ᠬᠥᠬᠡᠬᠤᠲᠠ᠄ ᠭᠤᠷᠪᠠᠨ ᠬᠡᠦᠬᠡᠳ ᠲᠥᠷᠥᠪᠡᠯ 10 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ︕
ᠨᠡᠶᠢᠲᠡᠯᠡᠭᠰᠡᠨ ᠴᠠᠭ᠄
2025/3/24
  ︽ᠬᠥᠮᠥᠨ ᠠᠮᠠ ᠶᠢᠨ ᠲᠥᠪᠯᠡᠷᠡᠯ ᠢ ᠠᠬᠢᠭᠤᠯᠵᠤ ᠬᠥᠮᠥᠨ ᠠᠮᠠ ᠶᠢᠨ ᠴᠢᠨᠠᠷᠵᠢᠭᠤᠨ ᠬᠥᠭᠵᠢᠯᠲᠡ ᠶᠢ ᠠᠬᠢᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠬᠥᠬᠡᠬᠤᠲᠠ ᠵᠠᠰᠠᠭ ᠲᠠᠷᠬᠠᠭᠠᠭᠰᠠᠨ ︹2025︺ 7 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠪᠡᠰᠦ᠂ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠬᠤ ᠳᠤ ᠬᠡᠷᠡᠭᠵᠢᠭᠦᠯᠬᠦ ᠨᠠᠷᠢᠨ ᠳᠦᠷᠢᠮ ᠨᠢ ᠳᠣᠣᠷᠠᠬᠢ ᠮᠡᠲᠦ᠄    ᠨᠢᠭᠡ᠂ ᠬᠢᠷᠢ ᠬᠡᠮ ᠢ ᠨᠢ ᠮᠠᠭᠠᠳᠯᠠᠨ ᠲᠣᠭᠲᠠᠭᠠᠬᠤ    ︵ᠨᠢᠭᠡ︶ ᠨᠡᠮᠡᠭᠦᠷᠢ ᠣᠯᠭᠤᠬᠤ ᠨᠥᠬᠦᠴᠡᠯ    1. ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠠᠮᠠ ᠬᠢᠭᠡᠳ ᠲᠥᠯᠥᠪᠯᠡᠭᠡᠲᠦ ᠦᠷᠡᠵᠢᠯ ᠤᠨ ᠳᠦᠷᠢᠮ︾ ᠤᠨ ᠲᠣᠭᠲᠠᠭᠠᠯ ᠳᠤ ᠨᠡᠶᠢᠴᠡᠭᠦᠯᠵᠦ ᠬᠡᠦᠬᠡᠳ ᠲᠥᠷᠥᠭᠰᠡᠨ︔    2. 2025 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠰᠡᠭᠦᠯᠡᠷ ︵3 ᠳ᠋ᠤᠭᠠᠷ ᠰᠠᠷ᠎ᠠ ᠶᠢᠨ 1 ᠤ ᠡᠳᠦᠷ ᠢ ᠪᠠᠭᠲᠠᠭᠠᠨ᠎ᠠ︶ ᠬᠠᠤᠯᠢ ᠶᠣᠰᠣᠭᠠᠷ ᠬᠡᠦᠬᠡᠳ ᠲᠥᠷᠥᠭᠰᠡᠨ ᠭᠡᠷ ᠪᠦᠯᠢ︔    3. ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠳᠠᠩᠰᠠᠨ ᠤ ᠪᠠᠶᠢᠭ᠎ᠠ ᠭᠠᠵᠠᠷ ᠨᠢ ᠴᠥᠮ ᠬᠥᠬᠡᠬᠤᠲᠠ ᠪᠤᠶᠤ ᠨᠢᠭᠡ ᠡᠲᠡᠭᠡᠳ ᠤᠨ ᠡᠷᠦᠬᠡ ᠠᠮᠠ ᠶᠢᠨ ᠳᠠᠩᠰᠠᠨ ᠤ ᠪᠠᠶᠢᠭ᠎ᠠ ᠭᠠᠵᠠᠷ ᠨᠢ ᠬᠥᠬᠡᠬᠤᠲᠠ ᠪᠣᠯᠬᠤ᠂ ᠬᠥᠬᠡᠬᠤᠲᠠ ᠳᠤ ᠰᠠᠭᠤᠷᠢᠰᠢᠵᠤ ᠠᠵᠢᠯᠯᠠᠵᠤ ᠠᠮᠢᠳᠤᠷᠠᠵᠤ ᠪᠠᠶᠢᠭ᠎ᠠ᠂ ᠬᠥᠮᠥᠨ᠂ ᠭᠡᠷ ᠪᠠᠶᠢᠰᠢᠩ᠂ ᠡᠷᠦᠬᠡ ᠨᠢ ᠨᠢᠭᠡᠳᠦᠯᠲᠡᠢ ᠪᠠᠶᠢᠬᠤ ᠮᠥᠷᠲᠡᠭᠡᠨ ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠲᠡᠷᠢᠭᠦᠨ ᠤᠳᠠᠭ᠎ᠠ ᠬᠥᠬᠡᠬᠤᠲᠠ ᠳᠤ ᠣᠷᠣᠭᠤᠯᠤᠭᠰᠠᠨ᠃    ︵ᠬᠤᠶᠠᠷ︶ ᠬᠡᠦᠬᠡᠳ ᠤᠳ ᠤᠨ ᠨᠡᠮᠡᠭᠦᠷᠢ ᠶᠢ ᠪᠣᠳᠣᠬᠤ ᠪᠠᠷᠢᠮᠵᠢᠶ᠎ᠠ    ᠤᠤᠭᠠᠨ ᠬᠡᠦᠬᠡᠳ ᠢᠶᠠᠨ ᠲᠥᠷᠥᠬᠦ ᠳᠤ ᠢᠬᠡᠷ᠎ᠡ ᠠᠴᠠ ᠢᠯᠡᠭᠦᠦ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠢ ᠨᠢ ᠬᠡᠦᠬᠡᠳ ᠤᠨ ᠲᠥᠷᠥᠵᠦ ᠭᠠᠷᠤᠭᠰᠠᠨ ᠳᠠᠷᠠᠭᠠᠯᠠᠯ ᠢᠶᠠᠷ ᠤᠤᠭᠠᠨ ᠬᠡᠦᠬᠡᠳ᠂ ᠬᠤᠶᠠᠲᠠᠬᠢ ᠬᠡᠦᠬᠡᠳ᠂ ᠭᠤᠷᠪᠠᠳᠠᠬᠢ ᠬᠡᠦᠬᠡᠳ ᠪᠤᠶᠢᠵᠢᠭᠤᠯᠤᠭᠰᠠᠨ ᠢᠶᠠᠷ ᠨᠡᠮᠡᠭᠦᠷᠢ ᠬᠦᠷᠲᠡᠨ᠎ᠡ᠂ ᠢᠬᠡᠷ᠎ᠡ ᠪᠠᠷ ᠲᠥᠷᠥᠬᠦ ᠳᠤ ᠭᠤᠷᠪᠠ ᠠᠴᠠ ᠢᠯᠡᠭᠦᠦ ᠲᠥᠷᠥᠭᠰᠡᠨ ᠪᠠᠶᠢᠪᠠᠯ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠲᠣᠰ ᠲᠣᠰ ᠨᠡᠮᠡᠭᠦᠷᠢ ᠬᠦᠷᠲᠡᠨ᠎ᠡ︔ ᠨᠢᠭᠡᠨᠲᠡ ᠨᠢᠭᠡ ᠬᠡᠦᠬᠡᠳ ᠲᠠᠢ ᠪᠠᠶᠢᠵᠤ ᠳᠠᠬᠢᠨᠲᠠ ᠲᠥᠷᠥᠬᠦ ᠳᠤ ᠢᠬᠡᠷ᠎ᠡ ᠠᠴᠠ ᠢᠯᠡᠭᠦᠦ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠢ ᠨᠢ ᠬᠡᠦᠬᠡᠳ ᠤᠨ ᠲᠥᠷᠥᠵᠦ ᠭᠠᠷᠤᠭᠰᠠᠨ ᠳᠠᠷᠠᠭᠠᠯᠠᠯ ᠢᠶᠠᠷ ᠬᠤᠶᠠᠳᠠᠬᠢ ᠬᠡᠦᠬᠡᠳ᠂ ᠭᠤᠷᠪᠠᠳᠠᠬᠢ ᠬᠡᠦᠬᠡᠳ ᠪᠤᠶᠢᠵᠢᠭᠤᠯᠤᠭᠰᠠᠨ ᠢᠶᠠᠷ ᠨᠡᠮᠡᠭᠦᠷᠢ ᠬᠦᠷᠲᠡᠵᠦ᠂ ᠢᠬᠡᠷ᠎ᠡ ᠪᠠᠷ ᠲᠥᠷᠥᠬᠦ ᠳᠤ ᠬᠤᠶᠠᠷ ᠠᠴᠠ ᠢᠯᠡᠭᠦᠦ ᠲᠥᠷᠥᠭᠰᠡᠨ ᠪᠠᠶᠢᠪᠠᠯ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠲᠣᠰ ᠲᠣᠰ ᠨᠡᠮᠡᠭᠦᠷᠢ ᠭᠥᠷᠳᠡᠵᠦ ᠪᠣᠯᠣᠨ᠎ᠠ︔ ᠨᠢᠭᠡᠨᠲᠡ ᠬᠤᠶᠠᠷ ᠬᠡᠦᠬᠡᠳ ᠲᠠᠢ ᠪᠠᠶᠢᠵᠤ ᠳᠠᠬᠢᠨᠲᠠ ᠲᠥᠷᠬᠦ ᠳᠤ ᠢᠬᠡᠷ᠎ᠡ ᠠᠴᠠ ᠣᠯᠠᠨ ᠬᠡᠦᠬᠡᠳ ᠲᠥᠷᠥᠭᠰᠡᠨ ᠪᠠᠶᠢᠪᠠᠯ᠂ ᠰᠠᠶ᠋ᠢ ᠲᠥᠷᠥᠭᠰᠡᠨ ᠬᠡᠦᠬᠡᠳ ᠨᠢ ᠴᠥᠮ ᠭᠤᠷᠪᠠᠨ ᠬᠡᠦᠬᠡᠳ ᠤᠨ ᠪᠠᠷᠢᠮᠵᠢᠶ᠎ᠠ ᠪᠠᠷ ᠬᠡᠦᠬᠡᠳ ᠪᠤᠶᠢᠵᠢᠭᠤᠯᠬᠤ ᠨᠡᠮᠡᠭᠦᠷᠢ ᠶᠢ ᠲᠣᠰ ᠲᠣᠰ ᠬᠦᠷᠲᠡᠵᠦ ᠪᠣᠯᠣᠨ᠎ᠠ᠃    2. ᠬᠡᠦᠬᠡᠳ ᠤᠳ ᠢᠶᠠᠨ ᠡᠷ᠎ᠡ ᠡᠮ᠎ᠡ ︵ᠣᠷᠤᠭ ᠰᠡᠷᠭᠦᠭᠡᠭᠰᠡᠨ ᠢ ᠪᠠᠭᠲᠠᠭᠠᠨ᠎ᠠ︶ ᠬᠤᠶᠠᠭᠤᠯᠠ ᠥᠪᠡᠷ ᠤᠨ ᠬᠢᠨᠢ ᠲᠥᠷᠥᠭᠰᠡᠨ᠂ ᠬᠠᠤᠯᠢ ᠶᠣᠰᠣ ᠪᠠᠷ ᠡᠷᠭᠦᠨ ᠲᠡᠵᠢᠭᠡᠭᠰᠡᠨ ᠬᠡᠦᠬᠡᠳ ᠤᠨ ᠲᠤᠭ᠎ᠠ ᠯᠤᠭ᠎ᠠ ᠨᠡᠶᠢᠯᠡᠭᠦᠯᠦᠨ ᠪᠤᠳᠤᠨ᠎ᠠ᠂ ᠭᠡᠪᠡᠴᠦ ᠳᠣᠣᠷᠠᠬᠢ ᠪᠠᠶᠢᠳᠠᠯ ᠢ ᠴᠥᠮ ᠦᠷ᠎ᠡ ᠬᠡᠦᠬᠡᠳ ᠤᠨ ᠬᠢᠨᠢ ᠲᠣᠭᠠᠨ ᠳᠤ ᠪᠤᠳᠤᠵᠤ ᠣᠷᠣᠭᠤᠯᠬᠤ ᠦᠭᠡᠢ᠄    ︵1︶ ᠳᠠᠬᠢᠨᠲᠠ ᠤᠷᠤᠭᠯᠠᠭᠰᠠᠨ ᠡᠷ᠎ᠡ ᠡᠮ᠎ᠡ ᠬᠤᠶᠠᠭᠤᠯᠠ ᠶᠢᠨ ᠳᠠᠬᠢᠨᠲᠠ ᠤᠷᠤᠭᠯᠠᠬᠤ ᠠᠴᠠ ᠡᠮᠦᠨ᠎ᠡ ᠲᠥᠷᠥᠭᠰᠡᠨ ᠦᠷ᠎ᠡ ᠬᠡᠦᠬᠡᠳ︔    ︵2︶ ᠣᠷᠤᠭ ᠤᠨ ᠬᠡᠪ ᠢᠶᠠᠷ ᠪᠠᠶᠢᠭ᠎ᠠ ᠬᠤᠭᠤᠴᠠᠭᠠᠨ ᠳᠤ ᠬᠠᠨᠢ ᠢᠵᠢᠯᠢ ᠠᠴᠠ ᠪᠠᠨ ᠪᠤᠰᠤᠳ ᠬᠥᠮᠥᠨ ᠯᠦᠭᠡ ᠲᠥᠷᠥᠭᠰᠡᠨ ᠦᠷ᠎ᠡ ᠬᠡᠦᠬᠡᠳ᠃    ᠬᠤᠶᠠᠷ᠂ ᠨᠡᠮᠡᠭᠦᠷᠢ ᠣᠯᠭᠤᠬᠤ ᠪᠠᠷᠢᠮᠵᠢᠶ᠎ᠠ    ︵ᠨᠢᠭᠡ︶ ᠨᠡᠮᠡᠭᠦᠷᠢ ᠣᠯᠭᠤᠬᠤ ᠪᠡᠯᠡ ᠮᠥᠩᠭᠦᠨ ᠤ ᠲᠤᠭ᠎ᠠ ᠵᠢᠴᠢ ᠦᠶᠡᠯᠡᠯ    1. ᠨᠢᠭᠡ ᠬᠡᠦᠬᠡᠳ ᠲᠥᠷᠥᠭᠰᠡᠨ ᠪᠠᠶᠢᠪᠠᠯ ᠨᠢᠭᠡ ᠯᠡ ᠤᠳᠠᠭ᠎ᠠ ᠳᠤ 10000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠨ᠎ᠠ︔    2. ᠬᠤᠶᠠᠷ ᠬᠡᠦᠬᠡᠳ ᠲᠥᠷᠥᠭᠰᠡᠨ ᠪᠠᠶᠢᠪᠠᠯ 50000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠪᠦᠷᠢ 10000 ᠲᠥᠭᠦᠷᠢᠭ ᠢᠶᠠᠷ ᠬᠡᠦᠬᠡᠳ ᠨᠢ ᠪᠦᠬᠦᠯᠢ 5 ᠨᠠᠰᠤ ᠪᠣᠯᠲᠠᠯ᠎ᠠ ᠣᠯᠭᠤᠨ᠎ᠠ︔    3. ᠭᠤᠷᠪᠠ ᠵᠢᠴᠢ ᠭᠤᠷᠪᠠ ᠠᠴᠠ ᠢᠯᠡᠭᠦᠦ ᠬᠡᠦᠬᠡᠳ ᠲᠥᠷᠥᠭᠰᠡᠨ ᠪᠠᠶᠢᠪᠠᠯ 100000 ᠲᠥᠭᠦᠷᠢᠭ ᠤᠨ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠪᠦᠷᠢ 10000 ᠲᠥᠭᠦᠷᠢᠭ ᠢᠶᠠᠷ ᠬᠡᠦᠬᠡᠳ ᠨᠢ ᠪᠦᠬᠦᠯᠢ 10 ᠨᠠᠰᠤ ᠪᠣᠯᠲᠠᠯ᠎ᠠ ᠣᠯᠭᠤᠨ᠎ᠠ᠃    ︵ᠬᠤᠶᠠᠷ︶ ᠨᠡᠮᠡᠭᠦᠷᠢ ᠶᠢ ᠪᠣᠳᠣᠵᠤ ᠣᠯᠭᠤᠬᠤ ᠴᠠᠭ ᠢ ᠨᠢ ᠨᠤᠲᠠᠯᠠᠨ ᠲᠣᠭᠲᠠᠭᠠᠬᠤ    1. ᠬᠡᠦᠬᠡᠳ ᠲᠥᠷᠥᠭᠰᠡᠨ ᠤ ᠳᠠᠷᠠᠭ᠎ᠠ᠂ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠲᠡᠷᠢᠭᠦᠨ ᠤᠳᠠᠭ᠎ᠠ ᠣᠷᠣᠭᠤᠯᠤᠭᠰᠠᠨ ᠭᠠᠵᠠᠷ ᠨᠢ ᠬᠥᠬᠡᠬᠤᠲᠠ ᠪᠠᠶᠢᠪᠠᠯ᠂ ᠲᠥᠷᠥᠭᠰᠡᠨ ᠣᠨ ᠢᠶᠠᠷ ᠨᠢ ᠬᠡᠦᠬᠡᠳ ᠪᠤᠶᠢᠵᠢᠭᠤᠯᠬᠤ ᠨᠡᠮᠡᠭᠦᠷᠢ ᠪᠣᠳᠣᠵᠤ ᠣᠯᠭᠤᠨ᠎ᠠ︔    2. ᠬᠡᠦᠬᠡᠳ ᠨᠢ ᠦᠬᠦᠭᠰᠡᠨ ᠪᠤᠶᠤ ᠡᠷᠦᠬᠡ ᠠᠮᠠ ᠶᠢᠨ ᠲᠠᠩᠰᠠ ᠶᠢ ᠨᠢ ᠬᠥᠬᠡᠬᠤᠲᠠ ᠠᠴᠠ ᠰᠢᠯᠵᠢᠭᠦᠯᠦᠭᠰᠡᠨ ᠪᠠᠶᠢᠪᠠᠯ᠂ ᠳᠠᠷᠠᠭ᠎ᠠ ᠵᠢᠯ ᠳᠤ ᠨᠢ ᠬᠡᠦᠬᠡᠳ ᠪᠤᠶᠢᠵᠢᠭᠤᠯᠬᠤ ᠨᠡᠮᠡᠭᠦᠷᠢ ᠣᠯᠭᠤᠬᠤ ᠶᠢ ᠵᠣᠭᠰᠣᠭᠠᠨ᠎ᠠ᠃    ︵ᠭᠤᠷᠪᠠ︶ ᠳᠣᠣᠷᠠᠬᠢ ᠪᠠᠶᠢᠳᠠᠯ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠷᠡᠵᠢᠯ ᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠲᠦᠷᠭᠡᠳᠬᠡᠨ ᠲᠡᠭᠦᠯᠳᠡᠷᠵᠢᠭᠦᠯᠵᠦ ᠦᠷᠡᠵᠢᠯ ᠳᠤ ᠨᠥᠬᠦᠷᠰᠡᠭ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2025︺ 6 ᠳ᠋ᠤᠭᠠᠷ ᠲᠣᠭᠠᠲᠤ ︶ ᠤᠨ ᠲᠣᠭᠲᠠᠭᠠᠯ ᠤᠨ ᠪᠠᠷᠢᠮᠵᠢᠶ᠎ᠠ ᠶᠣᠰᠣᠭᠠᠷ ᠨᠡᠮᠡᠭᠦᠷᠢ ᠭᠥᠷᠳᠡᠨ᠎ᠡ᠄    1. 2025 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ︵1 ᠳ᠋ᠦ᠋ᠭᠡᠷ ᠰᠠᠷ᠎ᠠ ᠶᠢᠨ 1 ᠤ ᠡᠳᠦᠷ ᠢ ᠪᠠᠭᠲᠠᠭᠠᠨ᠎ᠠ︶ ᠠᠴᠠ 2 ᠳ᠋ᠤᠭᠠᠷ ᠰᠠᠷ᠎ᠠ ᠶᠢᠨ 28 ᠤ ᠡᠳᠦᠷ ︵2 ᠳ᠋ᠤᠭᠠᠷ ᠰᠠᠷ᠎ᠠ ᠶᠢᠨ 28 ᠤ ᠡᠳᠦᠷ ᠢ ᠪᠠᠭᠲᠠᠭᠠᠨ᠎ᠠ ︶ ᠶᠢᠨ ᠬᠤᠭᠤᠷᠣᠨᠳᠤ ᠲᠥᠷᠥᠭᠰᠡᠨ︔    2. ᠰᠠᠶ᠋ᠢ ᠲᠥᠷᠥᠭᠰᠡᠨ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠪᠢᠰᠢ᠂ ᠡᠷᠦᠬᠡ ᠠᠮᠠ ᠶᠢᠨ ᠲᠠᠩᠰᠠ ᠶᠢ ᠨᠢ ᠭᠠᠳᠠᠷ ᠣᠷᠣᠨ ᠠᠴᠠ ᠨᠡᠭᠦᠯᠭᠡᠨ ᠣᠷᠣᠭᠤᠯᠤᠭᠰᠠᠨ᠃    ᠭᠤᠷᠪᠠ᠂ ᠭᠤᠶᠤᠴᠢᠯᠠᠨ ᠮᠡᠳᠡᠭᠦᠯᠵᠦ ᠬᠢᠨᠠᠨ ᠬᠠᠷᠭᠤᠭᠤᠯᠬᠤ    ︵ᠨᠢᠭᠡ︶ ︽ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ︾ ᠬᠢᠷᠢ ᠬᠡᠮ ᠢ ᠨᠤᠲᠠᠯᠠᠨ ᠲᠣᠭᠲᠠᠭᠠᠬᠤ    ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠤ ᠳᠠᠷᠠᠭ᠎ᠠ᠂ ᠡᠩ ᠲᠡᠷᠢᠭᠦᠨ ᠳᠤ ︽ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ︾ ᠬᠢᠷᠢ ᠬᠡᠮ ᠢ ᠨᠤᠲᠠᠯᠠᠨ ᠲᠣᠭᠲᠠᠭᠠᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷ ᠣᠯᠠᠨ ᠲᠦᠮᠡᠨ ᠤ ᠨᠡᠮᠡᠭᠦᠷᠢ ᠭᠤᠶᠤᠴᠢᠯᠠᠬᠤ ᠬᠢᠷᠢ ᠬᠡᠮ ᠢ ᠠᠦ᠋ᠲ᠋ᠣ᠋ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠵᠥᠪᠰᠢᠶᠡᠷᠡᠭᠰᠡᠨ ᠪᠠᠶᠢᠪᠠᠯ ᠣᠬᠤᠷ ᠮᠡᠳᠡᠭᠡ ᠪᠠᠷ ᠣᠯᠠᠨ ᠲᠦᠮᠡᠨ ᠳᠤ ᠨᠡᠮᠡᠭᠦᠷᠢ ᠣᠯᠭᠤᠬᠤ ᠠᠷᠭ᠎ᠠ ᠮᠠᠶ᠋ᠢᠭ ᠢ ᠮᠡᠳᠡᠭᠳᠡᠨ᠎ᠡ᠃    ︵ᠬᠤᠶᠠᠷ︶ ᠬᠢᠷᠢ ᠬᠡᠮ ᠢᠶᠠᠨ ᠨᠤᠲᠠᠯᠠᠨ ᠲᠣᠭᠲᠠᠭᠠᠯᠭᠠᠬᠤ ᠪᠠᠷ ᠰᠠᠨᠠᠭᠠᠴᠢᠯᠠᠭ᠎ᠠ ᠠᠴᠠ ᠪᠠᠨ ᠭᠤᠶᠤᠴᠢᠯᠠᠬᠤ    1. ᠭᠡᠷ ᠪᠦᠯᠢ ᠶᠢᠨ ᠬᠢᠨ ᠤ ᠭᠤᠶᠤᠴᠢᠯᠠᠯ᠃ ᠣᠯᠠᠨ ᠲᠦᠮᠡᠨ ᠪᠠᠰᠠ ᠰᠦᠯᠵᠢᠶᠡᠨ ᠳᠡᠭᠡᠷᠡᠬᠢ ᠭᠤᠶᠤᠴᠢᠯᠠᠬᠤ ᠠᠷᠭ᠎ᠠ ᠪᠠᠷ ᠬᠢᠷᠢ ᠬᠡᠮ ᠢᠶᠠᠨ ᠨᠤᠲᠠᠯᠠᠭᠤᠯᠤᠨ ᠲᠣᠭᠲᠠᠭᠠᠯᠭᠠᠵᠤ ᠪᠣᠯᠣᠨ᠎ᠠ᠃ ᠬᠡᠦᠬᠡᠳ ᠤᠨ ᠡᠷᠦᠬᠡ ᠠᠮᠠ ᠶᠢᠨ ᠳᠠᠩᠰᠠ ᠶᠢ ᠨᠢ ᠬᠥᠬᠡᠬᠤᠲᠠ ᠳᠤ ᠲᠡᠷᠢᠭᠦᠨ ᠤᠳᠠᠭ᠎ᠠ ᠣᠷᠣᠭᠤᠯᠤᠭᠰᠠᠨ ᠤ ᠳᠠᠷᠠᠭ᠎ᠠ᠂ ᠬᠥᠩᠭᠡᠵᠢᠭᠴᠢ ᠨᠢ ᠬᠥᠩᠭᠡᠵᠢᠭᠦᠯᠬᠦ ᠪᠠᠶᠢᠭᠤᠯᠤᠮᠵᠢ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠡᠷᠦᠬᠡ ᠠᠮᠠ ᠶᠢᠨ ᠳᠠᠩᠰᠠ ᠣᠷᠣᠭᠤᠯᠬᠤ ᠴᠣᠩᠬᠤᠪᠴᠢ᠂ ᠨᠡᠶᠢᠭᠡᠮ ᠲᠣᠭᠤᠷᠢᠭ / ᠲᠣᠰᠬᠤᠨ ︵ᠰᠠᠭᠤᠭᠠᠯᠢ ᠠᠷᠠᠳ︶ ᠤ ᠵᠥᠪᠯᠡᠯ᠂ ︽ᠠᠢ ᠴᠢᠩ ᠴᠧᠩ︾ ᠨᠡᠶᠢᠲᠡ ᠶᠢᠨ ᠳ᠋ᠤᠭᠠᠷ᠂ ︽ᠡᠷᠡᠭᠦᠯ ᠮᠡᠨᠳᠦ ᠬᠥᠬᠡᠬᠤᠲᠠ︾ ᠵᠢᠵᠢᠭ ᠫᠷᠣᠭ᠍ᠷᠠᠮ ᠵᠡᠷᠭᠡ ᠣᠯᠠᠨ ᠠᠷᠭ᠎ᠠ ᠵᠠᠮ ᠢᠶᠠᠷ ᠲᠤᠰᠬᠠᠢ ᠬᠤᠶᠠᠷ ᠬᠡᠮᠵᠢᠯᠲᠦ ᠺᠣᠳ᠋ ᠢ ᠰᠢᠷᠪᠢᠨ ᠭᠤᠶᠤᠴᠢᠯᠠᠯ ᠢᠶᠠᠨ ᠲᠤᠰᠢᠶᠠᠵᠤ᠂ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠶᠢᠨ ᠬᠠᠮᠲᠤ ᠳᠡᠪᠰᠢᠭᠦᠯᠦᠭᠰᠡᠨ ᠮᠡᠳᠡᠭᠡ ᠵᠠᠩᠭᠢ ᠪᠠᠨ ᠦᠨᠡᠨ ᠪᠣᠳᠠᠲᠠᠢ ᠮᠥᠷᠲᠡᠭᠡᠨ ᠬᠦᠴᠦᠨ ᠲᠠᠢ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠰᠠᠶᠢᠨ ᠳᠤᠷ᠎ᠠ ᠠᠴᠠ ᠪᠠᠨ ᠡᠭᠦᠷᠭᠡᠯᠡᠨ᠎ᠡ ᠭᠡᠵᠦ ᠠᠮᠠᠯᠠᠨ᠎ᠠ᠃ ᠪᠣᠳᠠᠲᠠᠢ ᠮᠠᠲ᠋ᠧᠷᠢᠶᠠᠯ ᠨᠢ ᠳᠣᠣᠷᠠᠬᠢ ᠮᠡᠲᠦ᠄    1︶ ᠡᠷ᠎ᠡ ᠡᠮ᠎ᠡ ᠬᠤᠶᠠᠭᠤᠯᠠ ᠶᠢᠨ ᠡᠷᠦᠬᠡ ᠠᠮᠠ ᠶᠢᠨ ᠳᠠᠩᠰᠠᠨ ᠳᠡᠪᠲᠡᠷ ︵ᠲᠡᠷᠢᠭᠦᠨ ᠬᠠᠭᠤᠳᠠᠰᠤ᠂ ᠲᠣᠰ ᠬᠥᠮᠥᠨ ᠤ ᠲᠡᠮᠳᠡᠭᠯᠡᠯ ᠲᠠᠢ ᠬᠠᠭᠤᠳᠠᠰᠤ︶ ᠤᠨ ᠤᠭ ᠳᠡᠪᠲᠡᠷ᠂ ᠪᠡᠶ᠎ᠡ ᠶᠢᠨ ᠦᠨᠡᠮᠯᠡᠯ ︵ᠠᠷᠤ ᠡᠮᠦᠨ᠎ᠡ ᠨᠢᠭᠤᠷ︶ ᠤᠨ ᠤᠭ ᠦᠨᠡᠮᠯᠡᠯ᠂ ᠣᠷᠤᠭ ᠤᠨ ᠪᠠᠲᠤᠯᠠᠪᠤᠷᠢ ᠶᠢᠨ ᠤᠭ ᠳᠡᠪᠲᠡᠷ︔    2︶ ᠭᠡᠷ ᠪᠦᠯᠢ ᠶᠢᠨ ᠪᠥᠬᠦ ᠦᠷ᠎ᠡ ᠬᠡᠦᠬᠡᠳ ᠤᠨ ᠬᠢᠨᠢ ᠡᠷᠦᠬᠡ ᠠᠮᠠ ᠶᠢᠨ ᠳᠠᠩᠰᠠᠨ ᠳᠡᠪᠲᠡᠷ ︵ᠲᠡᠷᠢᠭᠦᠨ ᠬᠠᠭᠤᠳᠠᠰᠤ᠂ ᠲᠣᠰ ᠬᠥᠮᠥᠨ ᠤ ᠲᠡᠮᠳᠡᠭᠯᠡᠯ ᠲᠠᠢ ᠬᠠᠭᠤᠳᠠᠰᠤ︶ ᠤᠨ ᠤᠭ ᠳᠡᠪᠲᠡᠷ᠂ ᠪᠥᠬᠦ ᠦᠷ᠎ᠡ ᠬᠡᠦᠬᠡᠳ ᠤᠨ ᠬᠢᠨᠢ ᠲᠥᠷᠥᠭᠰᠡᠨ ᠤ ᠠᠨᠠᠭᠠᠬᠤ ᠶᠢᠨ ᠭᠡᠷᠡᠴᠢ ᠶᠢᠨ ᠤᠭ ᠮᠠᠲ᠋ᠧᠷᠢᠶᠠᠯ︔    3︶ ᠬᠥᠬᠡᠬᠤᠲᠠ ᠶᠢᠨ ᠬᠡᠪᠴᠢᠶᠡᠨ ᠳᠠᠬᠢ ᠥᠪᠡᠷ ᠤᠨ ᠣᠷᠣᠨ ᠰᠠᠭᠤᠴᠠ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ ︵ᠥᠯᠥ ᠬᠥᠳᠡᠯᠬᠦ ᠬᠥᠷᠥᠩᠭᠡ ᠶᠢᠨ ᠳᠠᠩᠰᠠᠯᠠᠨ ᠲᠡᠮᠳᠡᠭᠯᠡᠭᠦᠯᠦᠭᠰᠡᠨ ᠦᠨᠡᠮᠯᠡᠯ︶ ᠪᠤᠶᠤ ᠰᠦᠯᠵᠢᠶᠡᠨ ᠳᠡᠭᠡᠷ᠎ᠡ ᠭᠠᠷ ᠤᠨ ᠥᠰᠥᠭ ᠵᠢᠷᠤᠭᠰᠠᠨ ᠤᠭ ᠮᠠᠲ᠋ᠧᠷᠢᠶᠠᠯ ︵ᠭᠡᠷ ᠪᠠᠶᠢᠰᠢᠩ ᠤᠨ ᠮᠡᠳᠡᠭᠡ ᠵᠠᠩᠭᠢ ᠪᠦᠬᠦᠢ ᠬᠠᠭᠤᠳᠠᠰᠤ ᠪᠠ ᠬᠤᠶᠠᠷ ᠲᠠᠯ᠎ᠠ ᠪᠠᠷ ᠢᠶᠠᠨ ᠭᠠᠷ ᠤᠨ ᠥᠰᠥᠭ ᠵᠢᠷᠤᠵᠤ ᠲᠠᠮᠠᠭ᠎ᠠ ᠳᠠᠷᠤᠭᠰᠠᠨ ᠬᠠᠭᠤᠳᠠᠰᠤ ᠪᠠᠨ ᠰᠦᠯᠵᠢᠶ᠎ᠡ ᠪᠠᠷ ᠢᠯᠡᠭᠡᠨ᠎ᠡ︶︔ ᠳᠡᠭᠡᠷ᠎ᠡ ᠳᠤᠷᠠᠳᠤᠭᠰᠠᠨ ᠦᠨᠡᠮᠯᠡᠯ ᠢ ᠬᠠᠩᠭᠠᠵᠤ ᠳᠡᠶᠢᠯᠬᠦ ᠦᠭᠡᠢ ᠪᠣᠯ ᠲᠣᠰ ᠵᠢᠯ ᠪᠤᠶᠤ ᠳᠡᠭᠡᠷ᠎ᠡ ᠨᠢᠭᠡ ᠵᠢᠯ ᠳᠠᠬᠢ ᠬᠥᠬᠡᠬᠤᠲᠠ ᠶᠢᠨ ᠬᠡᠪᠴᠢᠶᠡᠨ ᠳᠤ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠡᠮᠳᠡᠭᠯᠡᠯ ᠢᠶᠠᠨ ᠬᠠᠩᠭᠠᠵᠤ ᠪᠣᠯᠣᠨ᠎ᠠ︔    4︶ ᠬᠡᠦᠬᠡᠳ ᠡᠷᠭᠦᠨ ᠲᠡᠵᠢᠭᠡᠭᠰᠡᠨ ᠭᠡᠷ ᠪᠦᠯᠢ ᠨᠢ ᠬᠠᠤᠯᠢ ᠶᠣᠰᠣᠨ ᠤ ᠡᠷᠭᠦᠨ ᠲᠡᠵᠢᠭᠡᠭᠰᠡᠨ ᠦᠨᠡᠮᠯᠡᠯ ᠤᠨ ᠤᠭ ᠦᠨᠡᠮᠯᠡᠯ ᠢ ᠲᠤᠰᠢᠶᠠᠬᠤ ᠬᠡᠷᠡᠭᠲᠡᠢ᠃ ᠬᠠᠨᠢ ᠢᠵᠢᠯᠢ ᠶᠢᠨ ᠬᠢᠨᠢ ᠨᠢᠭᠡ ᠨᠢ ᠨᠠᠰᠤ ᠨᠥᠭᠴᠢᠭᠰᠡᠨ ᠭᠡᠷ ᠪᠦᠯᠢ ᠨᠢ ᠨᠠᠰᠤ ᠨᠥᠭᠴᠢᠭᠰᠡᠨ ᠨᠥᠭᠦᠭᠡ ᠶᠢᠨ ᠢᠶᠠᠨ ᠨᠠᠰᠤ ᠨᠥᠭᠴᠢᠭᠰᠡᠨ ᠭᠡᠷᠡᠴᠢ ᠶᠢ ᠲᠤᠰᠢᠶᠠᠬᠤ ᠬᠡᠷᠡᠭᠲᠡᠢ᠃ ᠤᠷᠤᠭ ᠰᠠᠯᠤᠭᠰᠠᠨ ᠭᠡᠷ ᠪᠦᠯᠢ ᠨᠢ ᠡᠷ᠎ᠡ ᠡᠮ᠎ᠡ ᠬᠤᠶᠠᠷ ᠲᠠᠯ᠎ᠠ ᠶᠢᠨ ᠭᠠᠷ ᠤᠨ ᠦᠰᠦᠭ ᠵᠢᠷᠤᠭᠰᠠᠨ ᠠᠰᠠᠷᠠᠵᠤ ᠲᠡᠵᠢᠭᠡᠬᠦ ᠢᠯᠡᠷᠬᠡᠶᠢᠯᠡᠯᠲᠡ ᠪᠠ ᠤᠷᠤᠭ ᠰᠠᠯᠬᠤ ᠵᠥᠪᠯᠡᠯᠴᠡᠭᠡᠷ ᠪᠤᠶᠤ ᠰᠢᠭᠦᠬᠦ ᠬᠤᠷᠢᠶᠠᠨ ᠤ ᠭᠠᠷᠭᠠᠵᠤ ᠥᠭᠭᠦᠭᠰᠡᠨ ᠤᠷᠤᠭ ᠰᠠᠯᠤᠭᠰᠠᠨ ᠲᠠᠰᠤᠯᠤᠯᠲᠠ ᠶᠢᠨ ᠪᠢᠴᠢᠭ ᠢ ᠲᠤᠰᠢᠶᠠᠬᠤ ᠴᠢᠬᠤᠯᠠᠲᠠᠢ᠃    2. ᠱᠠᠲᠤ ᠱᠠᠲᠤ ᠪᠠᠷ ᠬᠢᠨᠠᠨ ᠬᠠᠷᠭᠤᠭᠤᠯᠤᠨ᠎ᠠ᠃ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠲᠣᠰᠬᠤᠨ ︵ᠰᠠᠭᠤᠭᠠᠯᠢ ᠠᠷᠠᠳ︶ ᠤ ᠵᠥᠪᠯᠡᠯ ᠵᠢᠯ ᠪᠦᠷᠢ ᠶᠢᠨ 5 ᠳ᠋ᠤᠭᠠᠷ ᠰᠠᠷ᠎ᠠ ᠪᠠ 11 ᠳ᠋ᠦ᠋ᠭᠡᠷ ᠰᠠᠷ᠎ᠠ ᠳᠤ ᠳᠣᠣᠷᠠᠳᠤ ᠱᠠᠲᠤᠨ ᠠᠴᠠ ᠳᠡᠭᠡᠳᠦ ᠱᠠᠲᠤ ᠲᠡᠶᠢᠰᠢ ᠬᠢᠨᠠᠨ ᠬᠠᠷᠭᠤᠭᠤᠯᠤᠨ᠎ᠠ᠃    3. ᠬᠤᠶᠠᠷᠳᠠᠬᠢ ᠬᠡᠦᠬᠡᠳ᠂ ᠭᠤᠷᠪᠠᠳᠠᠬᠢ ᠬᠡᠦᠬᠡᠳ ᠵᠢᠴᠢ ᠡᠭᠦᠨ ᠠᠴᠠ ᠢᠯᠡᠭᠦᠦ ᠪᠠᠶᠢᠭ᠎ᠠ ᠬᠡᠦᠬᠡᠳ ᠪᠤᠶᠢᠵᠢᠭᠤᠯᠬᠤ ᠨᠡᠮᠡᠭᠦᠷᠢ ᠶᠢ ᠵᠢᠯ ᠬᠤᠪᠢᠶᠠᠨ ᠣᠯᠭᠤᠬᠤ ᠳᠤ᠂ ᠭᠤᠶᠤᠴᠢᠯᠠᠭᠴᠢ ᠨᠢ ᠳᠠᠷᠠᠭ᠎ᠠ ᠨᠢᠭᠡ ᠵᠢᠯ ᠤᠨ ᠲᠥᠪᠯᠡᠷᠡᠭᠦᠯᠦᠨ ᠬᠢᠨᠠᠵᠤ ᠬᠠᠷᠭᠤᠭᠤᠯᠬᠤ ᠬᠤᠭᠤᠴᠠᠭᠠᠨ ᠳᠤ ︽ᠣᠨ ᠤ ᠬᠢᠨᠠᠨ ᠬᠠᠷᠭᠤᠭᠤᠯᠬᠤ︾ ᠭᠤᠶᠤᠴᠢᠯᠠᠯ ᠢᠶᠠᠨ ᠳᠡᠪᠰᠢᠭᠦᠯᠦᠨ᠎ᠡ᠂ ᠳᠠᠬᠢᠵᠤ ᠮᠡᠳᠡᠭᠡ ᠵᠠᠩᠭᠢ ᠶᠢᠨ ᠲᠠᠭᠯᠠᠨ ᠪᠢᠴᠢᠬᠦ ᠪᠠ ᠮᠠᠲ᠋ᠧᠷᠢᠶᠠᠯ ᠢᠶᠠᠨ ᠳᠡᠭᠡᠭᠰᠢ ᠳᠠᠮᠵᠢᠭᠤᠯᠬᠤ ᠴᠢᠬᠤᠯᠠ ᠦᠭᠡᠢ᠃    ᠳᠥᠷᠪᠡ᠂ ᠪᠡᠯᠡ ᠮᠥᠩᠭᠦ ᠣᠯᠭᠤᠬᠤ    ᠬᠡᠦᠬᠡᠳ ᠪᠤᠶᠢᠵᠢᠭᠤᠯᠬᠤ ᠨᠡᠮᠡᠭᠦᠷᠢ ᠶᠢᠨ ᠲᠥᠷᠥᠯ ᠵᠦᠢᠯ ᠢ ᠲᠣᠭᠲᠠᠭᠰᠠᠨ ᠪᠡᠯᠡ ᠮᠥᠩᠭᠦ ᠣᠯᠭᠤᠬᠤ ᠠᠷᠭ᠎ᠠ ᠵᠠᠮ ᠢᠶᠠᠷ ᠣᠯᠭᠤᠨ᠎ᠠ᠂ ᠭᠤᠶᠤᠴᠢᠯᠠᠨ ᠮᠡᠳᠡᠭᠦᠯᠬᠦ ᠦᠭᠡᠢ ᠪᠠᠷ ᠬᠦᠷᠲᠡᠬᠦ ᠪᠠ ᠬᠤᠪᠢ ᠬᠥᠮᠥᠨ ᠤ ᠭᠤᠶᠤᠴᠢᠯᠠᠯ ᠢ ᠬᠢᠨᠠᠨ ᠬᠠᠷᠭᠤᠭᠤᠯᠵᠤ ᠵᠥᠪᠰᠢᠶᠡᠷᠡᠭᠰᠡᠨ ᠤ ᠳᠠᠷᠠᠭ᠎ᠠ ᠵᠢᠯ ᠪᠦᠷᠢ ᠶᠢᠨ 7 ᠳ᠋ᠤᠭᠠᠷ ᠰᠠᠷ᠎ᠠ᠂ 1 ᠳ᠋ᠦ᠋ᠭᠡᠷ ᠰᠠᠷ᠎ᠠ ᠳᠤ ᠬᠤᠶᠠᠷ ᠤᠳᠠᠭ᠎ᠠ ᠣᠯᠭᠤᠨ᠎ᠠ᠃
 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号