1 ᠰᠠᠷ᠎ᠠ ᠶᠢᠨ 9 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠶ ᠬᠠᠮᠢᠶᠠᠷᠤᠯᠲᠠ ᠶᠢᠨ | ᠣᠷᠣᠨ ᠤ ᠠᠵᠢᠯ ᠤᠨ ᠵᠥᠪᠯᠡᠯ 2025 ᠣᠨ ᠤ ᠠᠩᠬᠠᠳᠤᠭᠠᠷ ᠤᠳᠠᠭᠠᠨ ᠤ ᠬᠤᠷᠠᠯ ᠬᠤᠷᠠᠯᠳᠤᠭᠤᠯᠵᠤ᠂ ᠶᠡᠷᠦᠩᠬᠡᠶ | ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠮᠥᠷᠳᠡᠨ ᠰᠤᠷᠤᠯᠴᠠᠵᠤ᠂ ᠬᠠᠮᠢᠶᠠᠷᠤᠯᠲᠠ ᠶᠢᠨ | ᠣᠷᠣᠨ ᠤ 2025 ᠣᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠵᠠᠷᠤᠯᠭ᠎ᠠ ᠶᠢᠨ | ᠲᠥᠰᠦᠯ ᠵᠡᠷᠭᠡ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠪᠡ᠃ ᠨᠠᠮ ᠤᠨ ᠠᠵᠢᠯᠯᠠᠬᠤ ᠬᠤᠷᠢᠶ᠎ᠠ ᠶᠢᠨ | ᠱᠦᠵᠢ ᠴᠢᠶᠣᠤ ᠵᠢᠶᠠᠨ ᠴᠢᠶᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃ | ᠬᠤᠷᠠᠯ ᠠᠴᠠ ᠲᠡᠷᠢᠭᠦᠯᠡᠭᠴᠢ ᠰᠢ ᠶᠢᠨ ᠫᠢᠩ ᠤᠨ ᠨᠡᠶᠢᠲᠡᠯᠡᠭᠰᠡᠨ 2035 ᠣᠨ ᠤ ᠰᠢᠨ᠎ᠡ ᠵᠢᠯ ᠤᠨ | ᠪᠠᠶᠠᠷ ᠤᠨ ᠦᠭᠡ ᠶᠢ ᠤᠯᠠᠮᠵᠢᠯᠠᠨ ᠰᠤᠷᠤᠯᠴᠠᠵᠤ᠂ ᠬᠠᠮᠢᠶᠠᠷᠤᠯᠲᠠ ᠶᠢᠨ ᠣᠷᠣᠨ ᠤ ᠡᠯ᠎ᠡ ᠱᠠᠲᠤᠨ ᠤ ᠨᠠᠮ ᠤᠨ | ᠭᠡᠰᠢᠭᠦᠨ ᠤᠳᠤᠷᠢᠳᠬᠤ ᠺᠠᠳ᠋ᠷ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ | ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ︽ᠨᠠᠮ ᠤᠨ ᠠᠴᠢ ᠶᠢ ᠮᠡᠳᠡᠷᠡᠬᠦ᠂ ᠨᠠᠮ ᠤᠨ | ᠦᠭᠡ ᠶᠢ ᠰᠣᠨᠣᠰᠬᠤ᠂ ᠨᠠᠮ ᠢᠶᠠᠨ ᠲᠠᠭᠠᠬᠤ︾ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ | ᠦᠢᠯᠡ ᠠᠵᠢᠯᠯᠠᠭᠠᠨ ᠤ ᠤᠬᠠᠮᠰᠠᠷ ᠢᠶᠠᠨ ᠴᠢᠨᠠᠭᠰᠢᠳᠠ ᠪᠠᠲᠤᠳᠬᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ | ᠬᠥᠭᠵᠢᠯᠲᠡ ᠶᠢ ᠡᠷᠢᠯᠬᠢᠯᠡᠵᠦ᠂ ᠰᠢᠪᠲᠤᠯᠤᠯᠲᠠ ᠭᠠᠷᠭᠠᠵᠤ᠂ ᠬᠥᠭᠵᠢᠯ ᠮᠠᠨᠳᠤᠯ ᠢ ᠠᠬᠢᠭᠤᠯᠵᠤ᠂ ᠬᠦᠴᠦ ᠪᠠᠨ | ᠲᠥᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠬᠦᠴᠦᠨ ᠢᠶᠠᠨ ᠲᠥᠪᠯᠡᠷᠡᠭᠦᠯᠵᠦ᠂ ᠰᠢᠨ᠎ᠡ | ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠰᠠᠶᠢᠲᠤᠷ ᠡᠵᠡᠮᠳᠡᠵᠦ᠂ ᠬᠥᠭᠵᠢᠯᠲᠡ ᠪᠠ ᠠᠮᠤᠷ ᠲᠦᠪᠰᠢᠨ ᠢ ᠨᠡᠩ | ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠠᠵᠢᠯ ᠬᠢᠵᠦ ᠦᠢᠯᠡᠰ ᠪᠤᠰᠬᠠᠬᠤ ᠪᠡᠶᠡᠴᠢ ᠴᠢᠳᠠᠮᠠᠭᠠᠢ ᠴᠢᠨᠠᠷ ᠢᠶᠠᠨ | ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠢ ᠦᠢᠯᠡᠳᠦᠯᠭᠡ ᠶᠢᠨ ᠰᠢᠨ᠎ᠡ | ᠬᠠᠭᠤᠳᠠᠰᠤ ᠶᠢ ᠴᠢᠷᠮᠠᠶᠢᠨ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ︽ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠭᠦᠨᠵᠡᠭᠡᠶ ᠠᠬᠢᠭᠤᠯᠤᠶ᠎ᠠ︾᠂ ︽ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶ ᠠᠬᠢᠭᠤᠯᠬᠤ︾ ᠵᠡᠷᠭᠡ ᠶᠡᠷᠦᠩᠬᠡᠶ ᠱᠦᠵᠢ | ᠰᠢ ᠶᠢᠨ ᠫᠢᠩ ᠤᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠳᠣᠬᠢᠴᠢᠯᠠᠭᠰᠠᠨ | ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠤᠯᠠᠭᠠᠶ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠵᠦ | ᠴᠢᠬᠤᠯᠠᠴᠢᠯᠠᠪᠠ᠃ ᠨᠠᠮ ᠤᠨ ᠦᠵᠡᠯ ᠰᠠᠨᠠᠭ᠎ᠠ ᠤᠨᠤᠯ ᠤᠨ ᠬᠥᠮᠦᠵᠢᠯ᠂ ᠬᠦᠰᠡᠯᠡᠩ ᠢᠲᠡᠭᠡᠯ | ᠪᠢᠰᠢᠷᠡᠯ ᠤᠨ ᠬᠥᠮᠦᠵᠢᠯ᠂ ᠨᠠᠮ ᠤᠨ ᠲᠡᠦᠬᠡ ᠨᠠᠮᠴᠢ ᠴᠢᠨᠠᠷ ᠤᠨ ᠬᠥᠮᠦᠵᠢᠯ᠂ ᠨᠠᠮ ᠤᠨ ᠲᠦᠷᠢᠮ ᠨᠠᠮ ᠤᠨ | ᠲᠣᠭᠲᠠᠭᠠᠯ ᠤᠨ ᠬᠥᠮᠦᠵᠢᠯ ᠢ ᠪᠠᠶᠢᠩᠭᠤᠵᠢᠭᠤᠯᠤᠨ ᠵᠢᠷᠤᠮᠵᠢᠭᠤᠯᠤᠨ ᠥᠷᠨᠢᠭᠦᠯᠵᠦ᠂ ᠨᠠᠮ ᠤᠨ ᠭᠡᠰᠢᠭᠦᠨ | ᠺᠠᠳ᠋ᠷᠴᠤᠳ ᠤᠨ ᠠᠷᠠᠳ ᠲᠦᠮᠡᠨ ᠳᠤ ᠪᠤᠶᠠᠨ ᠦᠢᠯᠡᠳᠬᠦ ᠪᠠᠷ ᠤᠭ ᠰᠠᠨᠠᠭ᠎ᠠ ᠪᠠᠨ ᠢᠯᠡᠷᠡᠭᠦᠯᠵᠦ᠂ ᠪᠣᠳᠠᠲᠠᠢ | ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ | ᠬᠡᠷᠡᠭᠲᠡᠢ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ | ᠵᠢᠴᠢ ᠠᠶᠢᠮᠠᠭ ᠤᠨ ᠨᠠᠮ ᠤᠨ ᠬᠤᠷᠢᠶ᠎ᠠ ᠶᠢᠨ 2025 ᠣᠨ ᠤ ᠠᠩᠬᠠᠳᠤᠭᠠᠷ ᠤᠳᠠᠭᠠᠨ ᠤ ︵ᠥᠷᠭᠡᠳᠬᠡᠭᠰᠡᠨ︶ | ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ | ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠨᠡ ᠵᠢᠯ ᠤᠨ ᠠᠵᠤ | ᠠᠬᠤᠶ ᠶᠢᠨ ᠠᠵᠢᠯ ᠤᠨ ᠶᠡᠷᠦᠩᠬᠡᠶ ᠱᠠᠭᠠᠷᠳᠠᠯᠭ᠎ᠠ᠂ ᠲᠥᠷᠥ ᠶᠢᠨ ᠪᠣᠳᠣᠯᠭ᠎ᠠ ᠶᠢᠨ ᠬᠠᠨᠳᠤᠰᠢ ᠪᠠ ᠭᠤᠤᠯᠳᠠᠯᠭ᠎ᠠ ᠲᠠᠢ | ᠡᠭᠦᠷᠭᠡ ᠶᠢ ᠣᠨᠣᠪᠴᠢᠲᠠᠶ ᠡᠵᠡᠮᠳᠡᠵᠦ᠂ ︽ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ | ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠩ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠣᠶᠤᠨ ᠰᠠᠨᠠᠭᠠᠨ ᠤ ᠳᠦᠷᠰᠦ | ᠪᠠᠶᠢᠳᠠᠯ ᠢᠶᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ︽ ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠵᠦ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ | ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠤᠯᠠᠭᠠᠶ ᠬᠠᠮᠢᠶᠠᠷᠤᠯᠲᠠ ᠶᠢᠨ ᠣᠷᠣᠨ ᠤ 2025 ᠣᠨ ᠤ ᠣᠷᠣᠨ ᠨᠤᠲᠤᠭ ᠤᠨ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠲᠥᠰᠦᠪ ᠤᠨ ᠲᠥᠰᠦᠯ ᠢ ᠬᠢᠨᠠᠨ ᠵᠥᠪᠯᠡᠵᠦ ᠪᠠᠲᠤᠯᠠᠭᠠᠳ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ | ᠭᠠᠶᠢᠯᠢ ᠶᠢᠨ ᠢᠷᠡᠯᠲᠡ ᠶᠢ ᠢᠳᠡᠪᠬᠢᠲᠡᠶ ᠬᠦᠮᠦᠵᠢᠬᠦᠯᠦᠨ ᠬᠠᠳᠠᠭᠠᠯᠠᠵᠤ᠂ ᠦᠨᠳᠦᠰᠦᠨ ᠱᠠᠲᠤᠨ ᠤ ︽ᠭᠤᠷᠪᠠ ᠶᠢ | ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠥᠰᠦᠪ ᠢ ᠨᠠᠶᠢᠷᠠᠭᠤᠯᠤᠨ ᠵᠣᠬᠢᠶᠠᠬᠤ ᠬᠢᠷᠢ | ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠲᠥᠰᠦᠪ ᠤᠨ ᠬᠠᠮᠢᠶᠠᠷᠤᠯᠲᠠ ᠶᠢ ᠨᠢᠭᠡ | ᠴᠣᠭᠴᠠᠵᠢᠭᠤᠯᠤᠭᠰᠠᠨ ᠰᠢᠰᠲ᠋ᠧᠮ ᠤᠨ ᠬᠥᠳᠡᠯᠦᠩᠭᠦᠶ ᠬᠢᠨᠠᠨ ᠬᠡᠮᠵᠢᠬᠦ ᠦᠢᠯᠡᠳᠦᠯ ᠢ ᠭᠦᠢᠴᠡᠳ ᠪᠠᠳᠠᠷᠠᠭᠤᠯᠵᠤ᠂ | ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠵᠠᠷᠤᠯᠭ᠎ᠠ ᠶᠢᠨ ᠬᠠᠮᠢᠶᠠᠷᠤᠯᠲᠠ ᠶᠢ ᠨᠠᠷᠢᠯᠢᠬᠵᠢᠭᠤᠯᠵᠤ᠂ ︽ | ᠭᠤᠷᠪᠠᠨ ᠵᠦᠢᠯ ᠤᠨ ᠠᠯᠪᠠᠨ ᠵᠠᠷᠤᠳᠠᠯ︾ ᠢ ᠴᠢᠩᠭ᠎ᠠ ᠬᠢᠵᠠᠭᠠᠷᠯᠠᠵᠤ᠂ ᠵᠣᠭᠤᠰ ᠨᠢᠭᠡᠪᠦᠷᠢ ᠨᠢ ᠴᠥᠮ ᠬᠠᠮᠤᠭ ᠤᠨ | ᠶᠡᠭᠡ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ | ᠪᠠᠲᠤᠯᠠᠵᠤ᠂ ᠨᠠᠮ ᠵᠠᠰᠠᠭ ᠤᠨ ᠪᠠᠶᠢᠭᠤᠯᠭ᠎ᠠ ᠶᠢᠨ ︽ᠭᠠᠮᠨᠠᠵᠤ ᠠᠮᠢᠳᠤᠷᠠᠬᠤ︾ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |