︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠥᠪᠥᠷ | ᠵᠠᠰᠠᠭ ᠲᠠᠷᠬᠠᠭᠠᠭᠰᠠᠨ ﹇2024﹈ 37 ᠳ᠋ᠤᠭᠠᠷ ᠲᠣᠭᠠᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ | ︶︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ | ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ ᠡᠳᠦᠭᠡ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ 2024 ᠣᠨ ᠤ | 12 ᠳ᠋ᠤᠭᠠᠷ ᠰᠠᠷ᠎ᠠ ᠶᠢᠨ 29 ᠤ ᠡᠳᠦᠷ ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶ ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢᠭᠡᠳᠦᠭᠡᠷ | ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠠᠵᠢᠯ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠬᠠᠷ᠎ᠠ ᠬᠥᠷᠥᠰᠥᠲᠦ ᠭᠠᠵᠠᠷ ᠤᠨ ᠡᠬᠢ ᠪᠠᠶᠠᠯᠢᠭ ᠢ ᠪᠦᠲᠦᠮᠵᠢᠲᠡᠶ | ᠠᠰᠢᠭᠯᠠᠬᠤ ᠶᠢ ᠠᠬᠢᠭᠤᠯᠤᠨ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ | ᠪᠠᠲᠤᠯᠠᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠠᠷ᠎ᠠ ᠬᠥᠷᠥᠰᠥᠲᠦ ᠭᠠᠵᠠᠷ ᠢ ᠬᠠᠮᠠᠭᠠᠯᠠᠬᠤ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ | ᠃ ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠦᠲᠦᠭᠡᠨ | ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠬᠠᠮᠢᠶᠠᠷᠴᠤ ᠬᠠᠮᠠᠭᠠᠯᠠᠬᠤ᠂ ᠠᠰᠢᠭᠯᠠᠬᠤ | ᠵᠡᠷᠭᠡ ᠠᠵᠢᠯᠯᠠᠭ᠎ᠠ ᠳᠤ ᠲᠣᠰ ᠠᠷᠭ᠎ᠠ ᠶᠢ ᠲᠣᠬᠢᠷᠠᠭᠤᠯᠤᠨ ᠬᠡᠷᠡᠭᠯᠡᠨ᠎ᠡ᠃ ᠭᠤᠷᠪᠠᠳᠤᠭᠠᠷ ᠵᠦᠢᠯ ᠲᠤᠰ ᠠᠷᠭ᠎ᠠ ᠳᠤ | ᠬᠡᠯᠡᠵᠦ ᠪᠠᠶᠢᠭ᠎ᠠ ᠬᠠᠷ᠎ᠠ ᠬᠥᠷᠥᠰᠥᠲᠦ ᠭᠠᠵᠠᠷ ᠭᠡᠳᠡᠭ ᠨᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ | ᠣᠷᠣᠨ ᠬᠡᠪᠴᠢᠶᠡᠨ ᠳᠠᠬᠢ ᠬᠠᠷ᠎ᠠ ᠪᠤᠶᠤ ᠬᠠᠷᠠᠪᠲᠤᠷ ᠢᠯᠵᠢᠮᠡᠭ ᠦᠩᠭᠡᠨ ᠬᠥᠷᠥᠰᠥᠨ ᠤ ᠳᠠᠪᠬᠤᠷᠭ᠎ᠠ ᠶᠢᠨ᠂ ᠰᠢᠨᠵᠢ | ᠲᠥᠯᠥᠪ ᠰᠠᠶᠢᠲᠠᠢ ᠰᠢᠮᠡᠯᠢᠭ ᠲᠠᠷᠢᠶᠠᠯᠠᠬᠤ ᠭᠠᠵᠠᠷ ᠢ ᠵᠢᠭᠠᠵᠤ ᠪᠤᠢ᠃ ᠲᠣᠰ ᠠᠷᠭ᠎ᠠ ᠳᠤ ᠬᠡᠯᠡᠵᠦ ᠪᠠᠶᠢᠭ᠎ᠠ ᠪᠦᠲᠦᠭᠡᠨ | ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠭᠡᠳᠡᠭ ᠨᠢ ᠮᠠᠰᠢᠨ ᠮᠧᠬᠠᠨᠢᠭ ᠪᠤᠶᠤ ᠬᠥᠮᠥᠨ ᠤ ᠬᠦᠴᠦ ᠪᠠᠷ | ᠳᠠᠮᠵᠢᠭᠤᠯᠤᠨ᠂ ᠲᠠᠷᠢᠶᠠᠯᠠᠬᠤ ᠳᠤ ᠲᠣᠬᠢᠷᠠᠬᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ᠂ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ | ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠳᠤ ᠬᠡᠷᠡᠭᠯᠡᠬᠦ ᠶᠢ | ᠵᠢᠭᠠᠵᠤ ᠪᠣᠶ᠃ ᠳᠥᠷᠪᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠠᠤᠯᠢ ᠲᠣᠭᠲᠠᠭᠠᠯ ᠢ ᠵᠢᠷᠤᠮᠯᠠᠬᠤ᠂ | ᠰᠢᠨᠵᠢᠯᠡᠬᠦ ᠤᠬᠠᠭᠠᠨᠴᠢ ᠵᠢᠷᠤᠮᠵᠢᠭᠤᠨ ᠪᠠᠶᠢᠯᠭᠠᠬᠤ᠂ ᠮᠠᠯᠲᠠᠨ ᠠᠪᠬᠤ ᠶᠣᠰᠣᠲᠠᠢ ᠶᠢ ᠨᠢ ᠪᠦᠬᠦᠨ ᠢ ᠮᠠᠯᠲᠠᠨ ᠠᠪᠬᠤ᠂ | ᠣᠶᠢᠷ᠎ᠠ ᠬᠠᠪᠢ ᠳᠤ ᠪᠠᠨ ᠠᠰᠢᠭᠯᠠᠬᠤ ᠵᠠᠷᠴᠢᠮ ᠢ ᠵᠢᠷᠤᠮᠯᠠᠵᠤ᠂ ᠵᠠᠰᠠᠭ ᠤᠨ ᠣᠷᠳᠣᠨ ᠢᠶᠠᠷ ᠭᠤᠣᠯᠯᠠᠭᠤᠯᠤᠭᠰᠠᠨ᠂ | ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠨᠡᠶᠢᠲᠡ ᠪᠠᠷ ᠢᠶᠠᠨ ᠣᠷᠣᠯᠴᠠᠭᠰᠠᠨ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠠᠪᠤᠳᠤᠭᠠᠷ ᠵᠦᠢᠯ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠬᠡᠪᠴᠢᠶᠡᠨ ᠳᠠᠬᠢ ᠪᠦᠲᠦᠭᠡᠨ | ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠢᠶᠠᠨ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠤᠰᠢᠭᠤ | ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ᠂ ᠡᠳ᠋ ᠤᠨ ᠵᠠᠰᠠᠭ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠵᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ ᠪᠣᠳᠠᠲᠠᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ ᠬᠤᠶᠠᠳᠤᠭᠠᠷ ᠪᠦᠯᠦᠭ ᠬᠥᠷᠥᠰᠥ ᠰᠢᠷᠣᠢ ᠶᠢ | ᠮᠠᠯᠲᠠᠨ ᠠᠪᠴᠤ ᠠᠰᠢᠭᠯᠠᠬᠤ ᠵᠢᠷᠭᠤᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ | ᠬᠥᠷᠥᠰᠥᠲᠦ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ ᠪᠠᠶᠢᠪᠠᠯ᠂ ᠬᠤᠰᠢᠭᠤ ᠰᠢᠶᠠᠨ ︵ᠬᠤᠳᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠣᠨ ᠤ | ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠳᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃ ᠳᠣᠯᠣᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠣᠨ ᠤ ᠲᠥᠯᠥᠪᠯᠡᠭᠡ ᠨᠢ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠂ ᠣᠨ ᠤ ᠪᠦᠲᠦᠭᠡᠨ | ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠬᠤ ᠬᠢᠭᠡᠳ ᠰᠢᠨ᠎ᠡ ᠪᠠᠷ ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ | ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ | ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠬᠥᠷᠥᠰᠥ | ᠰᠢᠷᠣᠢ ᠶᠢᠨ ᠠᠰᠢᠭᠯᠠᠯᠲᠠ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠬᠠᠷ᠎ᠠ ᠬᠥᠷᠥᠰᠥᠲᠦ | ᠭᠠᠵᠠᠷ ᠤᠨ ᠬᠠᠮᠠᠭᠠᠯᠠᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ | ᠲᠤᠰᠬᠠᠢ ᠵᠦᠢᠯ ᠤᠨ ᠲᠥᠯᠦᠪᠵᠢᠭᠦᠯᠭᠡ ᠯᠦᠭᠡ ᠭᠦᠢᠴᠡᠳ ᠵᠣᠯᠭᠠᠭᠤᠯᠬᠤ ᠬᠡᠷᠡᠭᠲᠡᠢ᠃ ᠨᠠᠢᠮᠠᠳᠤᠭᠠᠷ ᠵᠦᠢᠯ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠦᠨᠡᠨ ᠬᠦ ᠡᠵᠡᠯᠡᠨ ᠬᠡᠷᠡᠭᠯᠡᠬᠦ ᠴᠢᠬᠤᠯᠠ ᠲᠠᠢ | ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ | ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠷᠭᠡᠵᠢᠯ ᠤᠨ | ᠵᠢᠷᠤᠮᠵᠢᠯ ᠶᠣᠰᠣᠭᠠᠷ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ ᠬᠡᠷᠡᠭᠵᠢᠭᠦᠯᠬᠦ ᠬᠡᠷᠡᠭᠲᠡᠢ᠃ | ᠳᠣᠣᠷ᠎ᠠ ᠵᠢᠭᠰᠠᠭᠠᠭᠰᠠᠨ ᠪᠠᠶᠢᠳᠠᠯ ᠣᠷᠣᠰᠢᠵᠤ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ᠂ ᠠᠮᠢ ᠠᠬᠤᠢ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠮᠠᠭᠠᠳᠯᠠᠭᠤᠯᠤᠨ ᠲᠣᠭᠲᠠᠭᠠᠯᠭᠠᠵᠤ᠂ ᠲᠣᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠪᠠᠨ ᠮᠡᠳᠡᠭᠦᠯᠦᠨ | ᠵᠥᠪᠰᠢᠶᠡᠷᠡᠭᠦᠯᠦᠭᠡᠳ᠂ ᠮᠠᠯᠲᠠᠨ ᠠᠪᠬᠤ ᠦᠭᠡᠢ ᠪᠠᠶᠢᠵᠤ ᠪᠣᠯᠣᠨ᠎ᠠ᠄ ︵ᠨᠢᠭᠡ︶ ᠥᠪᠡᠷᠲᠡᠭᠡᠨ ᠵᠠᠰᠠᠬᠤ ᠣᠷᠣᠨ ᠤ | ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠷᠭᠡᠵᠢᠯ ᠤᠨ ᠵᠢᠷᠤᠮᠵᠢᠯ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ︔ | ︵ᠬᠤᠶᠠᠷ︶ ᠬᠦᠨᠳᠦ ᠨᠣᠴᠢᠲᠠᠢ ᠪᠣᠬᠢᠷᠲᠤᠭᠠᠳ ᠳᠠᠬᠢᠵᠤ ᠠᠰᠢᠭᠯᠠᠬᠤ ᠳᠤ ᠲᠣᠬᠢᠷᠠᠬᠤ ᠦᠭᠡᠢ ᠪᠣᠯᠤᠭᠰᠠᠨ︔ ︵ | ᠭᠤᠷᠪᠠ︶ ᠬᠦᠨᠳᠦ ᠨᠣᠴᠢᠲᠠᠢ ᠡᠯᠡᠰᠦᠷᠬᠡᠭᠵᠢᠵᠦ᠂ ᠬᠤᠵᠢᠷᠰᠢᠭᠠᠳ ᠳᠠᠬᠢᠵᠤ ᠠᠰᠢᠭᠯᠠᠬᠤ ᠳᠤ ᠲᠣᠬᠢᠷᠠᠬᠤ ᠦᠭᠡᠢ | ᠪᠣᠯᠤᠭᠰᠠᠨ︔ ︵ᠳᠥᠷᠪᠡ︶ ᠵᠥᠪᠰᠢᠶᠡᠷᠡᠯ ᠦᠭᠡᠢ ᠪᠠᠷ ᠬᠠᠤᠯᠢ ᠪᠤᠰᠤ ᠪᠠᠷ ᠬᠠᠷ᠎ᠠ ᠬᠥᠷᠥᠰᠥᠲᠦ ᠭᠠᠵᠠᠷ ᠢ ᠡᠵᠡᠯᠡᠨ | ᠬᠡᠷᠡᠭᠯᠡᠭᠰᠡᠨ ᠮᠥᠷᠲᠡᠭᠡᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠨᠢ ᠬᠦᠨᠳᠦ ᠨᠣᠴᠢᠲᠠᠢ ᠡᠪᠳᠡᠭᠳᠡᠭᠡᠳ ᠲᠠᠬᠢᠵᠥ | ᠠᠰᠢᠭᠯᠠᠬᠤ ᠶᠢᠨ ᠠᠷᠭ᠎ᠠ ᠦᠭᠡᠢ ᠪᠣᠯᠤᠭᠰᠠᠨ ᠤ ᠬᠠᠮᠲᠤ ᠨᠢᠭᠡᠨᠲᠡ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠰᠡᠨ︔ | ︵ᠲᠠᠪᠤ︶ ᠤᠯᠤᠰ ᠤᠨ ᠠᠮᠤᠷ ᠲᠦᠪᠰᠢᠨ᠂ ᠴᠡᠷᠢᠭ ᠤᠨ ᠶᠠᠪᠤᠳᠠᠯ᠂ ᠠᠶᠤᠯ ᠭᠠᠮᠰᠢᠭ ᠠᠴᠠ ᠠᠪᠤᠷᠠᠬᠤ ᠵᠡᠷᠭᠡ | ᠪᠠᠴᠢᠮ ᠬᠡᠷᠡᠭᠴᠡᠭᠡ ᠳᠤ ᠭᠠᠵᠠᠷ ᠢ ᠲᠦᠷ ᠬᠡᠷᠡᠭᠯᠡᠬᠦ︔ ︵ᠵᠢᠷᠭᠤᠭ᠎ᠠ︶ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ | ᠭᠠᠵᠠᠷ ᠢ ᠡᠵᠡᠯᠡᠨ ᠬᠡᠷᠡᠭᠯᠡᠭᠡᠳ ᠲᠠᠷᠢᠶᠠᠯᠠᠬᠤ ᠳᠠᠪᠬᠤᠷᠭ᠎ᠠ ᠶᠢ ᠡᠪᠳᠡᠬᠦ ᠦᠭᠡᠢ ᠪᠠᠶᠢᠬᠤ᠃ ᠶᠢᠰᠦᠳᠦᠭᠡᠷ ᠵᠦᠢᠯ | ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠡᠳ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠴᠢᠬᠤᠯᠠᠲᠠᠢ ᠪᠠᠶᠢᠪᠠᠯ᠂ ᠭᠠᠵᠠᠷ ᠬᠡᠷᠡᠭᠯᠡᠬᠦ ᠪᠠᠷ | ᠭᠤᠶᠤᠴᠢᠯᠠᠬᠤ ᠠᠴᠠ ᠪᠠᠨ ᠡᠮᠦᠨ᠎ᠡ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠲᠥᠰᠥᠯ ᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠲᠦᠷ ᠬᠡᠷᠡᠭᠯᠡᠬᠦ ᠭᠠᠵᠠᠷ ᠨᠢ ᠬᠠᠷ᠎ᠠ ᠬᠥᠷᠥᠰᠥᠲᠦ ᠭᠠᠵᠠᠷ ᠢ | ᠡᠵᠡᠯᠡᠨ ᠬᠡᠷᠡᠭᠯᠡᠬᠦ ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠠᠭᠤᠯᠭ᠎ᠠ ᠶᠢ ᠭᠠᠵᠠᠷ ᠰᠢᠷᠣᠢ ᠶᠢᠨ ᠳᠠᠬᠢᠨ ᠬᠠᠭᠠᠯᠪᠤᠷᠢᠯᠠᠬᠤ ᠲᠥᠰᠥᠯ ᠳᠤ ᠪᠠᠨ ᠣᠷᠣᠭᠤᠯᠵᠤ᠂ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠠᠰ ᠲᠤ ᠨᠢ ᠨᠠᠶᠢᠷᠠᠭᠤᠯᠤᠨ ᠵᠣᠬᠢᠶᠠᠬᠤ | ᠦᠭᠡᠢ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠳᠤ ᠪᠠᠨ ᠡᠷᠬᠡᠪᠰᠢ ᠬᠠᠷ᠎ᠠ ᠬᠥᠷᠥᠰᠥᠲᠦ ᠭᠠᠵᠠᠷ ᠢ ᠰᠡᠷᠭᠦᠭᠡᠬᠦ | ᠬᠡᠷᠡᠭᠲᠡᠢ᠃ ᠠᠷᠪᠠᠳᠤᠭᠠᠷ ᠵᠦᠢᠯ ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ | ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ | ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ | ᠮᠠᠯᠲᠠᠨ ᠠᠪᠴᠤ ᠠᠰᠢᠭᠯᠠᠬᠤ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ︔ ᠲᠤᠰᠠᠭᠠᠷ ᠭᠠᠵᠠᠷ | ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠪᠠ ᠲᠦᠷ | ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠭᠰᠡᠨ ᠪᠠᠶᠢᠪᠠᠯ᠂ ᠭᠠᠵᠠᠷ ᠬᠡᠷᠡᠭᠯᠡᠬᠦ | ᠨᠢᠭᠡᠴᠢ ᠠᠴᠠ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ | ᠵᠣᠬᠢᠶᠠᠨ᠎ᠠ᠃ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠯᠠᠪᠠᠶ ᠨᠢ 1000 ᠲᠡᠭᠰᠢ ᠳᠥᠷᠪᠡᠯᠵᠢᠨ | ᠮᠧᠳ᠋ᠷ ᠵᠢᠴᠢ ᠲᠡᠭᠦᠨ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ ᠦᠭᠡᠢ ᠪᠠᠶᠢᠵᠤ | ᠪᠣᠯᠣᠨ᠎ᠠ᠂ ᠭᠡᠪᠡᠴᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠮᠡᠳᠡᠭᠦᠯᠦᠯᠲᠡ ᠶᠢᠨ | ᠬᠦᠰᠦᠨᠦᠭᠲᠦ ᠶᠢ ᠲᠠᠭᠯᠠᠬᠤ ᠬᠡᠷᠡᠭᠲᠡᠢ᠃ ᠠᠷᠪᠠᠨ ᠨᠢᠭᠡᠳᠦᠭᠡᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ | ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠲᠥᠰᠥᠯ ᠳᠤ ᠲᠥᠷᠥᠯ ᠵᠦᠢᠯ ᠤᠨ ᠲᠦᠢᠮᠣ ᠪᠠᠶᠢᠳᠠᠯ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ | ᠬᠥᠷᠥᠰᠥ ᠰᠢᠷᠣᠢ ᠶᠢ ᠪᠠᠶᠢᠴᠠᠭᠠᠬᠤ᠂ ᠮᠠᠯᠲᠠᠨ ᠠᠪᠬᠤ᠂ ᠵᠥᠭᠡᠭᠡᠪᠦᠷᠢᠯᠡᠬᠦ᠂ ᠰᠢᠯᠭᠠᠨ ᠠᠪᠬᠤ᠂ ᠬᠠᠳᠠᠭᠠᠯᠠᠬᠤ᠂ | ᠬᠠᠮᠢᠶᠠᠷᠴᠤ ᠬᠠᠮᠠᠭᠠᠯᠠᠬᠤ᠂ ᠠᠰᠢᠭᠯᠠᠬᠤ᠂ ᠪᠡᠯᠡ ᠣᠷᠣᠭᠤᠯᠤᠯᠲᠠ ᠶᠢ ᠪᠠᠷᠤᠭᠯᠠᠨ ᠪᠣᠳᠣᠬᠤ᠂ ᠪᠠᠲᠤᠯᠠᠭ᠎ᠠ ᠶᠢᠨ ᠠᠷᠭ᠎ᠠ | ᠬᠡᠮᠵᠢᠶ᠎ᠡ ᠵᠡᠷᠭᠡ ᠶᠢ ᠪᠠᠭᠲᠠᠭᠠᠭᠰᠠᠨ ᠪᠠᠶᠢᠬᠤ ᠬᠡᠷᠡᠭᠲᠡᠢ᠃ ᠠᠷᠪᠠᠨ ᠬᠤᠶᠠᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ | ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠤᠰᠢᠭᠤ ᠰᠢᠶᠠᠨ ᠤ ᠱᠠᠲᠤᠨ ᠤ | ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠬᠤ ᠶᠢᠨ ᠬᠠᠮᠲᠤ ᠬᠠᠮᠢᠶ᠎ᠠ ᠪᠦᠬᠦᠢ | ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠲᠥᠰᠥᠯ ᠳᠤ ᠬᠢᠨᠠᠨ ᠪᠠᠶᠢᠴᠠᠭᠠᠯᠲᠠ | ᠨᠤᠲᠠᠯᠠᠯᠲᠠ ᠬᠢᠵᠦ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠢᠨᠠᠨ ᠪᠠᠶᠢᠴᠠᠭᠠᠭᠰᠠᠨ ᠰᠠᠨᠠᠯ ᠭᠠᠷᠭᠠᠵᠤ᠂ | ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠵᠦ ᠳᠠᠩᠰᠠᠯᠠᠭᠤᠯᠤᠨ᠎ᠠ᠃ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠮᠡᠳᠡᠭᠦᠯᠦᠯᠲᠡ ᠶᠢᠨ ᠬᠦᠰᠦᠨᠦᠭᠲᠦ ᠶᠢ ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ | ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠠᠷᠢᠮᠵᠢᠶ᠎ᠠ | ᠶᠣᠰᠣᠭᠠᠷ ᠬᠢᠨᠠᠨ ᠪᠠᠶᠢᠴᠠᠭᠠᠵᠤ ᠪᠠᠲᠤᠯᠠᠭᠰᠠᠨ ᠤ ᠳᠠᠷᠠᠭ᠎ᠠ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠠᠷᠪᠠᠨ ᠭᠤᠷᠪᠠᠳᠤᠭᠠᠷ ᠵᠦᠢᠯ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠳᠤ ᠬᠡᠷᠡᠭᠯᠡᠬᠦ | ᠭᠠᠵᠠᠷ ᠢ ᠬᠤᠪᠢᠷᠠᠭᠤᠯᠤᠨ ᠬᠡᠷᠡᠭᠯᠡᠬᠦ ᠪᠠ ᠭᠠᠵᠠᠷ ᠰᠢᠷᠣᠢ ᠲᠠᠲᠠᠪᠤᠷᠢᠯᠠᠬᠤ ᠭᠠᠷᠳᠠᠮ ᠢ ᠭᠦᠢᠴᠡᠳᠬᠡᠬᠦ ᠪᠠᠷ | ᠭᠤᠶᠤᠴᠢᠯᠠᠬᠤ ᠳᠤ᠂ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠤᠯᠪᠣᠭᠳᠠᠪᠠᠯ᠂ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠪᠤᠶᠤ ᠮᠡᠳᠡᠭᠦᠯᠦᠯᠲᠡ ᠶᠢᠨ ᠬᠦᠰᠦᠨᠦᠭᠲᠦ ᠵᠢᠴᠢ ᠬᠢᠨᠠᠨ | ᠪᠠᠶᠢᠴᠠᠭᠠᠭᠰᠠᠨ ᠰᠠᠨᠠᠯ ᠢᠶᠠᠨ ᠳᠡᠭᠡᠭᠰᠢ ᠮᠡᠳᠡᠭᠦᠯᠬᠦ ᠬᠡᠷᠡᠭᠲᠡᠢ᠃ ᠠᠷᠪᠠᠨ ᠳᠥᠷᠪᠡᠳᠦᠭᠡᠷ ᠵᠦᠢᠯ ᠬᠤᠲᠠ ᠪᠠᠯᠭᠠᠰᠤ ᠶᠢᠨ | ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ ᠲᠥᠯᠦᠪᠵᠢᠭᠦᠯᠭᠡ ᠶᠢᠨ | ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠲᠤ ᠬᠠᠷ᠎ᠠ ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ ᠬᠦᠷᠪᠡᠯ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠠᠩᠭᠠᠬᠤ ᠠᠴᠠ ᠡᠮᠦᠨ᠎ᠡ ᠮᠠᠯᠲᠠᠨ ᠠᠪᠴᠤ ᠠᠰᠢᠭᠯᠠᠬᠤ | ᠲᠥᠰᠥᠯ ᠤᠨ ᠶᠣᠰᠣᠭᠠᠷ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢᠨ ᠬᠠᠮᠲᠤ ᠬᠡᠷᠡᠭᠵᠢᠭᠦᠯᠬᠦ ᠭᠤᠣᠯ ᠴᠣᠭᠴᠠ ᠶᠢ | ᠬᠠᠤᠯᠢ ᠲᠣᠭᠲᠠᠭᠠᠯ ᠶᠣᠰᠣᠭᠠᠷ ᠲᠣᠭᠲᠠᠭᠠᠬᠤ ᠬᠡᠷᠡᠭᠲᠡᠢ᠃ ᠬᠤᠯᠪᠣᠭᠳᠠᠭᠰᠠᠨ ᠬᠥᠷᠥᠰᠥ ᠰᠢᠷᠣᠢ ᠶᠢ ᠪᠠᠶᠢᠴᠠᠭᠠᠨ | ᠦᠨᠡᠯᠡᠬᠦ ᠵᠠᠷᠤᠳᠠᠯ᠂ ᠬᠥᠷᠥᠰᠥ ᠰᠢᠷᠣᠢ ᠶᠢ ᠮᠠᠯᠲᠠᠨ ᠠᠪᠴᠤ ᠠᠰᠢᠭᠯᠠᠬᠤ ᠲᠥᠰᠥᠯ ᠢ ᠨᠠᠶᠢᠷᠠᠭᠤᠯᠤᠨ ᠵᠣᠬᠢᠶᠠᠬᠤ | ᠵᠢᠴᠢ ᠬᠢᠨᠠᠨ ᠲᠣᠭᠲᠠᠭᠠᠬᠤ ᠵᠠᠷᠤᠳᠠᠯ᠂ ᠬᠥᠷᠥᠰᠥ ᠰᠢᠷᠣᠢ ᠶᠢ ᠮᠠᠯᠲᠠᠨ ᠠᠪᠬᠤ ᠠᠵᠢᠯ ᠤᠨ ᠵᠠᠷᠤᠳᠠᠯ᠂ | ᠵᠥᠭᠡᠭᠡᠪᠦᠷᠢᠯᠡᠬᠦ ᠵᠠᠷᠤᠳᠠᠯ᠂ ᠬᠠᠳᠠᠭᠠᠯᠠᠵᠤ ᠬᠠᠮᠢᠶᠠᠷᠤᠨ ᠬᠠᠮᠠᠭᠠᠯᠠᠬᠤ ᠵᠠᠷᠤᠳᠠᠯ᠂ ᠰᠢᠯᠭᠠᠨ ᠠᠪᠬᠤ ᠵᠠᠷᠤᠳᠠᠯ ᠵᠡᠷᠭᠡ ᠶᠢ | ᠭᠠᠵᠠᠷ ᠬᠡᠷᠡᠭᠯᠡᠬᠦ ᠥᠪᠡᠷ ᠤᠨ ᠥᠷᠲᠡᠭ ᠲᠤ ᠣᠷᠣᠭᠤᠯᠤᠨ᠎ᠠ᠃ ᠲᠤᠰᠠᠭᠠᠷ ᠭᠠᠵᠠᠷ ᠰᠣᠩᠭᠤᠬᠤ ᠲᠥᠷᠥᠯ ᠵᠦᠢᠯ᠂ | ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ᠂ ᠲᠦᠷ ᠬᠡᠷᠡᠭᠯᠡᠬᠦ ᠭᠠᠵᠠᠷ ᠲᠤ ᠬᠠᠷ᠎ᠠ | ᠬᠥᠷᠥᠰᠥᠲᠦ ᠭᠠᠵᠠᠷ ᠢ ᠡᠵᠡᠯᠡᠨ ᠬᠡᠷᠡᠭᠯᠡᠵᠦ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠳᠤ | ᠬᠦᠷᠪᠡᠯ᠂ ᠭᠠᠵᠠᠷ ᠬᠡᠷᠡᠭᠯᠡᠬᠦ ᠨᠢᠭᠡᠴᠢ ᠨᠢ ᠲᠥᠷᠥᠯ ᠵᠦᠢᠯ ᠤᠨ ᠠᠵᠢᠯ ᠡᠬᠢᠯᠡᠬᠦ ᠠᠴᠠ ᠡᠮᠦᠨ᠎ᠡ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ᠂ ᠮᠡᠳᠡᠭᠦᠯᠦᠯᠲᠡ ᠶᠢᠨ ᠬᠦᠰᠦᠨᠦᠭᠲᠦ ᠪᠤᠶᠤ | ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠲᠥᠰᠥᠯ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠠᠷᠪᠠᠨ ᠲᠠᠪᠤᠳᠤᠭᠠᠷ ᠵᠦᠢᠯ ᠪᠦᠲᠦᠭᠡᠨ ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠠᠵᠢᠯ ᠳᠠᠭᠤᠰᠤᠭᠰᠠᠨ ᠤ ᠳᠠᠷᠠᠭ᠎ᠠ᠂ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠬᠤ ᠶᠢ ᠬᠡᠷᠡᠭᠵᠢᠭᠦᠯᠦᠭᠰᠡᠨ ᠭᠤᠣᠯ ᠴᠣᠭᠴᠠ ᠨᠢ ᠴᠠᠭ ᠲᠤᠬᠠᠢ ᠳᠤ ᠨᠢ | ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠰᠢᠯᠭᠠᠨ ᠠᠪᠤᠭᠤᠯᠬᠤ ᠭᠤᠶᠤᠴᠢᠯᠠᠯ ᠳᠤᠷᠠᠳᠬᠤ ᠬᠡᠷᠡᠭᠲᠡᠢ᠃ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ | ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠳᠤ ᠠᠵᠢᠯ ᠤᠨ ᠬᠡᠷᠡᠭᠴᠡᠭᠡ ᠪᠠᠨ ᠦᠨᠳᠦᠰᠦᠯᠡᠨ ᠣᠷᠣᠨ ᠬᠤᠪᠢᠶᠠᠨ᠂ | ᠬᠡᠰᠡᠭ ᠬᠤᠪᠢᠶᠠᠨ᠂ ᠬᠤᠭᠤᠴᠠᠭ᠎ᠠ ᠬᠤᠪᠢᠶᠠᠨ ᠭᠤᠶᠤᠴᠢᠯᠠᠵᠤ ᠪᠣᠯᠣᠨ᠎ᠠ᠃ ᠠᠷᠪᠠᠨ ᠵᠢᠷᠭᠤᠳᠤᠭᠠᠷ ᠵᠦᠢᠯ ᠪᠦᠲᠦᠭᠡᠨ | ᠪᠠᠶᠢᠭᠤᠯᠤᠯᠲᠠ ᠳᠤ ᠡᠵᠡᠯᠡᠨ ᠬᠡᠷᠡᠭᠯᠡᠭᠰᠡᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠪᠠᠷ ᠭᠤᠶᠤᠴᠢᠯᠠᠬᠤ ᠳᠤ᠂ ᠰᠢᠯᠭᠠᠨ | ᠠᠪᠤᠭᠤᠯᠬᠤ ᠭᠤᠶᠤᠴᠢᠯᠠᠯ᠂ ᠠᠵᠢᠯ ᠳᠠᠭᠤᠰᠤᠭᠰᠠᠨ ᠮᠡᠳᠡᠭᠦᠯᠦᠯᠲᠡ᠂ ᠠᠵᠢᠯᠯᠠᠭᠰᠠᠨ ᠲᠡᠮᠳᠡᠭᠯᠡᠯ᠂ ᠬᠢᠨᠠᠨ ᠬᠠᠮᠢᠶᠠᠷᠴᠤ | ᠪᠠᠶᠢᠴᠠᠭᠠᠨ ᠬᠡᠮᠵᠢᠭᠰᠡᠨ ᠲᠡᠮᠳᠡᠭᠯᠡᠯ᠂ ᠪᠠᠷᠢᠯᠭ᠎ᠠ ᠶᠢᠨ ᠬᠡᠮᠵᠢᠯᠲᠡ ᠶᠢᠨ ᠳ᠋ᠦᠩᠨᠡᠨ ᠪᠤᠳᠤᠭᠰᠠᠨ ᠮᠠᠲ᠋ᠧᠷᠢᠶᠠᠯ᠂ ᠮᠠᠯᠲᠠᠨ | ᠠᠪᠤᠭᠰᠠᠨ ᠬᠥᠷᠥᠰᠥ ᠶᠢ ᠵᠥᠭᠡᠭᠡᠪᠦᠷᠢᠯᠡᠵᠦ ᠬᠠᠳᠠᠭᠠᠯᠠᠨ ᠬᠠᠮᠢᠶᠠᠷᠴᠤ ᠬᠠᠮᠠᠭᠠᠯᠠᠭᠰᠠᠨ ᠠᠵᠢᠯ ᠤᠨ ᠮᠠᠲ᠋ᠧᠷᠢᠶᠠᠯ᠂ | ᠬᠠᠮᠢᠶ᠎ᠠ ᠪᠦᠬᠦᠢ ᠵᠢᠷᠤᠭ ᠳᠦᠷᠰᠦ ᠵᠡᠷᠭᠡ ᠮᠠᠲ᠋ᠧᠷᠢᠶᠠᠯ ᠢ ᠲᠤᠰᠢᠶᠠᠬᠤ ᠬᠡᠷᠡᠭᠲᠡᠢ᠃ ᠮᠠᠯᠲᠠᠨ ᠠᠪᠤᠭᠰᠠᠨ ᠬᠥᠷᠥᠰᠥ ᠶᠢ | ᠮᠠᠯᠲᠠᠬᠤ ᠶᠢᠨ ᠳᠠᠭᠠᠤ ᠬᠡᠷᠡᠭᠯᠡᠪᠡᠯ᠂ ᠬᠥᠷᠥᠰᠥ ᠶᠢ ᠠᠰᠢᠭᠯᠠᠭᠰᠠᠨ ᠪᠠᠶᠢᠳᠠᠯ ᠢ ᠬᠠᠮᠲᠤ ᠳᠤ ᠨᠢ ᠰᠢᠯᠭᠠᠨ ᠠᠪᠬᠤ ᠶᠢᠨ | ᠬᠠᠮᠲᠤ᠂ ᠬᠥᠷᠥᠰᠥ ᠰᠢᠷᠣᠢ ᠶᠢᠨ ᠬᠡᠷᠡᠭᠯᠡᠯᠲᠡ ᠶᠢᠨ ᠲᠡᠮᠳᠡᠭᠯᠡᠯ ᠤᠨ ᠮᠠᠲ᠋ᠧᠷᠢᠶᠠᠯ ᠢ ᠳᠠᠭᠠᠯᠳᠤᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠬᠦ ᠠᠴᠠ ᠡᠮᠦᠨ᠎ᠡ | ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠬᠤ ᠶᠢᠨ ᠬᠠᠮᠲᠤ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠲᠤᠰᠬᠠᠢ ᠮᠡᠷᠭᠡᠵᠢᠯᠲᠡᠳ ᠢ | ᠵᠣᠬᠢᠶᠠᠨ ᠪᠠᠶᠢᠭᠤᠯᠵᠤ ᠪᠠᠶᠢᠭᠠᠳ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ | ᠮᠠᠯᠲᠠᠵᠤ ᠠᠪᠤᠭᠰᠠᠨ ᠠᠵᠢᠯ ᠢᠶᠠᠨ ᠰᠢᠯᠭᠠᠨ ᠠᠪᠤᠭᠤᠯᠬᠤ ᠶᠢ ᠪᠡᠶᠡᠯᠡᠭᠦᠯᠬᠦ ᠬᠡᠷᠡᠭᠲᠡᠢ᠃ ᠠᠷᠪᠠᠨ ᠨᠠᠢᠮᠠᠳᠤᠭᠠᠷ ᠵᠦᠢᠯ | ᠬᠤᠲᠠ ᠪᠠᠯᠭᠠᠰᠤ ᠶᠢᠨ ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ᠂ ᠠᠶᠢᠯ ᠲᠣᠰᠬᠤᠨ ᠤ | ᠲᠥᠯᠦᠪᠵᠢᠭᠦᠯᠭᠡ ᠶᠢᠨ ᠪᠦᠯᠦᠭ ᠤᠳᠠᠭ᠎ᠠ ᠶᠢᠨ ᠬᠡᠷᠡᠭᠯᠡᠬᠦ ᠭᠠᠵᠠᠷ ᠠᠴᠠ ᠮᠠᠯᠲᠠᠵᠤ ᠠᠪᠤᠭᠰᠠᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢᠨ ᠲᠣᠬᠢᠷᠠᠭᠤᠯᠵᠤ ᠠᠰᠢᠭᠯᠠᠬᠤ ᠠᠵᠢᠯ ᠢ ᠬᠤᠰᠢᠭᠤ ᠰᠢᠶᠠᠨ | ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ᠃ ᠲᠤᠰᠠᠭᠠᠷ ᠭᠠᠵᠠᠷ | ᠰᠣᠩᠭᠤᠬᠤ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠳᠤ ᠬᠡᠷᠡᠭᠯᠡᠬᠦ ᠭᠠᠵᠠᠷ ᠤᠨ ᠲᠥᠷᠥᠯ ᠵᠦᠢᠯ ᠳᠤ ᠮᠠᠯᠲᠠᠵᠤ | ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠭᠠᠵᠠᠷ ᠬᠡᠷᠡᠭᠯᠡᠬᠦ ᠨᠢᠭᠡᠴᠢ ᠶᠢ ᠰᠢᠮᠳᠠᠭᠤᠯᠵᠤ | ᠪᠠᠶᠢᠭᠠᠳ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠲᠥᠰᠥᠯ ᠤᠨ ᠶᠣᠰᠣᠭᠠᠷ | ᠠᠰᠢᠭᠯᠠᠭᠤᠯᠬᠤ ᠶᠢ ᠬᠠᠷᠢᠭᠤᠴᠠᠨ᠎ᠠ᠃ ᠭᠠᠵᠠᠷ ᠬᠡᠷᠡᠭᠯᠡᠬᠦ ᠨᠢᠭᠡᠴᠢ ᠨᠢ ᠦᠪᠡᠰᠦᠪᠡᠨ ᠠᠰᠢᠭᠯᠠᠵᠤ ᠳᠡᠶᠢᠯᠬᠦ ᠦᠭᠡᠢ ᠳᠤ | ᠬᠦᠷᠪᠡᠯ᠂ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠬᠠᠳᠠᠭᠠᠯᠠᠬᠤ ᠴᠡᠭ ᠲᠤ ᠵᠥᠭᠡᠭᠡᠪᠦᠷᠢᠯᠡᠨ | ᠬᠦᠷᠭᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠳᠤ ᠲᠤᠰᠢᠶᠠᠵᠤ | ᠲᠣᠬᠢᠷᠠᠭᠤᠯᠤᠨ ᠠᠰᠢᠭᠯᠠᠭᠤᠯᠬᠤ ᠬᠡᠷᠡᠭᠲᠡᠢ᠃ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠠᠰᠢᠭᠯᠠᠬᠤ ᠬᠠᠷᠢᠭᠤᠴᠠᠯᠭ᠎ᠠ ᠶᠢᠨ ᠭᠤᠣᠯ ᠴᠣᠭᠴᠠ ᠨᠢ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠠᠰᠢᠭᠯᠠᠭᠰᠠᠨ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠣᠬᠢᠲᠠᠢ ᠦᠯᠡᠳᠡᠭᠡᠵᠦ | ᠬᠠᠳᠠᠭᠠᠯᠠᠨ ᠬᠠᠮᠢᠶᠠᠷᠬᠤ ᠬᠡᠷᠡᠭᠲᠡᠢ᠃ ᠠᠷᠪᠠ ᠶᠢᠰᠦᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠣᠶᠢᠷ᠎ᠠ ᠬᠠᠪᠢ ᠶᠢᠨ ᠭᠠᠵᠠᠷ ᠲᠤ ᠨᠢ ᠰᠢᠨ᠎ᠡ ᠪᠠᠷ | ᠬᠠᠭᠠᠯᠪᠤᠷᠢᠯᠠᠬᠤ ᠲᠠᠷᠢᠶᠠᠯᠠᠬᠤ ᠭᠠᠵᠠᠷ ᠪᠠ ᠴᠢᠨᠠᠷ ᠮᠠᠭᠤᠲᠠᠢ ᠲᠠᠷᠢᠶᠠᠯᠠᠬᠤ ᠭᠠᠵᠠᠷ ᠢ ᠰᠠᠶᠢᠵᠢᠷᠠᠭᠤᠯᠬᠤ᠂ | ᠪᠣᠬᠢᠷᠲᠤᠭᠰᠠᠨ ᠲᠠᠷᠢᠶᠠᠯᠠᠬᠤ ᠭᠠᠵᠠᠷ ᠢ ᠵᠠᠰᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠬᠤ᠂ ᠭᠠᠵᠠᠷ ᠰᠢᠷᠣᠢ ᠶᠢ ᠳᠠᠬᠢᠨ ᠬᠠᠭᠠᠯᠪᠤᠷᠢᠯᠠᠬᠤ ᠵᠡᠷᠭᠡ ᠳᠤ ᠬᠡᠷᠡᠭᠯᠡᠬᠦ ᠬᠡᠷᠡᠭᠲᠡᠢ᠃ ᠬᠤᠷᠢᠳᠤᠭᠠᠷ ᠵᠦᠢᠯ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠮᠠᠯᠲᠠᠵᠤ ᠠᠪᠤᠭᠰᠠᠨ ᠬᠠᠷ᠎ᠠ ᠬᠥᠷᠥᠰᠥᠲᠦ | ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠦᠨ᠎ᠡ ᠲᠥᠯᠥᠪᠦᠷᠢ ᠦᠭᠡᠢ ᠪᠠᠷ ᠬᠡᠷᠡᠭᠯᠡᠵᠦ ᠪᠣᠯᠣᠨ᠎ᠠ᠂ | ᠵᠠᠰᠠᠭ ᠤᠨ ᠣᠷᠳᠣᠨ ᠤ ᠪᠤᠰᠤ ᠪᠡᠯᠡ ᠣᠷᠣᠭᠤᠯᠤᠯᠲᠠ ᠶᠢᠨ ᠲᠥᠷᠥᠯ ᠵᠦᠢᠯ ᠳᠤ ᠲᠥᠯᠥᠪᠦᠷᠢ ᠲᠠᠢ ᠪᠠᠷ ᠬᠡᠷᠡᠭᠯᠡᠬᠦ ᠶᠢ | ᠬᠡᠷᠡᠭᠵᠢᠭᠦᠯᠦᠨ᠎ᠡ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ | ᠲᠠᠷᠢᠶᠠᠯᠠᠬᠤ ᠡᠷᠦᠬᠡ᠂ ᠤᠯᠤᠰ ᠤᠨ ᠥᠮᠴᠢᠯᠡᠯᠲᠦ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ ᠬᠤᠷᠰᠢᠶ᠎ᠠ ᠵᠡᠷᠭᠡ | ᠲᠠᠷᠢᠶᠠᠯᠠᠬᠤ ᠭᠠᠵᠠᠷ ᠤᠨ ᠡᠵᠡᠩᠨᠡᠯᠲᠡ ᠶᠢᠨ ᠭᠤᠣᠯ ᠴᠣᠭᠴᠠ ᠶᠢ ᠮᠠᠯᠲᠠᠨ ᠠᠪᠤᠭᠰᠠᠨ ᠲᠠᠷᠢᠶᠠᠯᠠᠬᠤ ᠳᠠᠪᠬᠤᠷᠭ᠎ᠠ ᠶᠢᠨ | ᠬᠥᠷᠥᠰᠥ ᠶᠢ ᠣᠶᠢᠷ᠎ᠠ ᠬᠠᠪᠢ ᠳᠤ ᠪᠠᠨ ᠦᠨ᠎ᠡ ᠲᠥᠯᠥᠪᠦᠷᠢ ᠦᠭᠡᠢ ᠠᠰᠢᠭᠯᠠᠬᠤ ᠶᠢ ᠢᠳᠡᠪᠬᠢᠲᠡᠢ ᠬᠥᠲᠥᠯᠥᠨ | ᠵᠢᠯᠤᠭᠤᠳᠬᠤ ᠪᠠ ᠵᠣᠷᠢᠭᠵᠢᠭᠤᠯᠬᠤ ᠬᠡᠷᠡᠭᠲᠡᠢ᠃ ᠮᠠᠯᠲᠠᠨ ᠠᠪᠤᠭᠰᠠᠨ ᠬᠥᠷᠥᠰᠥ ᠶᠢ ᠲᠥᠯᠥᠪᠦᠷᠢ ᠲᠠᠢ ᠪᠠᠷ | ᠬᠡᠷᠡᠭᠯᠡᠭᠦᠯᠦᠭᠰᠡᠨ ᠠᠰᠢᠭ ᠣᠷᠤᠯᠭ᠎ᠠ ᠶᠢ ᠡᠩ ᠲᠡᠷᠢᠭᠦᠨ ᠳᠤ ᠲᠠᠷᠢᠶᠠᠯᠠᠬᠤ ᠭᠠᠵᠠᠷ ᠤᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠬᠡᠷᠡᠭᠲᠡᠢ᠃ ᠭᠤᠷᠪᠠᠳᠤᠭᠠᠷ ᠪᠦᠯᠦᠭ ᠬᠥᠷᠥᠰᠥ ᠰᠢᠷᠣᠢ ᠶᠢ ᠬᠠᠳᠠᠭᠠᠯᠠᠨ ᠬᠠᠮᠢᠶᠠᠷᠴᠤ | ᠬᠠᠮᠠᠭᠠᠯᠠᠬᠤ ᠬᠤᠷᠢᠨ ᠨᠢᠭᠡᠳᠦᠭᠡᠷ ᠵᠦᠢᠯ ᠮᠠᠯᠲᠠᠨ ᠠᠪᠤᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠣᠬᠤᠷ ᠬᠤᠭᠤᠴᠠᠭᠠᠨ ᠳᠤ ᠠᠰᠢᠭᠯᠠᠬᠤ ᠶᠢᠨ ᠠᠷᠭ᠎ᠠ ᠦᠭᠡᠢ ᠪᠣᠯ ᠲᠠᠷᠢᠶᠠᠯᠠᠬᠤ | ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠬᠤ ᠶᠢ ᠬᠡᠷᠡᠭᠵᠢᠭᠦᠯᠦᠭᠰᠡᠨ ᠨᠢᠭᠡᠴᠢ ᠨᠢ ᠲᠡᠭᠦᠨ ᠢᠶᠠᠨ ᠣᠶᠢᠷ᠎ᠠ | ᠬᠠᠪᠢ ᠶᠢᠨ ᠲᠥᠷ ᠬᠠᠳᠠᠭᠠᠯᠠᠬᠤ ᠴᠡᠭ ᠲᠤ ᠵᠥᠭᠡᠭᠡᠪᠦᠷᠢᠯᠡᠨ ᠬᠦᠷᠭᠡᠵᠦ ᠬᠠᠳᠠᠭᠠᠯᠠᠬᠤ ᠬᠡᠷᠡᠭᠲᠡᠢ᠂ ᠲᠥᠷ ᠬᠠᠳᠠᠭᠠᠯᠠᠬᠤ | ᠴᠡᠭ ᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ᠃ | ᠲᠦᠷ ᠬᠠᠳᠠᠭᠠᠯᠠᠬᠤ ᠴᠡᠭ ᠢ ᠲᠣᠭᠲᠠᠭᠠᠬᠤ ᠳᠤ ᠵᠥᠭᠡᠭᠡᠪᠦᠷᠢᠯᠡᠬᠦ ᠵᠠᠢ᠂ ᠠᠰᠢᠭᠯᠠᠬᠤ ᠥᠪᠡᠷ ᠤᠨ ᠥᠷᠲᠡᠭ ᠵᠢᠴᠢ | ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠵᠡᠷᠭᠡ ᠬᠦᠴᠦᠨ ᠵᠦᠢᠯ ᠢ ᠶᠡᠷᠦᠩᠬᠡᠶᠢᠯᠡᠨ | ᠪᠣᠳᠣᠯᠬᠢᠯᠠᠵᠤ᠂ ᠲᠠᠷᠢᠶᠠᠯᠠᠬᠤ ᠭᠠᠵᠠᠷ ᠪᠠ ᠥᠨᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ᠂ ᠤᠰᠤᠨ ᠰᠤᠷᠪᠤᠯᠵᠢ ᠶᠢᠨ ᠣᠷᠣᠨ ᠵᠡᠷᠭᠡ ᠬᠦᠨᠳᠡᠭᠦᠷᠢ ᠲᠠᠢ ᠭᠤᠣᠯᠳᠠᠯᠭ᠎ᠠ | ᠪᠣᠯᠬᠤ ᠣᠷᠣᠨ ᠪᠦᠰᠡ ᠠᠴᠠ ᠵᠠᠶᠢᠯᠠᠭᠤᠯᠤᠨ᠂ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠶᠤ | ᠠᠰᠢᠭᠯᠠᠭᠠᠳᠤᠢ ᠭᠠᠵᠠᠷ ᠢ ᠤᠷᠢᠳ ᠢᠶᠠᠷ ᠰᠣᠩᠭᠤᠨ ᠬᠠᠳᠠᠭᠠᠯᠠᠬᠤ ᠴᠡᠭ ᠪᠣᠯᠭᠠᠬᠤ ᠬᠡᠷᠡᠭᠲᠡᠢ᠃ ᠬᠤᠷᠢᠨ ᠬᠤᠶᠠᠳᠤᠭᠠᠷ | ᠵᠦᠢᠯ ᠬᠠᠳᠠᠭᠠᠯᠠᠭᠰᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠪᠠᠶᠢᠭ᠎ᠠ | ᠭᠠᠵᠠᠷ ᠤᠨ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠢ | ᠬᠠᠮᠢᠶᠠᠷᠴᠤ᠂ ᠬᠠᠳᠠᠭᠠᠯᠠᠬᠤ ᠬᠤᠭᠤᠴᠠᠭ᠎ᠠ ᠶᠢ 3 ᠵᠢᠯ ᠠᠴᠠ ᠬᠡᠲᠦᠷᠡᠭᠦᠯᠵᠦ ᠪᠣᠯᠬᠤ ᠦᠭᠡᠢ᠂ ᠬᠠᠳᠠᠭᠠᠯᠠᠬᠤ ᠳᠤ ᠪᠠᠨ | ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠶᠣᠰᠣᠭᠠᠷ ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠬᠥᠷᠥᠰᠥ | ᠰᠢᠷᠣᠢ ᠢᠳᠡᠭᠳᠡᠬᠦ᠂ ᠬᠥᠷᠥᠰᠥ ᠰᠢᠷᠣᠢ ᠶᠢᠨ ᠴᠢᠨᠠᠷ ᠮᠠᠭᠤᠵᠢᠷᠠᠬᠤ ᠪᠠ ᠠᠮᠤᠷ ᠲᠦᠪᠰᠢᠨ ᠪᠤᠰᠤ ᠲᠠᠯᠳᠠ ᠭᠡᠮ | ᠭᠠᠷᠬᠤ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠤᠷᠢᠨ ᠭᠤᠷᠪᠠᠳᠤᠭᠠᠷ ᠵᠦᠢᠯ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠵᠥᠭᠡᠭᠡᠪᠦᠷᠢᠯᠡᠬᠦ ᠳᠤ ᠪᠠᠨ ᠵᠥᠭᠡᠭᠡᠪᠦᠷᠢᠯᠡᠬᠦ ᠵᠠᠮ ᠱᠤᠭᠤᠮ ᠢ ᠵᠦᠢ | ᠵᠣᠬᠢᠰᠲᠠᠢ ᠲᠣᠬᠢᠷᠠᠭᠤᠯᠵᠤ᠂ ᠵᠣᠷᠢᠭᠰᠠᠨ ᠭᠠᠵᠠᠷ ᠲᠤ ᠪᠠᠨ ᠨᠢᠭᠡ ᠯᠡ ᠤᠳᠠᠭ᠎ᠠ ᠳᠤ ᠵᠥᠭᠡᠭᠡᠪᠦᠷᠢᠯᠡᠨ ᠬᠦᠷᠭᠡᠬᠦ ᠠᠷᠭ᠎ᠠ | ᠮᠠᠶ᠋ᠢᠭ ᠢᠶᠠᠷ ᠵᠥᠭᠡᠭᠡᠪᠦᠷᠢᠯᠡᠵᠦ᠂ ᠵᠥᠭᠡᠭᠡᠪᠦᠷᠢᠯᠡᠬᠦ ᠶᠠᠪᠤᠴᠠ ᠳᠤ ᠬᠥᠷᠥᠰᠥ ᠰᠢᠷᠣᠢ ᠶᠢᠨ ᠢᠳᠡᠭᠳᠡᠯ ᠪᠠ ᠲᠣᠭᠤᠰᠣ | ᠰᠢᠷᠣᠢ ᠶᠢᠨ ᠪᠣᠬᠢᠷᠲᠤᠯ ᠢ ᠰᠡᠷᠭᠡᠶᠢᠯᠡᠬᠦ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠢ᠃ ᠳᠥᠷᠪᠡᠳᠦᠭᠡᠷ ᠪᠦᠯᠦᠭ | ᠬᠢᠨᠠᠯᠲᠠ ᠲᠠᠯᠪᠢᠬᠤ ᠪᠠ ᠬᠠᠮᠢᠶᠠᠷᠬᠤ ᠬᠤᠷᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ | ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ ᠠᠵᠢᠯ ᠳᠤ ᠬᠢᠨᠠᠯᠲᠠ ᠲᠠᠯᠪᠢᠬᠤ ᠪᠠ | ᠬᠠᠮᠢᠶᠠᠷᠬᠤ ᠪᠠᠨ ᠴᠢᠩᠭᠠᠳᠬᠠᠬᠤ ᠬᠡᠷᠡᠭᠲᠡᠢ᠃ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ | ᠠᠰᠢᠭᠯᠠᠭᠰᠠᠨ ᠪᠠᠶᠢᠳᠠᠯ ᠳᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠨ ᠪᠠᠶᠢᠴᠠᠭᠠᠵᠤ᠂ ᠵᠢᠯ ᠪᠦᠷᠢ ᠶᠢᠨ | ᠵᠢᠯ ᠤᠨ ᠡᠴᠦᠰ ᠲᠤ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠰᠠᠯᠠᠭ᠎ᠠ ᠮᠥᠴᠢᠷ ᠠᠴᠠ ᠲᠣᠰ ᠲᠣᠰ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠰᠠᠯᠠᠭ᠎ᠠ ᠮᠥᠴᠢᠷ ᠲᠤ ᠪᠠᠶᠢᠴᠠᠭᠠᠭᠰᠠᠨ ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠬᠤᠷᠢᠨ ᠲᠠᠪᠤᠳᠤᠭᠠᠷ ᠵᠦᠢᠯ | ᠬᠤᠰᠢᠭᠤ ᠰᠢᠶᠠᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠬᠠᠮᠲᠤᠷᠠᠨ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ | ᠠᠪᠴᠤ ᠠᠰᠢᠭᠯᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠲᠤᠰ ᠭᠠᠵᠠᠷ ᠣᠷᠣᠨ ᠤ ᠪᠠᠨ | ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠨ ᠠᠪᠴᠤ ᠠᠰᠢᠭᠯᠠᠬᠤ | ᠠᠵᠢᠯ ᠳᠠᠬᠢ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠢ᠃ ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ | ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠭᠠᠵᠠᠷ | ᠣᠷᠣᠨ ᠤ ᠬᠠᠷ᠎ᠠ ᠬᠥᠷᠥᠰᠥᠲᠦ ᠭᠠᠵᠠᠷ ᠤᠨ ᠲᠠᠷᠢᠶᠠᠯᠠᠬᠤ ᠳᠠᠪᠬᠤᠷᠭ᠎ᠠ ᠶᠢᠨ ᠬᠥᠷᠥᠰᠥ ᠶᠢ ᠮᠠᠯᠲᠠᠵᠤ ᠠᠪᠤᠭᠰᠠᠨ | ᠮᠡᠳᠡᠭᠡ ᠵᠠᠩᠭᠢ ᠪᠠᠨ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠬᠦ ᠶᠢᠨ ᠬᠠᠮᠲᠤ᠂ ᠬᠠᠮᠢᠶ᠎ᠠ ᠪᠦᠬᠦᠢ ᠨᠢᠭᠡᠴᠢ ᠯᠦᠭᠡ | ᠮᠡᠳᠡᠭᠡ ᠵᠠᠩᠭᠢ ᠪᠠᠨ ᠬᠠᠮᠲᠤ ᠪᠠᠷ ᠭᠥᠷᠳᠡᠬᠦ ᠶᠢ ᠴᠢᠩᠭᠠᠳᠬᠠᠬᠤ ᠬᠡᠷᠡᠭᠲᠡᠢ᠃ ᠲᠠᠪᠤᠳᠤᠭᠠᠷ ᠪᠦᠯᠦᠭ ᠳᠠᠭᠠᠯᠳᠤᠭᠤᠯᠤᠯ | ᠳᠦᠷᠢᠮ ᠬᠤᠷᠢᠨ ᠳᠣᠯᠣᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ ᠬᠡᠷᠡᠭᠵᠢᠭᠦᠯᠬᠦ ᠶᠠᠪᠤᠴᠠ ᠳᠠᠬᠢ ᠪᠣᠳᠠᠲᠠᠢ ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠠᠷᠢᠭᠤᠴᠠᠨ ᠲᠠᠶᠢᠯᠪᠤᠷᠢᠯᠠᠨ᠎ᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ 2024 ᠣᠨ ᠤ 12 | ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ | |