᠣᠩᠭᠤᠵᠤ᠂ ᠤᠷᠢᠳᠴᠢᠯᠠᠨ

ᠮᠠᠭᠠᠳᠯᠠᠨ ᠲᠣᠭᠲᠠᠭᠠᠨ᠎ᠠ᠃ ᠤᠷᠢᠳᠴᠢᠯᠠᠨ ᠮᠠᠭᠠᠳᠯᠠᠨ ᠲᠣᠭᠲᠠᠭᠠᠬᠤ ᠬᠢᠷᠢ ᠭᠡᠮ ᠢ ᠣᠯᠣᠭᠰᠠᠨ ᠴᠢᠳᠠᠪᠤᠷᠢᠲᠠᠨ

ᠥᠪᠡᠷᠲᠡᠭᠡᠨ ᠵᠠᠰᠠᠬᠤ ᠣᠷᠣᠨ ᠳᠤ ᠵᠢᠩᠬᠢᠨᠢ ᠪᠠᠷ ᠣᠷᠣᠭᠤᠯᠤᠨ ᠠᠪᠴᠢᠷᠠᠭᠰᠠᠨ ᠤ ᠳᠠᠷᠠᠭ᠎ᠠ ︵ᠬᠥᠮᠥᠨ ᠬᠡᠷᠡᠭᠯᠡᠬᠦ

ᠨᠢᠭᠡᠴᠡ ᠲᠠᠢ ᠵᠢᠩᠬᠢᠨᠢ ᠬᠥᠳᠡᠯᠮᠦᠷᠢ ᠶᠢᠨ ᠭᠡᠷ᠎ᠡ ᠲᠣᠭᠲᠠᠬᠤ ᠪᠤᠶᠤ ᠤᠷᠢᠨ ᠬᠡᠷᠡᠭᠯᠡᠬᠦ ᠭᠡᠷ᠎ᠡ᠂ ᠳᠠᠩᠰᠠᠯᠠᠭᠤᠯᠤᠭᠰᠠᠨ

ᠠᠵᠤ ᠠᠬᠤᠶᠢᠯᠠᠯ︶᠂ ᠵᠣᠬᠢᠬᠤ ᠳᠡᠰ ᠳᠠᠪᠬᠤᠷᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠷᠠᠭᠠᠯᠵᠠᠯ ᠤᠨ ᠪᠠᠲᠤᠯᠠᠭ᠎ᠠ ᠶᠢ

ᠨᠠᠶᠢᠳᠠᠪᠤᠷᠢᠵᠢᠭᠤᠯᠤᠨ᠎ᠠ᠃ ᠤᠷᠢᠳᠴᠢᠯᠠᠨ ᠮᠠᠭᠠᠳᠯᠠᠨ ᠲᠣᠭᠲᠠᠭᠠᠬᠤ ᠬᠢᠷᠢ ᠭᠡᠮ ᠨᠢ ᠬᠠᠭᠠᠰ ᠵᠢᠯ ᠤᠨ ᠳᠣᠲᠣᠷ᠎ᠠ

ᠬᠦᠴᠦᠨ ᠲᠠᠢ᠃

   ︵ᠬᠤᠶᠠᠷ︶ᠭᠤᠶᠤᠴᠢᠯᠠᠨ ᠮᠡᠳᠡᠭᠦᠯᠬᠦ ᠨᠥᠬᠦᠴᠡᠯ

   1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠢ ᠬᠠᠶᠢᠷᠠᠯᠠᠵᠤ᠂ ᠤᠯᠤᠰ ᠤᠨ ᠬᠠᠤᠯᠢ ᠴᠠᠭᠠᠵᠠ ᠬᠠᠤᠯᠢ

ᠲᠣᠭᠲᠠᠭᠠᠯ ᠢ ᠵᠢᠷᠤᠮᠯᠠᠨ᠂ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠬᠦᠷᠢᠶᠡᠯᠡᠵᠦ᠂ ᠳᠤᠮᠳᠠᠳᠤ ᠶᠢᠨ

ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ

ᠱᠤᠭᠤᠮ ᠢ ᠲᠤᠤᠱᠯᠠᠭᠤᠯᠤᠨ᠎ᠠ᠃

   2. ᠪᠡᠶ᠎ᠡ ᠮᠠᠬᠠᠪᠤᠳ ᠡᠷᠡᠭᠦᠯ ᠴᠢᠭᠢᠷᠠᠭ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠡᠭᠦᠳᠦᠨ

ᠪᠦᠲᠦᠭᠡᠬᠦ ᠠᠵᠢᠯ ᠢ ᠬᠢᠵᠦ ᠴᠢᠳᠠᠨ᠎ᠠ᠃

   3᠂ ᠠᠵᠢᠯ ᠮᠡᠷᠭᠡᠵᠢᠯ ᠤᠨ ᠶᠣᠰᠣ ᠮᠣᠷᠠᠯ ᠪᠠ ᠴᠢᠩᠭ᠎ᠠ ᠨᠢᠮᠪᠠᠢ ᠰᠢᠨᠵᠢᠯᠡᠬᠦ ᠤᠬᠠᠭᠠᠨ ᠤ ᠰᠤᠳᠤᠯᠭᠠᠨ ᠤ

ᠰᠤᠷᠲᠠᠯ ᠲᠠᠢ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠵᠤ ᠡᠭᠦᠳᠦᠨ ᠪᠦᠲᠦᠭᠡᠬᠦ ᠨᠡᠯᠢᠶᠡᠳ ᠴᠢᠩᠭ᠎ᠠ

ᠴᠢᠳᠠᠪᠤᠷᠢ ᠲᠠᠢ︔ ᠬᠤᠪᠢ ᠬᠥᠮᠥᠨ ︵ᠤᠤᠯ ᠨᠢ ᠠᠵᠤ ᠠᠬᠤᠶᠢᠯᠠᠯ ᠪᠠᠭᠲᠠᠨ᠎ᠠ︶ ᠤ ᠢᠲᠡᠭᠡᠮᠵᠢ ᠶᠢᠨ ᠲᠡᠮᠳᠡᠭᠯᠡᠯ ᠰᠠᠶᠢᠨ

ᠪᠠᠶᠢᠵᠤ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ ᠵᠢᠭᠰᠠᠭᠠᠭᠳᠠᠭᠰᠠᠨ ᠦᠭᠡᠢ᠃

   4. ᠨᠢᠭᠡᠳᠦᠭᠡᠷ᠂ ᠬᠤᠶᠠᠳᠤᠭᠠᠷ ᠲᠥᠷᠥᠯ ᠤᠨ ᠴᠢᠳᠠᠪᠤᠷᠢᠲᠠᠨ ᠢ ᠨᠠᠰᠤᠨ ᠤ ᠬᠢᠵᠠᠭᠠᠷᠯᠠᠯ ᠳᠤ ᠤᠴᠠᠷᠠᠭᠤᠯᠬᠤ

ᠦᠭᠡᠢ᠂ ᠭᠤᠷᠪᠠ᠂ ᠳᠥᠷᠪᠡᠳᠦᠭᠡᠷ ᠲᠥᠷᠥᠯ ᠤᠨ ᠴᠢᠳᠠᠪᠤᠷᠢᠲᠠᠨ ᠢ ᠪᠦᠬᠦᠯᠢ 60 ᠨᠠᠰᠤᠨ ᠠᠴᠠ ᠬᠡᠲᠦᠷᠡᠭᠦᠯᠬᠦ ᠦᠭᠡᠢ

︵1964 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠰᠡᠭᠦᠯᠡᠷ ᠲᠥᠷᠥᠭᠰᠡᠨ︶ ᠭᠤᠶᠤᠴᠢᠯᠠᠨ ᠮᠡᠳᠡᠭᠦᠯᠬᠦ ᠳᠤ᠂

ᠲᠠᠪᠤ᠂ ᠵᠢᠷᠭᠤᠳᠤᠭᠠᠷ ᠲᠥᠷᠥᠯ ᠤᠨ ᠴᠢᠳᠠᠪᠤᠷᠢᠲᠠᠨ ᠢ 50 ᠪᠦᠬᠦᠯᠢ ᠨᠠᠰᠤ ︵1974 ᠣᠨ ᠤ 1 ᠳ᠋ᠦ᠋ᠭᠡᠷ ᠰᠠᠷ᠎ᠠ ᠶᠢᠨ

1 ᠤ ᠡᠳᠦᠷ ᠠᠴᠠ ᠰᠡᠭᠦᠯᠡᠷ ᠲᠥᠷᠥᠭᠰᠡᠨ︶ ᠭᠤᠶᠤᠴᠢᠯᠠᠨ ᠮᠡᠳᠡᠭᠦᠯᠵᠦ᠂ ᠴᠢᠳᠠᠪᠤᠷᠢ ᠶᠢᠨ ᠠᠮᠵᠢᠯᠲᠠ ᠪᠦᠲᠦᠮᠵᠢ ᠪᠠᠷ

ᠣᠨᠴᠠᠭᠠᠢ ᠲᠣᠪᠣᠶᠢᠮ᠎ᠠ ᠪᠤᠶᠤ ᠥᠪᠡᠷᠲᠡᠭᠡᠨ ᠵᠠᠰᠠᠬᠤ ᠣᠷᠣᠨ ᠤ ᠭᠤᠣᠯᠯᠠᠬᠤ ᠠᠵᠤ ᠦᠢᠯᠡᠰ᠂ ᠪᠠᠶᠢᠯᠳᠤᠬᠤ

ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ

ᠪᠠᠶᠢᠭ᠎ᠠ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠢᠶᠠᠷ ᠨᠠᠰᠤᠨ ᠤ ᠬᠢᠵᠠᠭᠠᠷᠯᠠᠯ ᠢ ᠵᠣᠬᠢᠰᠲᠠᠢ ᠪᠠᠷ ᠠᠭᠤᠵᠢᠭᠤ

ᠪᠣᠯᠭᠠᠵᠤ ᠪᠣᠯᠣᠨ᠎ᠠ᠃

   ᠬᠤᠶᠠᠷ᠂ ᠲᠥᠷᠥᠯ ᠵᠦᠢᠯ ᠢ ᠬᠢᠨᠠᠨ ᠲᠣᠭᠲᠠᠭᠠᠬᠤ

   ︵ᠨᠢᠭᠡ︶ᠪᠦᠯᠬᠦᠮ ᠨᠢᠭᠡᠴᠢ ᠶᠢᠨ ᠲᠦᠷᠦᠯ ᠵᠦᠢᠯ

   50 ᠣᠷᠴᠢᠮ ᠨᠢ ᠨᠢᠭᠡ ᠠᠴᠠ ᠵᠢᠷᠭᠤᠳᠤᠭᠠᠷ ᠲᠥᠷᠥᠯ ᠤᠨ ᠴᠢᠳᠠᠪᠤᠷᠢᠲᠠᠨ ᠢᠶᠠᠷ ᠲᠦᠷᠦᠭᠦᠯᠡᠭᠦᠯᠦᠭᠰᠡᠨ

ᠪᠦᠯᠬᠦᠮ ᠤᠨ ᠲᠥᠷᠥᠯ ᠵᠦᠢᠯ ᠢ ᠰᠢᠯᠭᠠᠷᠠᠭᠤᠯᠵᠤ  ᠳᠡᠮᠵᠢᠨ᠎ᠡ᠃ ᠡᠭᠦᠨ ᠳᠤ᠂ ᠪᠠᠶᠢᠭᠠᠯᠢ ᠶᠢᠨ ᠰᠢᠨᠵᠢᠯᠡᠬᠦ ᠤᠬᠠᠭᠠᠨ

ᠪᠠ ᠢᠨᠵᠧᠨᠧᠷᠢᠩ ᠤᠨ ᠮᠡᠷᠭᠡᠵᠢᠯ ᠤᠨ ᠲᠥᠷᠥᠯ ᠤᠨ ᠨᠢᠭᠡᠳᠦᠭᠡᠷ ᠳᠡᠰ ᠳᠠᠪᠬᠤᠷᠭ᠎ᠠ ᠶᠢᠨ ᠪᠦᠯᠬᠦᠮ ᠨᠡᠶᠢᠲᠡ ᠶᠢᠨ 15

ᠲᠥᠷᠥᠯ ᠵᠦᠢᠯ ︵ᠵᠢᠯ ᠪᠦᠷᠢ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ 80 ᠲᠦᠮᠡᠨ ᠲᠥᠭᠦᠷᠢᠭ ᠣᠯᠭᠤᠵᠤ᠂

3 ᠵᠢᠯ ᠳᠠᠷᠠᠭᠠᠯᠠᠨ ᠬᠤᠶᠠᠳᠤᠭᠠᠷ ᠳᠡᠰ ᠳᠠᠪᠬᠤᠷᠭ᠎ᠠ ᠶᠢᠨ ᠪᠦᠯᠬᠦᠮ ᠨᠡᠶᠢᠲᠡ ᠶᠢᠨ ᠲᠥᠷᠥᠯ ᠵᠦᠢᠯ 20 ︵ᠵᠢᠯ ᠪᠦᠷᠢ

ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ 50 ᠲᠦᠮᠡᠨ ᠲᠥᠭᠦᠷᠢᠭ ᠣᠯᠭᠤᠵᠤ᠂ 3 ᠵᠢᠯ ᠳᠠᠷᠠᠭᠠᠯᠠᠨ

ᠳᠡᠮᠵᠢᠨ᠎ᠡ︶︔ ᠭᠦᠨ ᠤᠬᠠᠭᠠᠨ ᠪᠠ ᠨᠡᠶᠢᠭᠡᠮ ᠤᠨ ᠰᠢᠨᠵᠢᠯᠡᠬᠦ ᠤᠬᠠᠭᠠᠨ ᠤ ᠲᠥᠷᠥᠯ ᠤᠨ ᠨᠢᠭᠡᠳᠦᠭᠡᠷ ᠳᠡᠰ

ᠳᠠᠪᠬᠤᠷᠭ᠎ᠠ ᠶᠢᠨ ᠪᠦᠯᠬᠦᠮ ᠨᠡᠶᠢᠲᠡ ᠶᠢᠨ ᠲᠥᠷᠥᠯ ᠵᠦᠢᠯ 5 ︵ᠵᠢᠯ ᠪᠦᠷᠢ ᠰᠢᠨᠵᠢᠯᠡᠬᠦ ᠤᠬᠠᠭᠠᠨ ᠤ ᠰᠤᠳᠤᠯᠭᠠᠨ ᠤ

ᠵᠠᠷᠤᠳᠠᠯ 15 ᠲᠦᠮᠡᠨ ᠲᠥᠭᠦᠷᠢᠭ ᠣᠯᠭᠤᠵᠤ᠂ 3 ᠵᠢᠯ ᠳᠠᠷᠠᠭᠠᠯᠠᠨ ᠳᠡᠮᠵᠢᠨ᠎ᠡ︶᠂ ᠬᠤᠶᠠᠳᠤᠭᠠᠷ ᠳᠡᠰ ᠤᠨ ᠪᠦᠯᠬᠦᠮ

ᠨᠡᠶᠢᠲᠡ ᠶᠢᠨ 10 ᠲᠥᠷᠥᠯ ᠵᠦᠢᠯ ︵ᠵᠢᠯ ᠪᠦᠷᠢ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ 10 ᠲᠦᠮᠡᠨ

ᠲᠥᠭᠦᠷᠢᠭ ᠣᠯᠭᠤᠵᠤ᠂ 3 ᠵᠢᠯ ᠳᠠᠷᠠᠭᠠᠯᠠᠨ ᠳᠡᠮᠵᠢᠨ᠎ᠡ︶ ᠪᠠᠶᠢᠨ᠎ᠠ᠃

   ᠮᠡᠳᠡᠭᠦᠯᠬᠦ ᠨᠥᠬᠦᠴᠡᠯ ᠨᠢ ᠳᠣᠣᠷᠠᠬᠢ ᠮᠡᠲᠦ᠄

   1. ᠪᠦᠯᠬᠦᠮ ᠪᠦᠯᠬᠦᠮ ᠨᠢ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠪᠠ

ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠣᠭᠤᠷᠢᠨ ᠳᠤ᠂ ᠡᠰᠡᠬᠦᠯ᠎ᠡ ᠥᠪᠡᠷᠲᠡᠭᠡᠨ

ᠵᠠᠰᠠᠬᠤ ᠣᠷᠣᠨ ᠤ ᠲᠠᠰ ᠠᠴᠠ ᠳᠡᠭᠡᠭᠰᠢᠬᠢ ᠭᠤᠣᠯᠳᠠᠯᠭ᠎ᠠ ᠲᠠᠢ ᠰᠤᠳᠤᠯᠭᠠᠨ ᠤ ᠰᠠᠭᠤᠷᠢᠨ ᠭᠠᠵᠠᠷ᠂

ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠠᠷ ᠲᠦᠰᠢᠭ ᠪᠣᠯᠭᠠᠵᠤ᠂ ᠭᠤᠣᠯᠯᠠᠬᠤ ᠪᠦᠷᠢᠯᠳᠦᠭᠦᠨ ᠨᠢ 3 ᠠᠴᠠ

ᠳᠤᠲᠠᠭᠤ ᠦᠭᠡᠢ ᠪᠠᠶᠢᠬᠤ ᠮᠥᠷᠲᠡᠭᠡᠨ ᠬᠠᠷᠢᠴᠠᠩᠭᠤᠢ ᠲᠥᠪᠯᠡᠷᠡᠭᠰᠡᠨ ᠰᠤᠳᠤᠯᠭᠠᠨ ᠤ ᠴᠢᠭᠯᠡᠯ ᠵᠢᠴᠢ ᠲᠤᠰᠬᠠᠢ

ᠮᠡᠷᠭᠡᠵᠢᠯ᠂ ᠨᠠᠰᠤᠨ ᠤ ᠪᠦᠲᠦᠴᠡ ᠪᠠ ᠡᠭᠦᠷᠭᠡ ᠬᠠᠷᠢᠭᠤᠴᠠᠯᠭ᠎ᠠ ᠶᠢᠨ ᠵᠣᠬᠢᠰᠲᠠᠢ ᠬᠤᠪᠢᠶᠠᠷᠢᠯᠠᠯ ᠲᠠᠢ ᠪᠠᠶᠢᠵᠤ᠂

ᠳ᠋ᠣᠺᠲ᠋ᠣᠷ ᠴᠣᠯᠠ ᠬᠠᠮᠠᠭᠠᠯᠠᠬᠤ ᠪᠤᠶᠤ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠴᠣᠯᠠ ᠲᠠᠢ ᠪᠣᠯ ᠡᠩ ᠤᠨ

ᠪᠠᠶᠢᠳᠠᠯ ᠳᠤ ᠭᠤᠷᠪᠠᠨ ᠤ ᠨᠢᠭᠡ ᠠᠴᠠ ᠳᠤᠲᠠᠭᠤ ᠪᠠᠶᠢᠯᠭᠠᠵᠤ ᠪᠣᠯᠬᠤ ᠦᠭᠡᠢ᠃

   2. ᠪᠦᠯᠬᠦᠮ ᠤᠨ ᠳᠠᠭᠠᠭᠤᠯᠤᠭᠴᠢ ᠨᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠰᠤᠳᠤᠯᠭᠠᠨ᠂

ᠵᠢᠭᠠᠨ ᠰᠤᠷᠭᠠᠯᠲᠠ᠂ ᠰᠤᠳᠤᠯᠤᠨ ᠨᠡᠭᠡᠭᠡᠬᠦ ᠨᠢᠭᠡᠳᠦᠭᠡᠷ ᠹᠷᠣᠨᠲ ᠤᠨ ᠠᠵᠢᠯ ᠤᠨ ᠪᠦᠬᠦᠯᠢ ᠠᠵᠢᠯᠲᠠᠨ ᠪᠠᠶᠢᠬᠤ

ᠬᠡᠷᠡᠭᠲᠡᠢ᠂ ᠡᠩ ᠤᠨ ᠪᠠᠶᠢᠳᠠᠯ ᠳᠤ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠪᠠᠶᠢᠬᠤ ᠬᠡᠷᠡᠭᠲᠡᠢ᠂ ᠤᠯᠤᠰ ᠤᠨ

ᠳᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠡᠷᠬᠢᠯᠡᠨ ᠬᠢᠵᠦ ᠪᠠᠶᠢᠭ᠎ᠠ ᠥᠩᠭᠡᠷᠡᠯᠲᠡ ᠲᠠᠢ᠂

ᠰᠤᠳᠤᠯᠤᠨ ᠨᠡᠭᠡᠭᠡᠬᠦ ᠴᠢᠳᠠᠪᠤᠷᠢ ᠪᠠ ᠠᠵᠢᠯ ᠤᠨ ᠦᠷ᠎ᠡ ᠪᠦᠲᠦᠭᠡᠯ ᠢ ᠤᠯᠤᠰ ᠤᠨ ᠳᠣᠲᠣᠭᠠᠳᠤ ᠭᠠᠳᠠᠭᠠᠳᠤ ᠶᠢᠨ

ᠠᠵᠢᠯ ᠨᠢᠭᠡᠲᠡᠨ ᠳᠤ ᠨᠡᠶᠢᠲᠡ ᠪᠠᠷ ᠢᠶᠠᠨ ᠵᠥᠪᠰᠢᠶᠡᠷᠡᠭᠳᠡᠭᠰᠡᠨ᠂ ᠡᠰᠡᠬᠦᠯ᠎ᠡ ᠠᠵᠤ ᠠᠬᠤᠶᠢᠯᠠᠯ ᠪᠤᠶᠤ ᠪᠤᠰᠤᠳ ᠠᠵᠤ

ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠡᠭᠦᠳᠦᠨ ᠪᠠᠶᠢᠭᠤᠯᠤᠭᠴᠢ᠂ ᠪᠣᠳᠠᠲᠠᠢ ᠡᠵᠡᠮᠳᠡᠭᠴᠢ ᠪᠠᠶᠢᠵᠤ᠂ ᠰᠢᠨ᠎ᠡ ᠶᠢ

ᠡᠭᠦᠳᠴᠦ ᠠᠳᠠᠯ ᠦᠢᠯᠡᠰ ᠴᠣᠭᠴᠠᠯᠠᠬᠤ ᠵᠣᠷᠢᠭ ᠰᠠᠨᠠᠭ᠎ᠠ᠂ ᠵᠠᠬ᠎ᠠ ᠳᠡᠯᠭᠡᠭᠦᠷ ᠢ ᠨᠡᠭᠡᠭᠡᠬᠦ ᠪᠠ ᠡᠵᠡᠩᠨᠡᠨ ᠬᠠᠮᠢᠶᠠᠷᠬᠤ

ᠨᠡᠯᠢᠶᠡᠳ ᠴᠢᠩᠭ᠎ᠠ ᠴᠢᠳᠠᠪᠤᠷᠢ ᠲᠠᠢ ᠪᠠᠶᠢᠬᠤ ᠬᠡᠷᠡᠭᠲᠡᠢ᠃

   3. ᠪᠦᠯᠬᠦᠮ ᠨᠡᠶᠢᠲᠡ ᠨᠢ ᠥᠪᠡᠷᠲᠡᠭᠡᠨ ᠵᠠᠰᠠᠬᠤ ᠣᠷᠣᠨ ᠤ ︽ᠲᠠᠪᠤᠨ  ᠶᠡᠭᠡ ᠡᠭᠦᠷᠭᠡ︾ ᠪᠠ ᠠᠵᠤ ᠠᠬᠤᠢ

ᠨᠡᠶᠢᠭᠡᠮ ᠤᠨ ᠬᠥᠭᠵᠢᠯᠲᠡ ᠳᠤ ᠬᠡᠷᠡᠭᠰᠡᠬᠦ ᠰᠤᠳᠤᠯᠭᠠᠨ ᠤ ᠦᠷ᠎ᠡ ᠪᠦᠲᠦᠭᠡᠯ ᠲᠠᠢ ᠪᠠᠶᠢᠪᠠᠯ ᠵᠣᠬᠢᠨ᠎ᠠ᠂ ᠡᠩ ᠤᠨ

ᠪᠠᠶᠢᠳᠠᠯ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠥᠭᠡᠳ ᠨᠢᠭᠡᠨᠲᠡ ᠨᠠᠶᠢᠳᠠᠪᠤᠷᠢᠵᠢᠭᠤᠯᠤᠨ

ᠤᠯᠠᠷᠢᠭᠤᠯᠤᠨ ᠬᠤᠪᠢᠷᠠᠭᠤᠯᠤᠭᠠᠳ  ᠵᠣᠬᠢᠬᠤ  ᠠᠵᠤ ᠠᠬᠤᠢ ᠶᠢᠨ ᠦᠷ᠎ᠡ ᠠᠰᠢᠭ ᠣᠯᠵᠤ᠂︽ᠪᠣᠭᠤᠮᠢᠯᠠᠬᠤ︾ ᠮᠡᠷᠭᠡᠵᠢᠯ᠂

ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠠᠰᠠᠭᠤᠳᠠᠯ ᠤᠨ ᠦᠷᠭᠦᠯᠵᠢᠯᠡᠨ ᠰᠢᠨ᠎ᠡ ᠶᠢ ᠡᠭᠦᠳᠬᠦ

ᠴᠢᠳᠠᠪᠤᠷᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠲᠠᠢ ᠪᠠᠶᠢᠵᠤ᠂

ᠮᠡᠷᠭᠡᠵᠢᠯ ᠤᠨ ᠬᠢᠷᠢ ᠬᠡᠮᠵᠢᠶ᠎ᠡ ᠨᠢ ᠠᠳᠠᠯᠢ ᠠᠵᠢᠯ ᠲᠥᠷᠥᠯ ᠤᠨ ᠳᠤᠮᠳᠠ ᠢᠯᠡᠳᠲᠡ ᠥᠷᠢᠰᠦᠯᠳᠦᠬᠦ ᠳᠠᠪᠠᠭᠤᠯᠢᠭ 

 ᠲᠠᠢ ᠪᠠᠶᠢᠬᠤ ᠬᠡᠷᠡᠭᠲᠡᠢ᠃

   4. ᠪᠦᠯᠬᠦᠮ ᠨᠡᠶᠢᠲᠡ ᠲᠦᠷᠦᠭᠦᠯᠡᠨ ᠠᠵᠤ ᠠᠬᠤᠶᠢᠯᠠᠯ ᠤᠨ ᠡᠵᠡᠨ ᠪᠤᠶᠤ ᠪᠣᠳᠠᠲᠠᠢ ᠡᠵᠡᠮᠰᠢᠭᠴᠢ ᠶᠢᠨ

︵ᠨᠢᠭᠡᠳᠦᠭᠡᠷ ᠲᠣᠮᠣ ᠬᠤᠪᠢ ᠣᠷᠣᠭᠤᠯᠤᠭᠴᠢ ᠪᠤᠶᠤ ᠬᠠᠤᠯᠢ ᠶᠢᠨ ᠡᠷᠬᠡᠲᠡᠨ ᠤ ᠲᠥᠯᠥᠭᠡᠯᠡᠭᠴᠢ︶ ᠪᠠᠶᠢᠵᠤ᠂ ᠪᠠᠶᠢᠭ᠎ᠠ

ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠤᠯᠤᠨ ᠳᠠᠩᠰᠠᠯᠠᠭᠤᠯᠤᠭᠠᠳ ᠪᠦᠬᠦᠯᠢ 2 ᠵᠢᠯ

ᠪᠣᠯᠪᠠ ︵2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠳᠠᠩᠰᠠᠯᠠᠭᠤᠯᠤᠨ᠎ᠠ︶᠂ ᠰᠤᠳᠤᠯᠭᠠᠨ ᠤ

ᠦᠷ᠎ᠡ ᠪᠦᠲᠦᠭᠡᠯ ᠨᠢ ᠨᠢᠭᠡᠨᠲᠡ ᠦᠢᠯᠡᠳᠬᠦᠨ ᠤ ᠵᠠᠪᠰᠠᠷ ᠤᠨ ᠲᠤᠷᠰᠢᠯᠲᠠ ᠪᠤᠶᠤ ᠠᠵᠤ ᠦᠢᠯᠡᠰᠵᠢᠯᠲᠡ ᠶᠢᠨ

ᠱᠠᠲᠤᠨ ᠳᠤ ᠣᠷᠣᠭᠰᠠᠨ ᠪᠠᠶᠢᠨ᠎ᠠ᠃ ᠠᠰᠢᠭ ᠣᠯᠵᠠᠪᠤᠷᠢ ᠶᠢᠨ ᠴᠢᠳᠠᠪᠤᠷᠢ ᠪᠠ ᠵᠠᠬ᠎ᠠ ᠳᠡᠯᠭᠡᠭᠦᠷ ᠤᠨ ᠠᠯᠤᠰ

ᠢᠷᠡᠭᠡᠳᠦᠢ ᠲᠠᠢ ᠪᠠᠶᠢᠵᠤ᠂ 2 ᠵᠢᠯ ᠤᠨ ᠦᠢᠯᠡᠳᠬᠦᠨ ᠤ ᠥᠷᠲᠡᠭ ᠨᠢ 2000 ᠲᠦᠮᠡᠨ ᠲᠥᠭᠦᠷᠢᠭ ᠠᠴᠠ ᠳᠣᠣᠷ᠎ᠠ

ᠦᠭᠡᠢ᠂ ᠴᠡᠪᠡᠷ ᠠᠰᠢᠭ ᠣᠯᠵᠠᠪᠤᠷᠢ ᠨᠢ 300 ᠲᠦᠮᠡᠨ ᠲᠥᠭᠦᠷᠢᠭ ᠠᠴᠠ ᠳᠣᠣᠷ᠎ᠠ ᠦᠭᠡᠢ ᠪᠠᠶᠢᠵᠤ᠂ ᠳᠡᠭᠡᠷ᠎ᠡ ᠨᠢᠭᠡ

ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢᠨ ᠬᠦᠴᠦᠯᠡᠴᠡ ᠨᠢ 5% ᠠᠴᠠ ᠳᠡᠭᠡᠭᠰᠢ ᠪᠠᠶᠢᠨ᠎ᠠ᠃

ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠲᠤᠰᠬᠠᠢ ᠮᠡᠷᠭᠡᠵᠢᠯ ᠤᠨ ᠣᠨᠴᠠ ᠰᠢᠨ᠎ᠡ ᠠᠵᠤ

ᠠᠬᠤᠶᠢᠯᠠᠯ᠂ ᠨᠢᠭᠡᠨᠲᠡ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠪᠦᠬᠦᠢ ᠳᠤᠮᠳᠠ ᠵᠢᠵᠢᠭ

ᠠᠵᠤ ᠠᠬᠤᠶᠢᠯᠠᠯ ᠳᠤ ᠡᠩ ᠲᠡᠷᠢᠭᠦᠨ ᠳᠤ ᠳᠡᠮᠵᠢᠯᠭᠡ ᠦᠵᠡᠭᠦᠯᠬᠦ ᠬᠡᠷᠡᠭᠲᠡᠢ᠃ ᠤᠯᠤᠰ ᠤᠨ ᠳᠡᠰ ᠦᠨ

ᠴᠢᠳᠠᠪᠤᠷᠢᠲᠠᠨ ᠤ ᠲᠥᠯᠥᠪᠯᠡᠭᠡ ᠳᠤ ᠰᠣᠩᠭᠤᠭᠳᠠᠬᠤ ᠲᠤᠰᠭᠠᠢ ᠮᠡᠷᠭᠡᠵᠢᠯᠲᠡᠨ ᠤ ᠠᠩᠬ᠎ᠠ ᠡᠭᠦᠳᠬᠦ ᠬᠡᠯᠪᠡᠷᠢ ᠶᠢᠨ ᠠᠵᠤ

ᠠᠬᠤᠶᠢᠯᠠᠯ ᠤᠨ ᠨᠥᠬᠦᠴᠡᠯ ᠢ ᠵᠣᠬᠢᠰᠲᠠᠢ ᠪᠠᠷ ᠠᠭᠤᠵᠢᠭᠤ ᠲᠠᠯᠪᠢᠵᠤ ᠪᠣᠯᠣᠨ᠎ᠠ᠃

   ︵ᠬᠤᠶᠠᠷ︶ᠬᠤᠪᠢ ᠬᠥᠮᠥᠨ ᠤ ᠵᠦᠢᠯᠡᠰ

   ︽ᠣᠷᠣᠶᠢᠯᠠᠭᠰᠠᠨ ᠴᠢᠳᠠᠪᠤᠷᠢᠲᠠᠨ ᠢ ᠲᠤᠰᠬᠠᠢ ᠬᠥᠮᠥᠵᠢᠭᠦᠯᠬᠦ ᠲᠥᠯᠥᠪᠯᠡᠭᠡ︾᠄ ᠪᠥᠬᠦ ᠣᠷᠣᠨ ᠤ ᠬᠡᠪᠴᠢᠶᠡᠨ ᠳᠤ

50 ᠨᠡᠷᠡᠰ ᠣᠷᠴᠢᠮ ᠵᠠᠯᠠᠭᠤ ᠴᠢᠳᠠᠪᠤᠷᠢᠲᠠᠨ ᠢ ᠰᠢᠯᠭᠠᠷᠠᠭᠤᠯᠤᠨ ᠰᠣᠩᠭᠤᠬᠤ ᠳᠤ ᠰᠢᠨᠵᠢᠯᠡᠬᠦ ᠤᠬᠠᠭᠠᠨ ᠤ

ᠰᠤᠳᠤᠯᠭᠠᠨ ᠤ ᠵᠠᠷᠤᠳᠠᠯ ᠤᠨ  ᠳᠡᠮᠵᠢᠯᠭᠡ  ᠥᠭᠭᠦᠨ᠎ᠡ᠂ ᠡᠭᠦᠨ ᠳᠤ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ

ᠬᠦᠷᠢᠶᠡᠨ ᠳᠤ ᠬᠥᠮᠥᠨ ᠪᠦᠷᠢ ᠳᠤᠮᠳᠠᠴᠢ ᠪᠠᠷ 20 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ

ᠵᠠᠷᠤᠳᠠᠯ ᠣᠯᠭᠤᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠨ ᠳᠤ ᠬᠥᠮᠥᠨ ᠪᠦᠷᠢ 10

ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠣᠯᠭᠤᠨ᠎ᠠ᠃

   ᠮᠡᠳᠡᠭᠦᠯᠬᠦ ᠨᠥᠬᠦᠴᠡᠯ ᠨᠢ ᠳᠣᠣᠷᠠᠬᠢ ᠮᠡᠲᠦ᠄

   1. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠴᠠᠭᠠᠵᠠ ᠶᠢ ᠵᠢᠷᠤᠮᠯᠠᠵᠤ᠂ ᠰᠠᠶᠢᠨ

ᠰᠠᠶᠢᠬᠠᠨ ᠠᠵᠢᠯ ᠮᠡᠷᠭᠡᠵᠢᠯ ᠤᠨ ᠶᠣᠰᠣ ᠮᠣᠷᠠᠯ ᠲᠠᠢ ᠪᠠᠶᠢᠵᠤ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ

ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ

ᠪᠣᠯᠭᠠᠬᠤ ᠠᠵᠢᠯ ᠤᠨ ᠭᠤᠣᠯ ᠰᠢᠵᠢᠮ ᠢ ᠲᠤᠤᠱᠯᠠᠭᠤᠯᠤᠨ᠎ᠠ᠃

   2. ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ

ᠰᠤᠳᠤᠯᠤᠯ ᠤᠨ ᠬᠦᠷᠢᠶᠡᠯᠡᠩ ᠭᠠᠵᠠᠷ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ᠂ ᠰᠠᠯᠠᠭ᠎ᠠ ᠮᠥᠴᠢᠷ ᠤᠨ

ᠬᠠᠷᠢᠶ᠎ᠠ ᠪᠦᠬᠦᠢ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠪᠣᠯᠣᠨ ᠨᠡᠶᠢᠭᠡᠮ ᠤᠨ ᠵᠣᠬᠢᠶᠠᠨ ᠪᠠᠶᠢᠭᠤᠯᠤᠯᠲᠠ

ᠵᠡᠷᠭᠡ ᠠᠵᠢᠯ ᠤᠨ ᠪᠦᠬᠦ ᠠᠵᠢᠯᠲᠠᠨ ᠠᠵᠢᠯ ᠤᠨ ᠪᠠᠶᠢᠷᠢ ᠳᠤ ᠪᠠᠶᠢᠭ᠎ᠠ ᠬᠥᠮᠥᠰ᠃ ᠪᠦᠬᠦᠯᠢ 40 ᠨᠠᠰᠤᠨ ᠠᠴᠠ

ᠳᠣᠭᠤᠭᠰᠢᠬᠢ ᠨᠠᠰᠤᠨ ᠳᠤ (1984 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠲᠦᠷᠦᠭᠰᠡᠨ ᠡᠳᠦᠷ)᠂

ᠭᠤᠣᠯᠳᠠᠭᠤ 35 ᠪᠦᠬᠦᠯᠢ ᠨᠠᠰᠤ (1989 ᠣᠨ ᠤ 1 ᠰᠠᠷ᠎ᠠ ᠶᠢᠨ 1 ᠤ ᠡᠳᠦᠷ ᠠᠴᠠ ᠬᠤᠶᠢᠰᠢ ᠲᠦᠷᠦᠭᠰᠡᠨ

ᠵᠠᠯᠠᠭᠤ ᠴᠢᠳᠠᠪᠤᠷᠢᠲᠠᠨ ᠵᠦᠭ ᠬᠡᠯᠪᠡᠶᠢᠯᠭᠡᠨ᠎ᠡ(ᠬᠠᠷᠢᠴᠠᠯ ᠢ ᠬᠤᠶᠠᠷ ᠤᠨ ᠨᠢᠭᠡ ᠠᠴᠠ ᠳᠣᠭᠤᠭᠰᠢ ᠪᠠ)᠃

   3᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠲᠤᠰᠢᠶᠠᠯ ︵ᠮᠡᠷᠭᠡᠵᠢᠯ ᠤᠨ ᠴᠣᠯᠠ︶ ᠪᠤᠶᠤ ᠳ᠋ᠣᠺᠲ᠋ᠣᠷ ᠤᠨ

ᠡᠷᠳᠡᠮ ᠤᠨ ᠴᠣᠯᠠ ᠲᠠᠢ ᠪᠥᠭᠡᠳ ᠳᠣᠣᠷᠠᠬᠢ ᠲᠤᠰᠬᠠᠢ ᠮᠡᠷᠭᠡᠵᠢᠯ ᠤᠨ ᠦᠷ᠎ᠡ ᠪᠦᠲᠦᠭᠡᠯ ᠤᠨ ᠨᠢᠭᠡ ᠶᠢ ᠣᠯᠣᠭᠰᠠᠨ

ᠪᠠᠶᠢᠨ᠎ᠠ᠃

   4. ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ

ᠪᠣᠳᠠᠰ ᠤᠨ ᠡᠮ ᠡᠮᠨᠡᠯᠭᠡ᠂ ᠲᠣᠭᠠᠴᠢᠯᠠᠭᠰᠠᠨ ᠠᠵᠤ ᠠᠬᠤᠢ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂

ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ

ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠬᠦᠷᠢᠶ᠎ᠡ ᠴᠠᠷᠠᠭ᠎ᠠ ᠪᠤᠶᠤ ᠭᠦᠨ ᠤᠬᠠᠭᠠᠨ

ᠪᠠ ᠨᠡᠶᠢᠭᠡᠮ ᠤᠨ ᠰᠢᠨᠵᠢᠯᠡᠬᠦ ᠤᠬᠠᠭᠠᠨ ᠵᠡᠷᠭᠡ ᠬᠦᠷᠢᠶᠡᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ

ᠬᠢᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ  ᠱᠠᠩᠨᠠᠯ  ᠪᠤᠶᠤ

ᠢᠷᠠᠭᠤ ᠠᠯᠳᠠᠷ ᠤᠨ  ᠴᠣᠯᠠ ᠶᠢ ᠭᠥᠷᠳᠡᠵᠦ᠂ ᠲᠣᠰ ᠰᠢᠨᠵᠢᠯᠡᠭᠡᠨ᠂ ᠲᠣᠰ ᠠᠵᠢᠯ ᠲᠥᠷᠥᠯ᠂ ᠲᠣᠰ ᠬᠦᠷᠢᠶᠡᠨ ᠳᠤ

ᠨᠡᠯᠢᠶᠡᠳ ᠥᠨᠳᠥᠷ ᠡᠷᠳᠡᠮ ᠰᠢᠨᠵᠢᠯᠡᠭᠡᠨ ᠤ ᠠᠮᠵᠢᠯᠲᠠ ᠣᠯᠵᠤ᠂ ᠨᠡᠯᠢᠶᠡᠳ ᠶᠡᠭᠡ ᠬᠥᠭᠵᠢᠯᠲᠡ ᠶᠢᠨ ᠳᠠᠯᠳᠠ

ᠬᠦᠴᠦᠨ ᠲᠠᠢ ᠵᠠᠯᠠᠭᠤ ᠴᠢᠳᠠᠪᠤᠷᠢᠲᠠᠨ ᠪᠣᠯᠣᠨ᠎ᠠ᠃

   ᠭᠤᠷᠪᠠ᠂ ᠮᠡᠳᠡᠭᠦᠯᠬᠦ ᠴᠠᠭ

   ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠪᠦᠯᠬᠦᠮ ᠵᠢᠴᠢ ᠬᠤᠪᠢ ᠬᠥᠮᠥᠨ ᠤ ᠲᠥᠷᠥᠯ

ᠵᠦᠢᠯ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠡᠳᠦᠷ ᠬᠤᠭᠤᠴᠠᠭ᠎ᠠ 9 ᠰᠠᠷ᠎ᠠ ᠶᠢᠨ 2 ᠤᠨ ᠡᠳᠦᠷ᠂ ᠡᠯ᠎ᠡ

ᠭᠤᠶᠤᠴᠢᠯᠠᠨ ᠮᠡᠳᠡᠭᠦᠯᠬᠦ ᠨᠢᠭᠡᠴᠡ ᠶᠢᠨ ᠬᠢᠨᠠᠨ ᠬᠠᠷᠭᠤᠭᠤᠯᠵᠤ ᠲᠤᠰᠢᠶᠠᠬᠤ ᠡᠳᠦᠷ ᠬᠤᠭᠤᠴᠠᠭ᠎ᠠ 9 ᠰᠠᠷ᠎ᠠ ᠶᠢᠨ

13 ᠤ ᠡᠳᠦᠷ︔ ᠭᠤᠶᠤᠴᠢᠯᠠᠨ ᠮᠡᠳᠡᠭᠦᠯᠬᠦ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠷᠭᠤᠭᠤᠯᠬᠤ

ᠳᠠᠭᠤᠰᠬᠤ ᠡᠳᠦᠷ ᠬᠤᠭᠤᠴᠠᠭ᠎ᠠ 9 ᠰᠠᠷ᠎ᠠ ᠶᠢᠨ 23 ᠤ ᠡᠳᠦᠷ︔ ᠬᠤᠪᠢ ᠬᠥᠮᠥᠨ ᠤ ᠲᠥᠷᠥᠯ ᠵᠦᠢᠯ ᠤᠨ

ᠴᠠᠭᠠᠰᠤᠨ ᠮᠠᠲ᠋ᠧᠷᠢᠶᠠᠯ ᠢ ᠭᠥᠯᠢᠶᠡᠨ ᠠᠪᠬᠤ ᠳᠠᠭᠤᠰᠬᠤ ᠡᠳᠦᠷ ᠪᠣᠯ 9 ᠰᠠᠷ᠎ᠠ ᠶᠢᠨ 25 ᠤ ᠡᠳᠦᠷ᠂ ᠬᠤᠭᠤᠴᠠᠭ᠎ᠠ

ᠬᠡᠲᠦᠷᠡᠲᠡᠯ᠎ᠡ ᠬᠠᠮᠢᠶ᠎ᠠ ᠪᠦᠬᠦᠢ ᠮᠠᠲ᠋ᠧᠷᠢᠶᠠᠯ ᠢ ᠳᠠᠭᠢᠵᠤ ᠭᠥᠯᠢᠶᠡᠨ ᠠᠪᠬᠤ ᠦᠭᠡᠢ᠃

   ᠳᠥᠷᠪᠡ᠂ ᠪᠤᠰᠤᠳ ᠵᠦᠢᠯ

   ︵ᠨᠢᠭᠡ︶ᠪᠠᠶᠢᠭ᠎ᠠ ᠨᠢᠭᠡᠴᠡ᠂ ᠡᠯ᠎ᠡ ᠱᠠᠲᠤᠨ ᠤ ᠵᠣᠬᠢᠶᠠᠨ ᠪᠠᠶᠢᠭᠤᠯᠤᠯᠲᠠ᠂ ᠬᠥᠮᠥᠨ ᠤ ᠬᠦᠴᠦᠨ ᠤ ᠡᠬᠢ ᠪᠠᠶᠠᠯᠢᠭ

ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠤᠨ ᠦᠨᠡᠨ

ᠪᠣᠳᠠᠲᠤ ᠴᠢᠨᠠᠷ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠮᠡᠳᠡᠭᠡ ᠵᠠᠩᠭᠢ ᠶᠢ ᠪᠤᠷᠤᠭᠤ ᠦᠭᠡᠢ᠂ ᠠᠵᠢᠯ ᠤᠨ

ᠠᠮᠵᠢᠯᠲᠠ ᠪᠦᠲᠦᠮᠵᠢ ᠶᠢ ᠦᠨᠡᠨ ᠪᠣᠳᠠᠲᠠᠢ ᠪᠥᠭᠡᠳ ᠪᠦᠲᠦᠮᠵᠢᠲᠡᠶ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠬᠤᠳᠠᠯ

ᠬᠡᠯᠡᠵᠦ ᠬᠠᠭᠤᠷᠮᠠᠭᠯᠠᠨ ᠵᠣᠬᠢᠶᠠᠵᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠬᠢᠷᠢ ᠭᠡᠮ ᠢ ᠮᠡᠬᠡᠯᠡᠨ

ᠠᠪᠤᠭᠰᠠᠨ ᠪᠠᠶᠢᠪᠠᠯ᠂ ᠡᠷᠬᠢᠯᠡᠭᠰᠡᠨ ᠠᠵᠢᠯ ᠤᠨ ᠶᠣᠰᠣ ᠮᠣᠷᠠᠯ᠂ ᠡᠷᠳᠡᠮ ᠰᠢᠨᠵᠢᠯᠡᠭᠡᠨ ᠤ ᠶᠣᠰᠣ ᠮᠣᠷᠠᠯ ᠠᠴᠠ

ᠵᠥᠷᠢᠴᠡᠵᠦ ᠮᠠᠭᠤ  ᠨᠥᠯᠥᠭᠡ  ᠦᠵᠡᠭᠦᠯᠦᠭᠰᠡᠨ  ᠪᠠᠶᠢᠪᠠᠯ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ

ᠬᠠᠯᠳᠠᠭᠰᠠᠨ ᠵᠡᠷᠭᠡ ᠪᠠᠶᠢᠳᠠᠯ ᠤᠨ ᠨᠢᠭᠡ ᠨᠢ ᠪᠣᠯ ᠬᠢᠷᠢ ᠭᠡᠮ ᠢ ᠨᠢ ᠬᠦᠴᠦᠨ ᠦᠭᠡᠢ ᠪᠣᠯᠭᠠᠬᠤ ᠶᠢᠨ ᠬᠠᠮᠲᠤ᠂

ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠡᠭᠦᠨ ᠤ ᠬᠦᠷᠲᠡᠵᠦ ᠪᠠᠶᠢᠭ᠎ᠠ ᠪᠣᠳᠠᠰ ᠤᠨ ᠣᠯᠭᠤᠮᠵᠢ ᠶᠢ ᠨᠢ

ᠬᠦᠴᠦᠨ ᠦᠭᠡᠢ ᠪᠣᠯᠭᠠᠬᠤ ᠪᠤᠶᠤ ᠨᠡᠬᠡᠮᠵᠢᠯᠡᠨ ᠠᠪᠴᠢᠷᠠᠵᠤ᠂ ᠴᠢᠳᠠᠪᠤᠷᠢᠲᠠᠨ ᠢ ᠦᠨᠡᠮᠰᠢᠭᠦᠯᠬᠦ ᠭᠤᠶᠤᠴᠢᠯᠠᠯ ᠢ ᠨᠢ

ᠬᠦᠯᠢᠶᠡᠨ ᠠᠪᠴᠤ ᠰᠢᠢᠳᠪᠦᠷᠢᠯᠡᠬᠦ ᠦᠭᠡᠢ᠃

   ︵ᠬᠤᠶᠠᠷ︶ᠴᠢᠳᠠᠪᠤᠷᠢᠲᠠᠨ ᠢ ᠲᠥᠷᠥᠯ ᠬᠤᠪᠢᠶᠠᠨ ᠳᠡᠰ ᠲᠣᠭᠲᠠᠭᠠᠵᠤ ᠲᠤᠰᠢᠶᠠᠯ ᠤᠨ ᠬᠤᠭᠤᠴᠠᠭᠠᠨ ᠤ ᠳᠦᠷᠢᠮ ᠢ

ᠬᠡᠷᠡᠭᠵᠢᠭᠦᠯᠵᠦ᠂ ᠬᠠᠮᠢᠶᠠᠷᠤᠯᠲᠠ ᠶᠢᠨ ᠬᠤᠭᠤᠴᠠᠭ᠎ᠠ ᠨᠢ 5 ᠵᠢᠯ ᠪᠣᠯᠣᠨ᠎ᠠ᠃ ᠬᠠᠮᠢᠶᠠᠷᠤᠯᠲᠠ ᠶᠢᠨ ᠬᠤᠭᠤᠴᠠᠭᠠᠨ ᠳᠤ

ᠬᠡᠷᠪᠡ ᠴᠢᠬᠤᠯᠠ ᠶᠡᠭᠡ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠲᠠᠢ ᠪᠣᠯ ᠴᠢᠳᠠᠪᠤᠷᠢᠲᠠᠨ ᠤ ᠲᠥᠷᠥᠯ ᠢᠯᠭᠠᠯ ᠢ

ᠰᠢᠨ᠎ᠡ ᠪᠠᠷ ᠮᠠᠭᠠᠳᠯᠠᠨ ᠲᠣᠭᠲᠠᠭᠠᠬᠤ ᠰᠢᠰᠲ᠋ᠧᠮ ᠳᠤ ᠬᠦᠷᠴᠦ ᠨᠥᠬᠦᠪᠦᠷᠢᠯᠡᠬᠦ ᠭᠤᠶᠤᠴᠢᠯᠠᠯ ᠢᠶᠠᠨ ᠲᠤᠰᠢᠶᠠᠬᠤ

ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ

ᠳᠤᠭᠤᠶᠢᠯᠠᠩ ᠤᠨ ᠠᠯᠪᠠᠨ ᠭᠡᠷ ᠨᠢ ᠡᠯ᠎ᠡ ᠨᠢᠭᠡᠴᠢ ᠶᠢᠨ ᠪᠣᠳᠠᠲᠠᠢ ᠲᠠᠢ ᠤᠶᠠᠯᠳᠤᠭᠤᠯᠤᠨ᠂ ᠬᠠᠮᠢᠶ᠎ᠠ ᠪᠦᠬᠦᠢ

ᠨᠢᠭᠡᠴᠢ ᠶᠢᠨ ᠰᠢᠯᠭᠠᠨ ᠬᠢᠨᠠᠬᠤ ᠠᠵᠢᠯ ᠢ ᠥᠷᠨᠢᠭᠦᠯᠬᠦ ᠶᠢ ᠵᠢᠯᠣᠭᠤᠳᠤᠨ᠎ᠠ︔ ᠬᠤᠭᠤᠴᠠᠭ᠎ᠠ ᠨᠢ ᠳᠦᠭᠦᠷᠴᠦ ᠰᠢᠯᠭᠠᠨ

ᠬᠢᠨᠠᠬᠤ ᠳᠤ ᠬᠢᠷᠢ ᠲᠡᠩᠴᠡᠭᠰᠡᠨ ᠪᠥᠭᠡᠳ ᠤᠤᠯ ᠤᠨ ᠨᠢᠭᠡᠴᠢ ᠳᠤ ᠦᠷᠭᠦᠯᠵᠢᠯᠡᠨ ᠠᠵᠢᠯᠯᠠᠵᠤ ᠪᠠᠶᠢᠪᠠᠯ᠂ ᠬᠥᠮᠥᠨ

ᠬᠡᠷᠡᠭᠯᠡᠬᠦ ᠨᠢᠭᠡᠴᠢ ᠶᠢᠨ ᠭᠤᠶᠤᠴᠢᠯᠠᠯ ᠢᠶᠠᠷ ᠮᠡᠳᠡᠭᠦᠯᠦᠨ ᠳᠠᠩᠰᠠᠯᠠᠭᠤᠯᠬᠤ ᠶᠢ ᠠᠶᠠᠨᠳᠠᠭᠠᠨ ᠬᠤᠶᠢᠰᠢᠯᠠᠭᠤᠯᠵᠤ ᠪᠣᠯᠣᠨ᠎ᠠ᠃

ᠠᠵᠢᠯ ᠤᠨ ᠲᠣᠬᠢᠷᠠᠭᠤᠯᠤᠯᠲᠠ᠂ ᠬᠤᠪᠢᠷᠠᠯᠲᠠ᠂ ᠨᠠᠰᠤ ᠬᠡᠲᠦᠷᠡᠭᠰᠡᠨ ᠵᠡᠷᠭᠡ ᠰᠢᠯᠲᠠᠭᠠᠨ ᠠᠴᠠ ᠪᠣᠯᠵᠤ᠂ ᠨᠢᠭᠡᠴᠡ ᠶᠢᠨ

ᠴᠢᠳᠠᠪᠤᠷᠢᠲᠠᠨ ᠬᠡᠷᠡᠭᠯᠡᠬᠦ ᠪᠠ ᠴᠢᠳᠠᠪᠤᠷᠢᠲᠠᠨ ᠢ ᠦᠨᠡᠮᠰᠢᠬᠦ ᠬᠠᠮᠢᠶ᠎ᠠ ᠪᠦᠬᠦᠢ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂

ᠬᠠᠮᠢᠶᠠᠷᠤᠯᠲᠠ ᠶᠢᠨ ᠨᠡᠷᠡᠰ ᠲᠤ ᠲᠣᠬᠢᠷᠠᠭᠤᠯᠤᠯᠲᠠ ᠬᠢᠵᠦ᠂ ᠬᠠᠷᠢᠯᠴᠠᠬᠤ ᠨᠡᠷᠡᠰ ᠲᠤ ᠰᠢᠯᠵᠢᠭᠦᠯᠦᠨ ᠣᠷᠣᠭᠤᠯᠵᠤ᠂

ᠬᠠᠮᠢᠶᠠᠷᠤᠯᠲᠠ ᠶᠢᠨ ᠨᠡᠷᠡᠰ ᠲᠤ ᠲᠣᠬᠢᠷᠠᠭᠤᠯᠤᠯᠲᠠ ᠬᠢᠭᠰᠡᠨ ᠤ ᠳᠠᠷᠠᠭ᠎ᠠ ᠵᠢᠯ ᠠᠴᠠ ᠨᠢ ᠡᠬᠢᠯᠡᠨ ᠬᠠᠮᠢᠶ᠎ᠠ ᠪᠦᠬᠦᠢ

ᠣᠯᠭᠤᠮᠵᠢ ᠬᠦᠷᠲᠡᠬᠦ ᠦᠭᠡᠢ᠃

   ︵ᠭᠤᠷᠪᠠ︶ᠤᠤᠯ ᠤᠨ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ ᠳᠤ ᠰᠣᠩᠭᠤᠭᠳᠠᠭᠰᠠᠨ ᠬᠤᠪᠢ

ᠬᠥᠮᠥᠨ᠂ ᠪᠦᠯᠬᠦᠮ ᠨᠡᠶᠢᠲᠡ ᠨᠢ ᠳᠡᠮᠵᠢᠯᠭᠡ ᠶᠢᠨ ᠬᠤᠭᠤᠴᠠᠭᠠᠨ ᠳᠤ ᠥᠯᠥ ᠭᠤᠶᠤᠴᠢᠯᠠᠨ ᠮᠡᠳᠡᠭᠦᠯᠬᠦ ᠨᠥᠬᠦᠴᠡᠯ ᠳᠤ

ᠨᠡᠶᠢᠴᠡᠭᠰᠡᠨ ᠪᠠᠶᠢᠪᠠᠯ᠂ ︽ᠡᠷᠳᠡᠮᠲᠡᠨ ᠴᠢᠳᠠᠪᠤᠷᠢᠲᠠᠨ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ

ᠲᠥᠷᠥᠯ ᠵᠦᠢᠯ ᠢ ᠳᠠᠬᠢᠨᠲᠠ ᠭᠤᠶᠤᠴᠢᠯᠠᠨ ᠮᠡᠳᠡᠭᠦᠯᠵᠦ ᠪᠣᠯᠣᠨ᠎ᠠ᠃ ᠪᠦᠯᠬᠦᠮ ᠨᠡᠶᠢᠲᠡ ᠶᠢᠨ ᠳᠠᠭᠠᠭᠤᠯᠤᠭᠴᠢ ᠵᠢᠴᠢ

ᠭᠤᠣᠯ ᠪᠦᠷᠢᠯᠳᠦᠭᠦᠨ ᠵᠥᠪᠬᠡᠨ ᠨᠢᠭᠡ ᠲᠥᠷᠥᠯ ᠵᠦᠢᠯ ᠢ ᠭᠤᠶᠤᠴᠢᠯᠠᠨ ᠮᠡᠳᠡᠭᠦᠯᠦᠨ᠎ᠡ᠃ ᠣᠶᠢᠷ᠎ᠠ ᠶᠢᠨ ᠵᠢᠯ ᠤᠳ ᠲᠤ

ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠢ ᠣᠷᠣᠭᠤᠯᠤᠨ ᠠᠪᠴᠢᠷᠠᠬᠤ ᠶᠢᠨ ᠬᠠᠮᠲᠤ ᠳᠡᠮᠵᠢᠬᠦ

ᠬᠤᠭᠤᠴᠠᠭᠠᠨ ᠳᠤ ᠳᠡᠭᠡᠳᠦ ᠲᠠᠰ ᠤᠨ ᠴᠢᠳᠠᠪᠤᠷᠢᠲᠠᠨ ᠢ ᠭᠤᠶᠤᠴᠢᠯᠠᠨ ᠮᠡᠳᠡᠭᠦᠯᠬᠦ ᠬᠡᠪᠴᠢᠶᠡᠨ ᠳᠤ ᠣᠷᠣᠭᠤᠯᠬᠤ

ᠦᠭᠡᠢ᠃

   ︵ᠳᠥᠷᠪᠡ︶︽ᠡᠷᠳᠡᠮᠲᠡᠨ  ᠴᠢᠳᠠᠪᠤᠷᠢᠲᠠᠨ  ᠢᠶᠠᠷ  ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ

ᠲᠥᠷᠥᠯ ᠵᠦᠢᠯ ᠳᠤ ᠬᠥᠳᠡᠯᠦᠩᠭᠦᠢ ᠰᠢᠯᠭᠠᠨ ᠬᠢᠨᠠᠵᠤ ᠦᠨᠡᠯᠡᠨ ᠵᠢᠱᠢᠬᠦ ᠳᠦᠷᠢᠮ ᠢ ᠬᠡᠷᠡᠭᠵᠢᠭᠦᠯᠵᠦ᠂ ᠥᠪᠡᠷᠲᠡᠭᠡᠨ

ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ

ᠭᠡᠷ ᠨᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠬᠥᠮᠥᠨ ᠬᠡᠷᠡᠭᠯᠡᠬᠦ

ᠨᠢᠭᠡᠴᠢ ᠲᠠᠢ ᠬᠠᠮᠲᠤᠷᠠᠨ ᠰᠣᠩᠭᠤᠭᠳᠠᠭᠰᠠᠨ ᠲᠥᠷᠥᠯ ᠵᠦᠢᠯ ᠳᠤ ᠰᠢᠯᠭᠠᠨ ᠬᠢᠨᠠᠬᠤ ᠠᠵᠢᠯ ᠢ ᠥᠷᠨᠢᠭᠦᠯᠵᠦ᠂

ᠪᠡᠶᠡᠯᠡᠭᠦᠯᠦᠭᠰᠡᠨ ᠪᠠᠶᠢᠳᠠᠯ ᠬᠢᠭᠡᠳ ᠪᠣᠳᠠᠲᠠᠢ ᠠᠵᠢᠯ ᠤᠨ ᠠᠮᠵᠢᠯᠲᠠ ᠪᠦᠲᠦᠮᠵᠢ ᠶᠢ ᠭᠤᠣᠯᠳᠠᠯᠭ᠎ᠠ ᠲᠠᠢ ᠰᠢᠯᠭᠠᠨ

ᠬᠢᠨᠠᠨ᠎ᠠ᠃

   ︵ᠲᠠᠪᠤ︶ᠥᠪᠡᠷᠲᠡᠭᠡᠨ ᠵᠠᠰᠠᠬᠤ ᠣᠷᠣᠨ ᠤ ᠡᠯ᠎ᠡ ᠨᠢᠭᠡᠴᠡ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠲᠣᠰ

ᠨᠢᠭᠡᠴᠢ ᠲᠣᠰ ᠬᠦᠷᠢᠶ᠎ᠡ ᠴᠠᠷᠠᠭ᠎ᠠ ᠳᠠᠬᠢ ᠬᠠᠮᠢᠶ᠎ᠠ ᠪᠦᠬᠦᠢ ᠴᠢᠳᠠᠪᠤᠷᠢᠲᠠᠨ ᠲᠠᠢ ᠵᠣᠯᠭᠠᠭᠤᠯᠤᠨ᠂ ᠴᠢᠳᠠᠪᠤᠷᠢᠲᠠᠨ ᠤ

ᠲᠥᠷᠥᠯ ᠢᠯᠭᠠᠯ ᠢ ᠮᠠᠭᠠᠳᠯᠠᠨ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠳᠠᠷᠠᠭ᠎ᠠ ᠨᠢ ᠮᠠᠭᠠᠳᠯᠠᠨ ᠲᠣᠭᠲᠠᠭᠠᠬᠤ

ᠲᠥᠷᠥᠯ ᠢᠯᠭᠠᠯ ᠢ ᠦᠨᠳᠦᠰᠦᠯᠡᠨ ︽ᠴᠢᠳᠠᠪᠤᠷᠢᠲᠠᠨ ᠤ ᠺᠣᠳ᠋︾ ᠣᠯᠭᠤᠵᠤ᠂ ᠥᠪᠡᠷᠲᠡᠭᠡᠨ ᠵᠠᠰᠠᠬᠤ ᠣᠷᠣᠨ ᠤ

ᠬᠡᠪᠴᠢᠶᠡᠨ ᠳᠤ ᠵᠣᠬᠢᠬᠤ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠳᠡᠮᠵᠢᠯᠭᠡ᠂ ᠵᠠᠮ ᠬᠠᠷᠢᠯᠴᠠᠭ᠎ᠠ

ᠶᠠᠪᠤᠵᠤ ᠰᠠᠭᠤᠬᠤ᠂ ᠡᠮᠴᠢᠯᠡᠭᠡᠨ ᠤ ᠪᠠᠲᠤᠯᠠᠭ᠎ᠠ ᠵᠡᠷᠭᠡ ᠴᠢᠳᠠᠪᠤᠷᠢᠲᠠᠨ ᠤ ᠪᠡᠯᠡᠭ ᠢ ᠭᠥᠷᠳᠡᠵᠦ ᠪᠣᠯᠣᠨ᠎ᠠ᠃

   ︵ᠵᠢᠷᠭᠤᠭ᠎ᠠ᠂ ︽ᠴᠢᠳᠠᠪᠤᠷᠢᠲᠠᠨ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ ᠴᠢᠳᠠᠪᠤᠷᠢᠲᠠᠨ ᠤ

ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠪᠦᠯᠬᠦᠮ ᠨᠡᠶᠢᠲᠡ ᠪᠠ ᠬᠤᠪᠢ ᠬᠥᠮᠥᠨ ᠤ ᠲᠥᠷᠥᠯ ᠵᠦᠢᠯ ᠢ

ᠭᠤᠶᠤᠴᠢᠯᠠᠨ ᠮᠡᠳᠡᠭᠦᠯᠬᠦ ᠨᠢ ︽ᠴᠢᠳᠠᠪᠤᠷᠢᠲᠠᠨ ᠥᠪᠥᠷ ᠮᠣᠩᠭᠤᠯ ᠢᠶᠠᠨ ᠮᠠᠨᠳᠤᠭᠤᠯᠬᠤ︾ ᠢᠨᠵᠧᠨᠧᠷᠢᠩ ᠤᠨ

ᠭᠤᠶᠤᠴᠢᠯᠠᠨ ᠮᠡᠳᠡᠭᠦᠯᠬᠦ ᠰᠢᠰᠲ᠋ᠧᠮ ︵http://rcnmg.nmgdj.gov.cn︶ ᠳᠤ ᠲᠦᠰᠢᠭᠯᠡᠨ

ᠶᠠᠪᠤᠭᠳᠠᠭᠤᠯᠤᠨ᠎ᠠ ︵ᠪᠠᠰᠠ ᠤᠮᠠᠷᠠᠲᠤ ᠬᠢᠯᠢ ᠶᠢᠨ ᠬᠤᠰᠢᠭᠤᠴᠢ ᠰᠦᠯᠵᠢᠶᠡᠨ ᠤ ᠲᠡᠷᠢᠭᠦᠨ ᠨᠢᠭᠤᠷ ᠤᠨ ᠪᠠᠷᠠᠭᠤᠨ

ᠲᠠᠯ᠎ᠠ ᠶᠢᠨ ᠬᠥᠲᠥᠯᠥᠨ ᠳᠠᠭᠠᠭᠤᠯᠬᠤ ᠪᠤᠯᠤᠩ ᠢᠶᠠᠷ ᠳᠡᠮᠵᠢᠨ ᠣᠷᠣᠵᠤ ᠪᠣᠯᠣᠨ᠎ᠠ᠃︶

   ᠲᠠᠪᠤ᠂ ᠮᠡᠷᠭᠡᠵᠢᠯ ᠤᠨ ᠳᠡᠮᠵᠢᠯᠭᠡ

   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠴᠢᠳᠠᠪᠤᠷᠢᠲᠠᠨ ᠤ

ᠠᠵᠢᠯ ᠤᠨ ᠭᠠᠵᠠᠷ ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠪᠦᠯᠬᠦᠮ ᠤᠨ ᠲᠥᠷᠥᠯ ᠵᠦᠢᠯ ᠢ

ᠭᠤᠶᠤᠴᠢᠯᠠᠨ ᠮᠡᠳᠡᠭᠦᠯᠬᠦ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠷᠢᠭᠤᠯᠲᠠ ᠥᠭᠬᠦ ᠶᠢ ᠬᠠᠷᠢᠭᠤᠴᠠᠵᠤ᠂

ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ

ᠬᠤᠪᠢ ᠬᠥᠮᠥᠨ ᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠷᠢᠭᠤᠯᠲᠠ

ᠥᠭᠬᠦ ᠶᠢ ᠬᠠᠷᠢᠭᠤᠴᠠᠵᠤ᠂ ᠦᠢᠯᠡᠴᠢᠯᠡᠬᠦ ᠴᠠᠭ ᠨᠢ ᠭᠤᠶᠤᠴᠢᠯᠠᠨ ᠮᠡᠳᠡᠭᠦᠯᠬᠦ ᠬᠤᠭᠤᠴᠠᠭᠠᠨ ᠳᠠᠬᠢ ᠦᠳᠡ ᠶᠢᠨ

ᠡᠮᠦᠨ᠎ᠡ 9᠄ 00 - 12᠄ 00᠂ ᠦᠳᠡ ᠶᠢᠨ ᠬᠤᠶᠢᠨᠠᠬᠢ 2᠄ 30 - 6᠄ 00᠃

   ᠴᠢᠳᠠᠪᠤᠷᠢᠲᠠᠨ ᠤ ᠲᠥᠷᠥᠯ ᠢᠯᠭᠠᠯ ᠢ ᠮᠠᠭᠠᠳᠯᠠᠨ ᠲᠣᠭᠲᠠᠭᠠᠬᠤ᠂ ᠪᠦᠯᠬᠦᠮ ᠨᠡᠶᠢᠲᠡ ᠶᠢᠨ ᠲᠥᠷᠥᠯ ᠵᠦᠢᠯ ᠢ

ᠭᠤᠶᠤᠴᠢᠯᠠᠨ ᠮᠡᠳᠡᠭᠦᠯᠬᠦ ᠬᠠᠷᠢᠯᠴᠠᠬᠤ ᠬᠥᠮᠥᠨ᠄

   ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠵᠠᠩ ᠴᠢ ᠵᠢᠤᠸᠠᠨ᠂0471 - 4812108 ᠨᠢ᠂ 0471 -

4812114

   ᠮᠡᠷᠭᠡᠵᠢᠯ ᠤᠨ ᠳᠡᠮᠵᠢᠯᠭᠡ᠄ 0471 - 4860666

   ᠬᠤᠪᠢ ᠬᠥᠮᠥᠨ ᠤ ᠲᠥᠷᠥᠯ ᠵᠦᠢᠯ ᠢ ᠮᠡᠳᠡᠭᠦᠯᠬᠦ ᠬᠠᠷᠢᠯᠴᠠᠬᠤ ᠬᠥᠮᠥᠨ᠄

   ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠵᠠᠩ ᠯᠢ ᠬᠤᠶ᠂0471 - 6946229 ᠭᠦᠸᠧ ᠰᠢᠨ ᠰᠢᠨ

   ᠴᠠᠭᠠᠰᠤᠨ ᠮᠠᠲ᠋ᠧᠷᠢᠶᠠᠯ ᠢ ᠭᠥᠯᠢᠶᠡᠨ ᠠᠪᠬᠤ᠄ ᠵᠣᠨ ᠤ ᠣᠶᠤᠨ ᠤᠬᠠᠭᠠᠨ᠂0471 - 6964026

︵ᠰᠢᠤᠳᠠᠨ ᠢᠶᠠᠷ ᠢᠯᠡᠭᠡᠬᠦ ᠬᠠᠶ᠋ᠢᠭ᠄ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ

ᠬᠢᠭᠡᠳ ᠬᠤᠷᠴᠢᠨ ᠲᠦᠷᠭᠡᠨ ᠵᠠᠮ ᠤᠨ ᠠᠭᠤᠯᠵᠠᠷ ᠤᠨ ᠭᠠᠵᠠᠷ ᠤᠨ ᠥᠪᠥᠷ ᠮᠣᠩᠭᠤᠯ ᠤᠨ ᠤᠯᠤᠰ ᠤᠨ ᠶᠡᠭᠡ

ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ 8 ᠳ᠋ᠤᠭᠠᠷ ᠠᠰᠠᠷ ᠤᠨ 609 ᠲᠠᠰᠤᠭ︶

   ᠮᠡᠷᠭᠡᠵᠢᠯ ᠤᠨ ᠳᠡᠮᠵᠢᠯᠭᠡ᠄ 0471 - 6928486 0471 - 6923739

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ

   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ

ᠨᠡᠶᠢᠭᠡᠮ ᠤᠨ ᠪᠠᠲᠤᠯᠠᠭ᠎ᠠ ᠶᠢᠨ ᠲᠢᠩᠬᠢᠮ

   2024 ᠣᠨ ᠤ 8 ᠰᠠᠷ᠎ᠠ ᠶᠢᠨ 20 ᠤ ᠡᠳᠦᠷ

 
ᠢᠷᠡᠯᠲᠡ᠄ ᠲᠡᠭᠷᠢᠯᠢᠭ ᠲᠠᠯ᠎ᠠ ᠤᠯᠠᠭᠠᠢ ᠸᠢᠴᠠᠲ ᠤᠨ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号