ᠠᠵᠢᠯ ᠤᠨ ᠬᠤᠪᠢᠶᠠᠷᠢᠯᠠᠯ | ᠲᠠᠷᠢᠶᠠᠯᠠᠩ ᠮᠠᠯ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ᠂ ᠪᠠᠶᠢᠭᠠᠯᠢ ᠶᠢᠨ ᠡᠬᠢ ᠪᠠᠶᠠᠯᠢᠭ ᠤᠨ | ᠬᠠᠮᠢᠶᠠᠷᠤᠯᠲᠠ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠰᠤᠨ ᠠᠰᠢᠭᠯᠠᠯᠲᠠ᠂ ᠬᠠᠩᠭᠠᠨ ᠪᠣᠷᠣᠯᠠᠭᠤᠯᠬᠤ ᠵᠡᠷᠭᠡ ᠲᠠᠯ᠎ᠠ ᠶᠢᠨ ᠠᠵᠢᠯ ᠢ | ᠬᠠᠷᠢᠭᠤᠴᠠᠨ᠎ᠠ᠃ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ︵ᠣᠶ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ︶᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠢ ᠶᠢᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠂ ᠤᠰᠤᠨ ᠠᠰᠢᠭᠯᠠᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ | ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢ ᠬᠤᠪᠢᠳᠠᠨ ᠬᠠᠮᠢᠶᠠᠷᠤᠨ᠎ᠠ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠳᠦᠭᠡᠷ ᠶᠡᠭᠡ ᠠᠩᠭᠢ ᠶᠢᠨ ᠬᠠᠮᠢᠶ᠎ᠠ ᠪᠦᠬᠦᠢ | ᠠᠵᠢᠯ ᠢ ᠵᠣᠬᠢᠴᠠᠭᠤᠯᠤᠨ᠎ᠠ᠃ ᠬᠡᠰᠡᠭ ᠠᠭᠤᠯᠠ ᠮᠠᠯᠵᠢᠯ ᠤᠨ ᠲᠠᠯᠠᠪᠠᠢ᠂ ᠴᠠᠭ ᠠᠭᠤᠷ ᠤᠨ ᠲᠣᠪᠴᠢᠶ᠎ᠠ᠂ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠤᠰᠤᠨ ᠰᠢᠨᠵᠢᠯᠡᠭᠡᠨ ᠤ ᠲᠣᠪᠴᠢᠶ᠎ᠠ᠂ ᠤᠯᠠᠭᠠᠢ ᠤᠰᠤᠨ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠥᠪ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠣᠢ ᠰᠢᠭᠤᠢ ᠶᠢᠨ ᠭᠠᠯ ᠤᠨᠲᠠᠷᠠᠭᠠᠬᠤ | ᠳᠤᠮᠳᠠ ᠠᠩᠭᠢ ᠲᠠᠢ ᠬᠠᠷᠢᠯᠴᠠᠨ᠎ᠠ᠃ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠳᠦᠭᠡᠷ ᠶᠡᠭᠡ ᠠᠩᠭᠢ ᠶᠢᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠶᠢᠨ ᠵᠣᠬᠢᠴᠠᠭᠤᠯᠭ᠎ᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠢ ᠮᠥᠨ ᠬᠦ ᠤᠤᠯ ᠤᠨ ᠠᠵᠢᠯ ᠲᠥᠷᠥᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ | ᠡᠯ᠎ᠡ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠴᠠ ᠬᠠᠷᠢᠭᠤᠴᠠᠨ ᠬᠠᠮᠢᠶᠠᠷᠤᠨ᠎ᠠ᠃ | ᠲᠣᠪᠴᠢ ᠲᠠᠨᠢᠯᠴᠠᠭᠤᠯᠭ᠎ᠠ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠢ ᠬᠠᠮᠢᠶᠠᠷᠤᠯᠲᠠ ᠶᠢᠨ ᠣᠷᠣᠨ ᠤ ᠬᠠᠮᠢᠶᠠᠷᠤᠯᠲᠠ | ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪ᠊ ᠦ᠋ᠷᠢᠯᠳᠦᠭᠦᠨ᠂ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ᠃ ᠲᠠᠢ ᠯᠢ ᠴᠧᠩ᠂ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 3 ᠰᠠᠷ᠎ᠠ ᠳᠤ ᠲᠦᠷᠦᠪᠡ᠂ | ᠲᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠃ | | |