ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ 1 ᠰᠠᠷ᠎ᠠ ᠶᠢᠨ 9 ᠤ ᠡᠳᠦᠷ ᠪᠦᠬᠦᠯᠢ ᠡᠳᠦᠷ ᠢᠶᠠᠷ ᠬᠤᠷᠠᠯ ᠬᠤᠷᠠᠯᠳᠤᠭᠤᠯᠵᠤ ᠂ ᠪᠦᠭᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ | ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ | ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ ᠂ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ ᠮᠡᠳᠡᠭᠦᠯᠦᠯᠲᠡ ᠶᠢ | ᠰᠣᠨᠣᠰᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ | ᠬᠤᠷᠠᠯ ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃ | ᠬᠤᠷᠠᠯ ᠠᠴᠠ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠬᠠᠮᠤᠭ ᠤᠨ ᠶᠡᠭᠡ | ᠤᠯᠤᠰ ᠲᠦᠷᠦ ᠶᠢᠨ ᠳᠠᠪᠠᠭᠤᠯᠢᠭ ᠮᠥᠨ ᠃ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠪᠠᠷᠢᠮᠲᠠᠯᠠᠬᠤ ᠪᠣᠯ ᠪᠢᠳᠡᠨ ᠤ ᠲᠠᠰᠤᠷᠠᠯᠳᠠ ᠦᠭᠡᠢ ᠢᠯᠠᠯᠲᠠ ᠣᠯᠬᠤ ᠶᠢᠨ ᠦᠨᠳᠦᠰᠦᠨ ᠵᠦᠢᠯ | ᠮᠥᠨ ᠃ ᠨᠠᠮ ᠤᠨ ᠲᠥᠪ ᠬᠤᠷᠢᠶ᠎ᠠ ᠠᠴᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ | ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠪᠠ ᠲᠥᠪ ᠤᠨ ᠱᠦᠵᠢ ᠨᠠᠷ ᠤᠨ ᠭᠠᠵᠠᠷ ᠤᠨ ᠠᠵᠢᠯ ᠤᠨ | ᠮᠡᠳᠡᠭᠦᠯᠦᠯᠲᠡ ᠶᠢ ᠰᠣᠨᠣᠰᠬᠤ ᠪᠣᠯ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠴᠢᠬᠤᠯᠠ ᠳᠦᠷᠢᠮ ᠤᠨ | ᠲᠣᠬᠢᠷᠠᠭᠤᠯᠤᠯᠲᠠ ᠮᠥᠨ ᠃ ᠡᠨᠡ ᠬᠦ ᠴᠢᠬᠤᠯᠠ ᠳᠦᠷᠢᠮ ᠤᠨ ᠲᠣᠬᠢᠷᠠᠭᠤᠯᠤᠯᠲᠠ ᠨᠢ ᠨᠠᠮ ᠤᠨ ᠪᠦᠭᠦ ᠲᠠᠯ᠎ᠠ ᠶᠢ | ᠶᠡᠷᠦᠩᠬᠡᠶᠢᠯᠡᠨ ᠡᠵᠡᠮᠳᠡᠬᠦ ᠂ ᠡᠯ᠎ᠡ ᠲᠠᠯ᠎ᠠ ᠶᠢ ᠵᠣᠬᠢᠴᠠᠭᠤᠯᠬᠤ ᠤᠳᠤᠷᠢᠳᠬᠤ ᠭᠤᠣᠯᠯᠠᠭᠴᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ ᠂ ᠨᠠᠮ ᠤᠨ ᠤᠳᠤᠷᠢᠳᠤᠯᠭ᠎ᠠ ᠶᠢ ᠨᠠᠮ ᠪᠠ ᠤᠯᠤᠰ ᠣᠷᠣᠨ ᠤ ᠠᠵᠢᠯ ᠦᠢᠯᠡᠰ ᠤᠨ ᠡᠯ᠎ᠡ ᠬᠦᠷᠢᠶ᠎ᠡ ᠡᠯ᠎ᠡ | ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ ᠂ ᠬᠠᠷᠠᠯᠲᠠ ᠪᠠᠨ ᠨᠢᠭᠡᠳᠬᠡᠬᠦ ᠂ ᠠᠯᠬᠤᠮ ᠢᠶᠠᠨ ᠨᠢᠭᠡᠳᠬᠡᠬᠦ ᠂ | ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠦᠨᠡᠨ ᠬᠦ ᠪᠠᠲᠤᠯᠠᠬᠤ ᠳᠤ ᠲᠦᠢᠯ ᠤᠨ ᠴᠢᠬᠤᠯᠠᠲᠠᠢ ᠪᠠᠶᠢᠵᠤ ᠂ ᠡᠷᠬᠡᠪᠰᠢ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠳᠡᠭ ᠢ ᠦᠢᠯᠡᠳᠦᠯᠭᠡ ᠭᠡᠷᠡᠴᠢᠯᠡᠪᠡ ᠭᠡᠵᠦ ᠵᠢᠭᠠᠵᠤ ᠭᠠᠷᠭᠠᠪᠠ ᠃ | ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠂ ᠠᠷᠠᠳ ᠤᠨ ᠳᠡᠭᠡᠳᠦ ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ | ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ | ᠪᠣᠳᠠᠲᠠᠢ ᠠᠵᠢᠯᠯᠠᠬᠤ ᠶᠢ ᠲᠡᠷᠢᠭᠦᠨ ᠳᠤ ᠲᠠᠯᠪᠢᠬᠤ ᠤᠳᠤᠷᠢᠳᠤᠮᠵᠢ ᠶᠢ ᠪᠠᠲᠤ ᠪᠤᠢ ᠪᠤᠯᠭᠠᠵᠤ ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ ᠂ ᠲᠤᠰᠢᠶᠠᠯ ᠬᠠᠷᠢᠭᠤᠴᠠᠯᠭ᠎ᠠ ᠪᠠᠨ ᠪᠠᠲᠤᠳᠬᠠᠵᠤ ᠂ ᠨᠠᠮ ᠤᠨ ᠤᠳᠤᠷᠢᠳᠬᠤ | ᠳᠤᠭᠤᠶᠢᠯᠠᠩ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠂ ᠡᠯ᠎ᠡ ᠲᠠᠯ᠎ᠠ ᠶᠢᠨ ᠠᠵᠢᠯ ᠳᠤ ᠰᠢᠨ᠎ᠡ | ᠠᠬᠢᠴᠠ ᠲᠠᠢ ᠪᠣᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠦᠵᠡᠪᠡ ᠃ | ᠬᠤᠷᠠᠯ ᠠᠴᠠ ᠂ ᠥᠩᠭᠡᠷᠡᠭᠰᠡᠨ ᠨᠢᠭᠡ ᠵᠢᠯ ᠳᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠂ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠤᠳᠤᠷᠢᠳᠤᠯᠭ᠎ᠠ | ᠳᠣᠣᠷ᠎ᠠ ᠲᠥᠪ ᠤᠨ ᠱᠦᠵᠢ ᠨᠠᠷ ᠤᠨ ᠭᠠᠵᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠂ ᠢᠳᠡᠪᠬᠢᠲᠡᠢ | ᠠᠵᠢᠯᠯᠠᠵᠤ ᠂ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠬᠤ ᠶᠢ ᠠᠬᠢᠭᠤᠯᠬᠤ ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠪᠠᠶᠢᠭᠤᠯᠤᠯᠲᠠ ᠶᠢ | ᠴᠢᠩᠭᠠᠳᠬᠠᠬᠤ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ | ᠥᠭᠡᠷᠡᠴᠢᠯᠡᠯᠲᠡ ᠶᠢ ᠵᠢᠯᠤᠭᠤᠳᠬᠤ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠢ ᠭᠡᠵᠦ ᠦᠵᠡᠪᠡ ᠃ | ᠬᠤᠷᠠᠯ ᠠᠴᠠ ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠢᠪᠲᠤᠷᠠᠭᠠᠨ ᠤ ᠣᠨ ᠮᠥᠨ ᠂ ᠪᠠᠰᠠ ᠴᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ | ᠵᠢᠯ ᠮᠥᠨ ᠃ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ | ᠲᠥᠷᠥ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠂ ᠠᠷᠠᠳ ᠤᠨ ᠳᠡᠭᠡᠳᠦ | ᠰᠢᠭᠦᠬᠦ ᠬᠤᠷᠢᠶ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ ᠂ ᠨᠠᠮ ᠤᠨ ᠲᠥᠪ ᠬᠤᠷᠢᠶ᠎ᠠ ᠶᠢᠨ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡ ᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ | ᠪᠠᠷᠢᠮᠲᠠᠯᠠᠵᠤ ᠂ ᠠᠵᠢᠯ ᠤᠨ ᠠᠮᠵᠢᠯᠲᠠ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ ᠂ | ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠵᠤ ᠂ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠰᠢᠨ᠎ᠡ ᠨᠢᠭᠡ ᠵᠢᠯ ᠳᠤ ᠂ ᠲᠥᠪ ᠤᠨ ᠱᠦᠵᠢ ᠨᠠᠷ ᠤᠨ ᠭᠠᠵᠠᠷ ᠤᠨ ᠬᠢᠨ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ | ᠪᠠᠶᠢᠩᠭᠤ ᠶᠢᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢᠨ ᠲᠣᠭᠤᠷᠢᠨ ᠳᠤ ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠂ ᠭᠤᠷᠪᠠᠳᠤᠭᠠᠷ ᠪᠦᠭᠦᠳᠠ | ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠲᠤᠰ ᠪᠡᠶ᠎ᠡ ᠶᠢᠨ | ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠨᠠᠮ ᠤᠨ | ᠳᠣᠲᠣᠭᠠᠳᠤ ᠶᠢᠨ ᠬᠠᠤᠯᠢ ᠳᠦᠷᠢᠮ ᠂ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ | ᠪᠣᠯᠣᠨ ᠥᠭᠡᠷᠡᠴᠢᠯᠡᠯᠲᠡ ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭ᠎ᠠ ᠴᠢᠩᠭᠠᠳᠬᠠᠵᠤ ᠂ ᠨᠠᠮ ᠤᠨ ᠲᠥᠪ ᠬᠤᠷᠢᠶ᠎ᠠ ᠶᠢᠨ ᠲᠤᠰᠢᠶᠠᠭᠰᠠᠨ ᠡᠯ᠎ᠡ ᠵᠦᠢᠯ ᠤᠨ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ |