ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 17 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠪᠦᠭᠦ ᠨᠠᠮ ᠳᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠬᠦ ᠲᠤᠬᠠᠢ | ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ︽ᠮᠡᠳᠡᠭᠳᠡᠯ︾ ᠳᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠰᠤᠷᠲᠠᠯ ᠤᠨ | ᠪᠠᠶᠢᠭᠤᠯᠤᠯᠲᠠ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠦᠲᠦᠮᠵᠢᠲᠡᠶ ᠠᠬᠢᠭᠤᠯᠬᠤ ᠶᠢᠨ ᠲᠥᠯᠥᠭᠡ ᠨᠠᠮ ᠤᠨ | ᠲᠥᠪ ᠬᠤᠷᠢᠶ᠎ᠠ ᠪᠠᠷ ᠵᠥᠪᠰᠢᠶᠡᠷᠡᠭᠦᠯᠦᠭᠡᠳ᠂ ᠪᠦᠭᠦ ᠨᠠᠮ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠥᠷᠨᠢᠭᠦᠯᠦᠨ᠎ᠡ ︵ᠳᠣᠷᠣᠭᠰᠢ ︽ᠰᠤᠷᠤᠯᠴᠠᠯᠭ᠎ᠠ ᠬᠥᠮᠦᠵᠢᠯ︾ | ᠭᠡᠵᠦ ᠲᠣᠪᠴᠢᠯᠠᠨ᠎ᠠ︶᠃ ᠰᠤᠷᠤᠯᠴᠠᠯᠭ᠎ᠠ ᠬᠥᠮᠦᠵᠢᠯ ᠢ 2025 ᠣᠨ ᠤ ᠪᠦᠭᠦ ᠤᠯᠤᠰ ᠤᠨ ᠬᠤᠶᠠᠷ ᠬᠤᠷᠠᠯ ᠤᠨ | ᠳᠠᠷᠠᠭ᠎ᠠ ᠡᠬᠢᠯᠡᠭᠦᠯᠵᠦ᠂ 7 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠳᠠᠭᠤᠰᠬᠠᠨ᠎ᠠ ᠭᠡᠵᠦ ᠵᠢᠭᠠᠵᠤ | ᠭᠠᠷᠭᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠰᠢᠨ᠎ᠡ | ᠡᠭᠦᠳᠦᠯᠲᠡ ᠶᠢᠨ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠨᠠᠮ ᠢ ᠵᠣᠬᠢᠶᠠᠨ ᠪᠠᠶᠢᠭᠤᠯᠵᠤ | ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠵᠢᠴᠢ | ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠵᠤ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠭᠠᠳ ᠣᠯᠣᠭᠰᠠᠨ ᠢᠯᠡᠳᠲᠡ ᠠᠮᠵᠢᠯᠲᠠ | ᠪᠦᠲᠦᠮᠵᠢ ᠶᠢ ᠰᠢᠰᠲ᠋ᠧᠮ ᠲᠠᠢ ᠳ᠋ᠦᠩᠨᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭ᠎ᠠ ᠶᠢ ᠵᠥᠷᠢᠴᠡᠭᠰᠡᠨ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ | ᠰᠤᠷᠲᠠᠯ ᠠᠴᠠ ᠪᠣᠯᠤᠭᠰᠠᠨ ᠢᠯᠵᠢᠷᠡᠯ ᠤᠨ ᠬᠡᠷᠡᠭ ᠤᠨ ᠵᠢᠱᠢᠶ᠎ᠡ ᠪᠠᠷ ᠰᠡᠷᠡᠮᠵᠢᠯᠡᠭᠦᠯᠦᠨ ᠬᠥᠮᠥᠵᠢᠭᠦᠯᠬᠦ ᠶᠢ | ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠤᠨ ᠨᠠᠮᠴᠢ ᠴᠢᠨᠠᠷ ᠢᠶᠠᠨ ᠳᠠᠪᠲᠠᠨ ᠪᠤᠯᠪᠠᠰᠤᠷᠠᠭᠤᠯᠵᠤ᠂ ᠦᠵᠡᠯ | ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ᠂ ᠺᠠᠳ᠋ᠷ ᠪᠠ ᠣᠯᠠᠨ | ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ | ᠨᠠᠮ ᠤᠨ ᠲᠡᠷᠢᠭᠦᠨ ᠤ ᠴᠢᠨᠠᠷ ᠴᠡᠪᠡᠷ ᠴᠢᠨᠠᠷ ᠢ ᠪᠠᠲᠤᠯᠠᠵᠤ᠂ ᠠᠷᠠᠳ ᠣᠯᠠᠨ ᠤ ᠢᠲᠡᠭᠡᠯ ᠬᠦᠷᠢᠶᠡᠯᠡᠯ ᠢ ᠲᠠᠰᠤᠷᠠᠯᠲᠠ | ᠦᠭᠡᠢ ᠣᠯᠬᠤ ᠶᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠬᠦᠴᠦᠲᠦ ᠪᠠᠲᠤᠯᠠᠭ᠎ᠠ ᠬᠠᠩᠭᠠᠬᠤ ᠶᠢ | ᠬᠥᠲᠥᠯᠥᠨ ᠵᠢᠯᠤᠭᠤᠳᠬᠤ ᠬᠡᠷᠡᠭᠲᠡᠢ ᠭᠡᠵᠦ ᠲᠣᠳᠣᠷᠬᠠᠶᠢᠯᠠᠪᠠ᠃ | ︽ᠮᠡᠳᠡᠭᠳᠡᠯ︾ ᠳᠤ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠬᠦ᠂ ᠲᠥᠭᠦᠮ ᠠᠪᠰᠠᠷᠬᠠᠨ ᠪᠥᠭᠡᠳ | ᠪᠣᠳᠠᠲᠠᠢ ᠶᠢ ᠡᠷᠭᠢᠮᠯᠡᠭᠦ ᠶᠢ ᠪᠠᠷᠢᠮᠲᠠᠯᠠᠵᠤ᠂ ᠪᠦᠯᠦᠭ ᠤᠳᠠᠭ᠎ᠠ ᠬᠤᠪᠢᠶᠠᠬᠤ ᠦᠭᠡᠢ᠂ ᠱᠠᠲᠤ ᠦᠶ᠎ᠡ ᠬᠤᠪᠢᠶᠠᠬᠤ | ᠦᠭᠡᠢ ᠪᠠᠷ ᠰᠤᠷᠤᠯᠴᠠᠬᠤ ᠪᠠᠶᠢᠴᠠᠭᠠᠨ ᠵᠠᠯᠠᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠡᠳᠦᠷ ᠲᠤᠲᠤᠮ ᠤᠨ | ᠠᠵᠢᠯ ᠳᠠᠭᠠᠨ ᠠᠭᠤᠰᠬᠠᠵᠤ᠂ ᠪᠠᠶᠢᠩᠭᠤ ᠠᠳᠬᠤᠬᠤ ᠬᠡᠷᠡᠭᠲᠡᠢ᠃ ᠰᠤᠷᠤᠯᠴᠠᠵᠥ ᠰᠤᠳᠤᠯᠤᠨ ᠶᠠᠷᠢᠯᠴᠠᠬᠤ ᠳᠠᠭᠠᠨ | ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ | ᠥᠭᠦᠯᠡᠯᠲᠡ ᠪᠣᠯᠣᠨ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ | ᠰᠠᠨᠠᠭ᠎ᠠ ᠶᠢ ᠵᠣᠬᠢᠶᠠᠨ ᠪᠠᠶᠢᠭᠤᠯᠤᠨ ᠰᠤᠷᠤᠯᠴᠠᠵᠥ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠭᠰᠠᠨ ᠦᠷ᠎ᠡ ᠪᠦᠲᠦᠮᠵᠢ ᠪᠣᠯᠣᠨ ᠲᠤᠷᠰᠢᠯᠭ᠎ᠠ ᠶᠢ ᠳ᠋ᠦᠩᠨᠡᠨ ᠰᠤᠷᠤᠯᠴᠠᠵᠥ᠂ ᠲᠠᠨᠢᠯᠲᠠ ᠪᠠᠨ | ᠳᠡᠭᠡᠭᠰᠢᠯᠡᠭᠦᠯᠦᠨ᠂ ᠢᠲᠡᠭᠡᠯ ᠢᠶᠠᠨ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ | ᠠᠳᠬᠤᠬᠤ ᠬᠡᠷᠡᠭᠲᠡᠢ᠃ ᠠᠰᠠᠭᠤᠳᠠᠯ ᠢ ᠪᠠᠶᠢᠴᠠᠭᠠᠨ ᠳᠡᠯᠭᠡᠬᠦ ᠳᠡᠭᠡᠨ ᠪᠠᠷᠢᠮᠵᠢᠶᠠᠯᠠᠨ ᠬᠠᠷᠭᠤᠭᠤᠯᠵᠤ ᠪᠠᠶᠢᠴᠠᠭᠠᠨ | ᠳᠡᠯᠭᠡᠬᠦ ᠪᠠᠷ ᠳᠠᠮᠵᠢᠭᠤᠯᠤᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠴᠠᠭᠳᠠᠨ | ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ᠂ ᠱᠠᠯᠠᠪᠳᠠᠭᠤᠯᠤᠨ | ᠪᠠᠶᠢᠴᠠᠭᠠᠬᠤ᠂ ᠪᠠᠶᠢᠴᠠᠭᠠᠨ ᠰᠤᠳᠤᠯᠬᠤ᠂ ᠵᠠᠬᠢᠳᠠᠯ ᠰᠤᠷᠪᠤᠯᠵᠢᠯᠠᠯ ᠢᠶᠠᠷ ᠲᠤᠰᠬᠠᠬᠤ ᠵᠡᠷᠭᠡ ᠠᠷᠭ᠎ᠠ ᠵᠠᠮ ᠢ ᠭᠦᠢᠴᠡᠳ | ᠬᠡᠷᠡᠭᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠦᠭᠦ ᠲᠠᠯ᠎ᠠ ᠪᠠᠷ ᠭᠦᠨᠵᠡᠭᠡᠢ ᠪᠠᠶᠢᠴᠠᠭᠠᠨ | ᠡᠷᠢᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠳᠤ ᠶᠠᠮᠠᠷ ᠠᠰᠠᠭᠤᠳᠠᠯ ᠪᠠᠶᠢᠪᠠᠯ ᠲᠡᠷᠡ | ᠠᠰᠠᠭᠤᠳᠠᠯ ᠢ ᠰᠢᠢᠳᠪᠦᠷᠢᠯᠡᠬᠦ᠂ ᠶᠠᠮᠠᠷ ᠠᠰᠠᠭᠤᠳᠠᠯ ᠲᠣᠪᠤᠶᠢᠮ᠎ᠠ ᠪᠠᠶᠢᠪᠠᠯ ᠲᠡᠷᠡ ᠠᠰᠠᠭᠤᠳᠠᠯ ᠢ ᠭᠤᠣᠯᠳᠠᠯᠭ᠎ᠠ ᠲᠠᠢ | ᠴᠡᠭᠴᠡᠯᠡᠨ ᠵᠠᠰᠠᠬᠤ ᠶᠢ ᠪᠠᠷᠢᠮᠲᠠᠯᠠᠵᠤ᠂ ᠲᠡᠷᠡ ᠳᠠᠷᠤᠢ ᠳᠤᠨᠢ ᠪᠠᠶᠢᠴᠠᠭᠠᠵᠤ ᠲᠡᠷᠡ ᠳᠠᠷᠤᠢ ᠳᠤᠨᠢ ᠴᠡᠭᠴᠡᠯᠡᠨ | ᠰᠠᠶᠢᠵᠢᠷᠠᠭᠤᠯᠵᠤ᠂ ᠮᠡᠳᠡᠭᠰᠡᠨ ᠳᠠᠷᠤᠢ ᠳᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠬᠦ | ᠬᠥᠮᠦᠵᠢᠯ ᠨᠢ ᠤᠯᠠᠨ ᠲᠦᠮᠡᠨ ᠤ ᠣᠷᠤᠯᠴᠠᠯᠭ᠎ᠠ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ | ᠬᠡᠷᠡᠭᠲᠡᠢ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠰᠢᠨ᠎ᠡ ᠴᠠᠭ ᠦᠶ᠎ᠡ ᠶᠢᠨ ᠨᠠᠮ ᠤᠨ ᠤᠯᠠᠨ | ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ᠂ ᠨᠠᠮ ᠤᠨ ᠭᠡᠰᠢᠭᠦᠨ᠂ ᠺᠠᠳ᠋ᠷ ᠢ ᠵᠣᠬᠢᠶᠠᠨ ᠪᠠᠶᠢᠭᠤᠯᠵᠤ ᠠᠵᠢᠯ ᠤᠨ | ᠪᠠᠶᠢᠷᠢ ᠳᠠᠭᠠᠨ ᠰᠠᠭᠤᠷᠢᠯᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ | ᠴᠢᠩᠭᠠᠳᠬᠠᠬᠤ᠂ ᠪᠠᠴᠢᠮ ᠬᠦᠴᠢᠷ ᠠᠶᠤᠯᠲᠠᠢ ᠬᠦᠨᠳᠦ ᠡᠭᠦᠷᠭᠡ ᠶᠢ ᠪᠡᠶᠡᠯᠡᠭᠦᠯᠬᠦ ᠳᠤᠮᠳᠠ ᠬᠠᠷᠢᠭᠤᠴᠠᠯᠭ᠎ᠠ ᠡᠭᠦᠷᠭᠡᠯᠡᠨ | ᠵᠢᠳᠬᠦᠯ ᠴᠢᠷᠮᠠᠶᠢᠯᠭ᠎ᠠ ᠭᠠᠷᠭᠠᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠳᠤ ᠲᠠᠭᠠᠰᠢᠶᠠᠭᠳᠠᠬᠤ | ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠰ | ᠭᠠᠵᠠᠷ ᠣᠷᠣᠨ ᠲᠤᠰ ᠰᠠᠯᠠᠭ᠎ᠠ ᠮᠥᠴᠢᠷ ᠲᠤᠰ ᠨᠢᠭᠡᠴᠢ ᠶᠢᠨ ᠢᠶᠠᠨ ᠰᠤᠷᠤᠯᠴᠠᠯᠭ᠎ᠠ ᠬᠥᠮᠦᠵᠢᠯ ᠳᠤ ᠶᠡᠷᠦᠩᠬᠡᠢ | ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠣᠯ | ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠠᠵᠢᠯ ᠲᠠᠢ ᠪᠠᠨ | ᠨᠢᠭᠲᠠ ᠤᠶᠠᠯᠳᠤᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦᠯ ᠬᠤᠪᠢᠶᠠᠨ | ᠵᠢᠯᠤᠭᠤᠳᠬᠤ ᠪᠠᠨ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠬᠡᠯᠪᠡᠷᠢᠴᠢ | ᠦᠵᠡᠯ ᠢ ᠡᠷᠡᠰ ᠡᠰᠡᠷᠭᠦᠴᠡᠬᠦ ᠬᠡᠷᠡᠭᠲᠡᠢ ᠭᠡᠵᠦ ᠱᠠᠭᠠᠷᠳᠠᠪᠠ᠃ | |