︽ᠬᠤᠶᠠᠷ ᠤᠬᠲᠤ ᠭᠤᠶᠢᠪᠢᠰᠢ ᠦᠭᠡᠢ︾ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2025/3/18
    ︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ    ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 15 ᠤ ᠴᠠᠭᠢᠯᠭᠠᠨ ᠮᠡᠳᠡᠭᠡ 3 ᠰᠠᠷ᠎ᠠ ᠶᠢᠨ 16 ᠤ ᠡᠳᠦᠷ ᠬᠡᠪᠯᠡᠭᠳᠡᠭᠰᠡᠨ 6 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠬᠤᠶᠠᠷ ᠤᠬᠲᠤ ᠭᠤᠶᠢᠪᠢᠰᠢ ᠦᠭᠡᠢ﹀ ᠶᠢ ᠪᠠᠷᠢᠮᠲᠠᠯᠠᠨ ᠨᠠᠶᠢᠳᠠᠪᠤᠷᠢᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2013 ᠣᠨ ᠤ 11 ᠰᠠᠷ᠎ᠠ ᠠᠴᠠ 2025 ᠣᠨ ᠤ 2 ᠰᠠᠷ᠎ᠠ ᠪᠤᠯᠲᠠᠯᠠᠭᠢ ᠬᠤᠭᠤᠴᠠᠭᠠᠨ ᠳᠠᠬᠢ ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠯ ᠪᠣᠯᠣᠨ᠎ᠠ᠃    ᠵᠣᠬᠢᠶᠠᠯ ᠳᠤ᠂ ᠮᠠᠨ ᠤ ᠨᠠᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠬᠤ ᠲᠠᠯ᠎ᠠ ᠪᠠᠷ ᠬᠢ ᠦᠵᠡᠯᠲᠡ ᠪᠣᠯ ᠲᠣᠳᠣᠷᠬᠠᠢ᠂ ᠢᠮᠠᠭᠲᠠ ᠶᠢᠨ ᠪᠥᠭᠡᠳ ᠲᠠᠰᠤᠷᠠᠯᠳᠠ ᠦᠭᠡᠢ ᠭᠦᠨᠵᠡᠭᠡᠶᠢᠷᠡᠵᠦ᠂ ᠶᠡᠷᠦ ᠠᠴᠠ ᠭᠤᠶᠢᠪᠢᠯᠵᠠᠭᠰᠠᠨ ᠦᠭᠡᠢ ᠶᠤᠮ᠃ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠢ ᠦᠨᠳᠦᠰᠦᠨ ᠬᠠᠤᠯᠢ᠂ ᠨᠠᠮ ᠤᠨ ᠳᠦᠷᠢᠮ ᠳᠤ ᠪᠢᠴᠢᠵᠦ ᠣᠷᠣᠭᠤᠯᠤᠭᠰᠠᠨ ᠪᠠᠶᠢᠨ᠎ᠠ᠂ ᠡᠨᠡ ᠪᠣᠯ ᠬᠤᠪᠢᠷᠠᠰᠢ ᠦᠭᠡᠢ ᠪᠥᠭᠡᠳ ᠬᠤᠪᠢᠷᠠᠭᠤᠯᠵᠤ ᠴᠤ ᠪᠤᠯᠬᠤ ᠦᠭᠡᠢ ᠶᠤᠮ᠃ ᠨᠠᠮ ᠪᠠ ᠤᠯᠤᠰ ᠠᠴᠠ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠤᠬᠲᠤ ᠭᠤᠶᠢᠪᠢᠰᠢ ᠦᠭᠡᠢ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠤᠬᠲᠤ ᠭᠤᠶᠢᠪᠢᠰᠢ ᠦᠭᠡᠢ ᠵᠣᠷᠢᠭᠵᠢᠭᠤᠯᠵᠤ᠂ ᠳᠡᠮᠵᠢᠵᠦ᠂ ᠬᠥᠲᠥᠯᠥᠨ ᠵᠢᠯᠣᠭᠤᠳᠪᠠ︔ ᠨᠠᠮ ᠪᠠ ᠤᠯᠤᠰ ᠠᠴᠠ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠬᠠᠤᠯᠢ ᠶᠣᠰᠣᠭᠠᠷ ᠡᠷᠬᠡ ᠲᠡᠭᠰᠢ ᠪᠠᠷ ᠦᠢᠯᠡᠳᠪᠦᠷᠢᠯᠡᠯ ᠤᠨ ᠡᠯᠧᠮᠧᠨ᠋ᠲ ᠢ ᠬᠡᠷᠡᠭᠯᠡᠬᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ᠂ ᠬᠠᠤᠯᠢ ᠴᠠᠭᠠᠵᠠ ᠶᠢᠨ ᠬᠠᠮᠠᠭᠠᠯᠠᠯᠲᠠ ᠶᠢ ᠠᠳᠠᠯᠢ ᠲᠡᠭᠰᠢ ᠪᠠᠷ ᠭᠦᠷᠲᠡᠭᠦ ᠶᠢ ᠪᠠᠲᠤᠯᠠᠵᠤ᠂ ᠡᠯ᠎ᠡ ᠵᠦᠢᠯ ᠤᠨ ᠥᠮᠴᠢᠯᠡᠯ ᠤᠨ ᠠᠵᠤ ᠠᠬᠤᠢ ᠶᠢᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ᠂ ᠬᠠᠮᠲᠤ ᠪᠠᠷ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠪᠠ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠪᠠ ᠭᠡᠵᠦ ᠴᠢᠬᠤᠯᠠᠴᠢᠯᠠᠪᠠ᠃    ᠵᠣᠬᠢᠶᠠᠯ ᠳᠤ᠂ ᠮᠠᠨ ᠤ ᠤᠯᠤᠰ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠤᠯᠤᠰ ᠮᠥᠨ᠂ ᠨᠡᠶᠢᠲᠡ ᠶᠢᠨ ᠥᠮᠴᠢᠯᠡᠯ ᠤᠨ ᠠᠵᠤ ᠠᠬᠤᠢ ᠪᠣᠯ ᠤᠷᠳᠤ ᠬᠤᠭᠤᠴᠠᠭᠠᠨ ᠤ ᠲᠤᠷᠰᠢ ᠤᠯᠤᠰ ᠤᠨ ᠬᠥᠭᠵᠢᠯᠲᠡ ᠶᠢᠨ ᠲᠡᠦᠬᠡᠨ ᠶᠠᠪᠤᠴᠠ ᠳᠤ ᠪᠦᠷᠢᠯᠳᠦᠭᠰᠡᠨ ᠶᠤᠮ᠃ ᠤᠯᠤᠰ ᠤᠨ ᠪᠦᠲᠦᠭᠡᠨ ᠪᠠᠶᠢᠭᠤᠯᠤᠯᠲᠠ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠪᠦᠭᠦ ᠠᠷᠠᠳ ᠲᠦᠮᠡᠨ ᠤ ᠡᠷᠬᠢᠮ ᠨᠠᠨᠳᠢᠨ ᠥᠪ ᠬᠥᠷᠥᠩᠭᠡ ᠪᠣᠯᠣᠨ᠎ᠠ᠃ ᠤᠯᠤᠰ  ᠤᠨ  ᠥᠮᠴᠢᠯᠡᠯ  ᠤᠨ  ᠠᠵᠤ ᠠᠬᠤᠶᠢᠯᠠᠯ ᠨᠢ ᠮᠠᠨ  ᠤ  ᠤᠯᠤᠰ  ᠤᠨ ᠠᠵᠤ ᠠᠬᠤᠢ  ᠨᠡᠶᠢᠭᠡᠮ  ᠤᠨ  ᠬᠥᠭᠵᠢᠯᠲᠡ᠂ ᠰᠢᠨᠵᠢᠯᠡᠬᠦ  ᠤᠬᠠᠭᠠᠨ  ᠲᠧᠭᠨᠢᠭ  ᠮᠡᠷᠭᠡᠵᠢᠯ  ᠤᠨ ᠲᠠᠪᠰᠢᠯᠳᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠲᠡᠦᠬᠡᠲᠦ ᠴᠢᠨᠠᠷᠲᠠᠢ ᠬᠤᠪᠢ ᠨᠡᠮᠡᠷᠢ ᠦᠵᠡᠭᠦᠯᠵᠦ᠂ ᠮᠠᠨ ᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠲᠤᠯᠭᠠᠭᠤᠷᠢ ᠪᠠ ᠲᠦᠰᠢᠭᠯᠡᠬᠦ ᠬᠦᠴᠦᠨ ᠪᠣᠯᠤᠭᠰᠠᠨ ᠪᠠᠶᠢᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠠᠶᠢᠲᠤᠷ ᠪᠦᠲᠦᠭᠡᠨ ᠪᠠᠶᠢᠭᠤᠯᠵᠤ᠂ ᠠᠵᠢᠯᠴᠢᠨ ᠠᠩᠭᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠨᠢ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠭᠦᠯᠬᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠢ ᠪᠠᠬᠢᠵᠢᠭᠦᠯᠬᠦ ᠳᠤ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠠᠭ᠎ᠠ ᠠᠴᠠ ᠪᠠᠨ ᠪᠤᠵᠠᠭᠠᠶᠢᠷᠠᠵᠤ᠂ ᠪᠠᠭᠤᠷᠠᠢ ᠠᠴᠠ ᠪᠠᠨ ᠬᠦᠴᠦᠷᠬᠡᠭᠵᠢᠭᠰᠡᠨ ᠨᠢ ᠮᠠᠨ ᠤ ᠨᠠᠮ ᠪᠣᠯᠣᠨ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ ᠶᠢᠨ ᠵᠢᠯᠣᠭᠤᠳᠤᠯᠭ᠎ᠠ ᠳᠣᠣᠷ᠎ᠠ ᠪᠡᠶᠡᠯᠡᠭᠳᠡᠭᠰᠡᠨ ᠶᠤᠮ᠃ ᠤᠷᠳᠤ ᠬᠤᠭᠤᠴᠠᠭᠠᠨ ᠤ ᠲᠤᠷᠰᠢ ᠮᠠᠨ ᠤ ᠤᠯᠤᠰ ᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠲᠦᠷᠭᠡᠨ ᠬᠥᠭᠵᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ ᠲᠠᠬᠢ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠪᠠᠶᠢᠷᠢ ᠰᠠᠭᠤᠷᠢ ᠪᠠ ᠦᠢᠯᠡᠳᠦᠯ ᠤᠨ ᠲᠤᠬᠠᠢ ᠲᠠᠨᠢᠯᠲᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠨᠠᠮ ᠪᠠ ᠤᠯᠤᠰ ᠤᠨ ᠴᠢᠭᠯᠡᠯᠲᠡ ᠲᠦᠷᠦ ᠶᠢᠨ ᠪᠣᠳᠣᠯᠭ᠎ᠠ᠂ ᠮᠠᠨ ᠤ ᠨᠠᠮ ᠤᠨ ᠤᠨᠤᠯ ᠪᠠ ᠦᠢᠯᠡᠳᠦᠯᠭᠡ ᠪᠣᠯ ᠤᠳᠤᠮ ᠤᠯᠠᠮᠵᠢᠯᠠᠯ ᠨᠢᠭᠡᠲᠡᠢ ᠪᠥᠭᠡᠳ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ ᠪᠠᠶᠢᠳᠠᠭ᠃ ᠨᠠᠮ ᠪᠣᠯᠣᠨ ᠤᠯᠤᠰ ᠠᠴᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠢ ᠦᠨᠳᠦᠰᠦᠨ ᠴᠢᠭᠯᠡᠯᠲᠡ ᠲᠦᠷᠦ ᠶᠢᠨ ᠪᠣᠳᠣᠯᠭ᠎ᠠ ᠶᠢ ᠨᠢᠭᠡᠨᠲᠡ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠤᠨ ᠰᠢᠰᠲ᠋ᠧᠮ ᠳᠤ ᠣᠷᠣᠭᠤᠯᠵᠤ᠂ ᠢᠮᠠᠭᠲᠠ ᠪᠠᠷᠢᠮᠲᠠᠯᠠᠨ ᠨᠠᠶᠢᠳᠠᠪᠤᠷᠢᠵᠢᠭᠤᠯᠬᠤ ᠪᠠᠷ ᠪᠠᠶᠢᠵᠤ᠂ ᠬᠤᠪᠢᠷᠠᠭᠤᠯᠵᠤ ᠪᠤᠯᠬᠤ ᠦᠭᠡᠢ᠂ ᠬᠤᠪᠢᠷᠠᠭᠤᠯᠬᠤ ᠴᠤ ᠦᠭᠡᠢ ᠶᠤᠮ᠃ ᠪᠢᠳᠡ ᠢᠮᠠᠭᠲᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠢ ᠥᠪᠡᠷ ᠤᠨ ᠬᠥᠮᠥᠨ ᠢᠶᠠᠨ ᠪᠤᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠳᠡᠮᠵᠢᠯᠭᠡ ᠦᠵᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠬᠦᠴᠢᠷᠳᠡᠯ ᠳᠤ ᠲᠤᠯᠭᠠᠷᠠᠭᠰᠠᠨ ᠦᠶ᠎ᠡ ᠳᠤ ᠵᠢᠯᠣᠭᠤᠳᠤᠯᠭ᠎ᠠ ᠥᠭᠴᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠢᠷᠡᠭᠡᠳᠦᠢ ᠭᠡᠭᠡᠨ ᠰᠠᠷᠠᠭᠤᠯ᠂ ᠶᠡᠭᠡ ᠦᠢᠯᠡᠰ ᠢ ᠪᠦᠲᠦᠭᠡᠵᠦ ᠪᠣᠯᠣᠨ᠎ᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠡᠷᠳᠡᠮ ᠴᠢᠳᠠᠪᠤᠷᠢ ᠪᠠᠨ ᠪᠠᠳᠠᠷᠠᠭᠤᠯᠬᠤ ᠨᠢ ᠴᠠᠭ ᠲᠠᠭᠠᠨ ᠲᠣᠬᠢᠷᠠᠵᠤ ᠪᠠᠶᠢᠨ᠎ᠠ ᠭᠡᠵᠦ ᠵᠢᠭᠠᠵᠤ ᠭᠠᠷᠭᠠᠪᠠ᠃    ᠵᠣᠬᠢᠶᠠᠯ ᠳᠤ᠂ ᠪᠢᠳᠡ ᠨᠡᠶᠢᠲᠡ ᠶᠢᠨ ᠥᠮᠴᠢᠯᠡᠯ ᠤᠨ ᠠᠵᠤ ᠠᠬᠤᠢ ᠶᠢ ᠰᠠᠶᠢᠲᠤᠷ ᠪᠠᠬᠢᠵᠢᠭᠦᠯᠵᠦ᠂ ᠰᠠᠶᠢᠲᠤᠷ ᠬᠥᠭᠵᠢᠭᠦᠯᠬᠦ ᠶᠢ ᠴᠢᠬᠤᠯᠠᠴᠢᠯᠠᠵᠤ ᠪᠠᠶᠢᠬᠤ ᠨᠢ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠵᠣᠷᠢᠭᠵᠢᠭᠤᠯᠬᠤ᠂ ᠳᠡᠮᠵᠢᠬᠦ᠂ ᠬᠥᠲᠥᠯᠥᠨ ᠵᠢᠯᠤᠭᠤᠳᠬᠤ ᠲᠠᠢ ᠡᠰᠡᠷᠭᠦᠴᠡᠯᠳᠦᠵᠦ ᠪᠠᠶᠢᠭ᠎ᠠ ᠪᠢᠰᠢ᠂ ᠬᠠᠷᠢᠨ ᠣᠷᠭᠠᠨᠢᠭ ᠢᠶᠠᠷ ᠨᠢᠭᠡᠳᠴᠦ ᠪᠠᠶᠢᠭ᠎ᠠ ᠶᠤᠮ᠃ ᠨᠡᠶᠢᠲᠡ ᠶᠢᠨ ᠥᠮᠴᠢᠯᠡᠯ ᠤᠨ ᠠᠵᠤ ᠠᠬᠤᠢ ᠪᠣᠯᠣᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠪᠣᠯ ᠴᠥᠮ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠢᠬᠤᠯᠠ ᠪᠦᠷᠢᠯᠳᠦᠭᠦᠨ ᠬᠡᠰᠡᠭ ᠮᠥᠨ᠂ ᠴᠥᠮ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠰᠠᠭᠤᠷᠢ ᠮᠥᠨ᠃ ᠮᠠᠨ ᠤ ᠤᠯᠤᠰ ᠡᠶᠢᠮᠦ ᠶᠡᠭᠡ᠂ ᠬᠥᠮᠥᠨ ᠠᠮᠠ ᠡᠶᠢᠮᠦ ᠤᠯᠠᠨ᠂ ᠪᠠᠰᠠ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠣᠷᠣᠰᠢᠵᠤ ᠪᠠᠶᠢᠬᠤ ᠪᠥᠭᠡᠳ ᠤᠷᠳᠤ ᠬᠤᠭᠤᠴᠠᠭ᠎ᠠ ᠪᠠᠷ ᠣᠷᠣᠰᠢᠬᠤ ᠪᠣᠯᠣᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠠᠵᠢᠯᠯᠠᠬᠤ ᠬᠡᠷᠡᠭᠲᠡᠢ᠂ ᠤᠯᠠᠨ ᠤ ᠬᠦᠴᠦᠨ ᠳᠤ ᠣᠪᠣᠭ᠎ᠠ ᠪᠣᠰᠣᠨ᠎ᠠ᠃ ᠨᠡᠶᠢᠲᠡ ᠶᠢᠨ ᠥᠮᠴᠢᠯᠡᠯ ᠤᠨ ᠠᠵᠤ ᠠᠬᠤᠢ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠬᠠᠷᠢᠯᠴᠠᠨ ᠨᠥᠬᠦᠴᠡᠯᠳᠦᠵᠦ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠶᠢᠯᠭᠠᠬᠤ ᠶᠣᠰᠣᠲᠠᠢ᠂ ᠬᠠᠷᠢᠨ ᠬᠠᠷᠢᠯᠴᠠᠨ ᠭᠠᠳᠠᠭᠤᠷᠴᠢᠯᠠᠵᠤ᠂ ᠬᠠᠷᠢᠯᠴᠠᠨ ᠦᠭᠡᠶᠢᠰᠬᠡᠵᠦ ᠪᠤᠯᠬᠤ ᠦᠭᠡᠢ᠃ ᠨᠡᠶᠢᠭᠡᠮ ᠵᠢᠷᠤᠮ ᠤᠨ ᠠᠩᠬᠠᠨ ᠤ ᠱᠠᠲᠤᠨ ᠳᠤ ᠰᠠᠭᠤᠷᠢᠯᠠᠨ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ︽ᠬᠤᠶᠠᠷ ᠤᠬᠳᠤ ᠭᠤᠶᠢᠪᠢᠰᠢ ᠦᠭᠡᠢ︾ ᠶᠢ ᠪᠠᠷᠢᠮᠲᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号