ᠣᠶᠢᠷ᠎ᠠ ᠳᠤ᠂ 5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠭᠰᠠᠨ ᠠᠵᠤ ᠦᠢᠯᠡᠳᠪᠦᠷᠢ ᠶᠢᠨ | ᠮᠠᠰᠢᠨ ᠬᠥᠮᠥᠨ ᠦᠢᠯᠡᠳᠬᠦ ᠲᠥᠷᠥᠯ ᠵᠦᠢᠯ ᠢ ᠬᠥᠬᠡᠬᠤᠲᠠ ᠳᠤ ᠭᠡᠷ᠎ᠡ ᠲᠣᠭᠲᠠᠨ ᠪᠣᠳᠠᠲᠠᠶᠢᠵᠢᠭᠤᠯᠪᠠ᠂ ᠲᠥᠷᠥᠯ | ᠵᠦᠢᠯ ᠢ ᠪᠦᠬᠦᠨ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠭᠡᠷᠡᠯᠴᠢ ᠴᠡᠨᠡᠭ ᠢ ᠨᠢ ᠴᠡᠪᠡᠷᠯᠡᠬᠦ | ᠮᠠᠰᠢᠨ ᠬᠥᠮᠥᠨ ᠢ ᠵᠢᠯ ᠳᠤ 1.5 ᠲᠦᠮᠡ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 2 | ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ︶ | ᠣᠶᠢᠷ᠎ᠠ ᠳᠤ᠂ ᠤᠯᠠᠭᠠᠨᠴᠠᠪ ᠬᠤᠲᠠ᠂ ᠳ᠋ᠠᠲ᠋ᠦ᠋ᠩ ᠬᠤᠲᠠ ᠪᠠ ᠴᠢᠭᠤᠯᠤᠯᠲᠤ ᠬᠠᠭᠠᠯᠭ᠎ᠠ ᠬᠤᠲᠠ ᠬᠠᠮᠲᠤᠷᠠᠨ | ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠤᠨ ᠵᠠᠭᠠᠭ ᠱᠤᠭᠤᠮ ᠢ ᠰᠤᠨᠳᠠᠯᠠᠭᠰᠠᠨ ᠭᠤᠣᠯ | ᠮᠥᠷᠡᠨ ᠤ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠭᠤᠷᠪᠠᠨ ᠭᠠᠵᠠᠷ ᠤᠨ ᠬᠢᠨ ︽ᠤᠯᠠᠭᠠᠨᠴᠠᠪ ᠳ᠋ᠠᠲ᠋ᠦ᠋ᠩ | ᠴᠢᠭᠤᠯᠤᠯᠲᠤ ᠬᠠᠭᠠᠯᠭ᠎ᠠ ᠭᠤᠷᠪᠠᠨ ᠭᠠᠵᠠᠷ ᠤᠨ ᠵᠠᠭᠠᠭ ᠱᠤᠭᠤᠮ ᠢ ᠰᠤᠨᠳᠠᠯᠠᠭᠰᠠᠨ ᠭᠤᠣᠯ ᠮᠥᠷᠡᠨ ᠤ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ︾ ᠲᠤ ᠭᠠᠷ ᠤᠨ | ᠥᠰᠥᠭ ᠵᠢᠷᠤᠪᠠ᠃ ︵ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ︶ |