ᠨᠢᠭᠡ᠂ ᠪᠢᠴᠢᠭ ᠮᠠᠲ᠋ᠧᠷᠢᠶᠠᠯ ᠨᠡᠶᠢᠲᠡᠯᠡᠭᠰᠡᠨ ᠠᠬᠤᠢ ᠪᠠᠶᠢᠳᠠᠯ ᠪᠣᠯᠤᠨ ᠠᠴᠢ ᠬᠤᠯᠪᠣᠭᠳᠠᠯ | ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢᠵᠢᠯ ᠤᠨ ᠲᠥᠷᠥᠯ | ᠵᠦᠢᠯ ᠤᠨ ᠪᠦᠬᠦᠯᠢ ᠴᠣᠭᠴᠠ ᠶᠢᠨ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ | ᠮᠡᠳᠡᠭᠡ ᠵᠠᠩᠬᠢᠵᠢᠯ ᠤᠨ ᠲᠥᠷᠥᠯ ᠵᠦᠢᠯ ᠤᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢ | ᠳᠡᠭᠡᠭᠰᠢᠯᠡᠭᠦᠯᠬᠦ ᠶᠢᠨ ᠲᠤᠰᠠᠳᠠ᠂ ᠤᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ | ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ 《 ᠤᠯᠠᠭᠠᠢ ᠬᠠᠮᠢᠶᠠᠷᠤᠯᠲᠠ ᠶᠢᠨ ᠣᠷᠣᠨ ᠤ ᠲᠤᠰ | ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠬᠢᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ 》 ( ᠰᠢᠯᠢ ᠣᠯᠠᠭᠠᠢ ᠲᠠᠷᠬᠠᠭᠠᠭᠰᠠᠨ 〔 2015 〕 5 ᠳ᠋ᠤᠭᠠᠷ ᠲᠣᠭᠠᠲᠤ᠂ | ᠳᠣᠷᠣᠭᠰᠢ 《 ᠠᠷᠭ᠎ᠠ 》 ᠭᠡᠵᠦ ᠲᠣᠪᠴᠢᠯᠠᠨ᠎ᠠ ) ᠶᠢ ᠨᠡᠶᠢᠲᠡᠯᠡᠵᠦ᠂ 《 ᠤᠯᠤᠰ ᠤᠨ ᠵᠠᠰᠠᠭ ᠤᠨ ᠶᠠᠪᠤᠳᠠᠯ ᠤᠨ | ᠮᠡᠳᠡᠭᠡ ᠵᠠᠩᠬᠢᠵᠢᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ 》 ( ᠲᠥᠷᠥ ᠠᠯᠪᠠᠨ ᠲᠠᠷᠬᠠᠭᠠᠭᠰᠠᠨ 〔 | 2014 〕 57 ᠳ᠋ᠤᠭᠠᠷ ᠲᠣᠭᠠᠲᠤ ) 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠵᠠᠰᠠᠭ ᠤᠨ ᠶᠠᠪᠤᠳᠠᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠰᠢᠢᠳᠪᠦᠷᠢᠲᠦ | ᠪᠣᠳᠣᠯᠭ᠎ᠠ ᠶᠢᠨ ᠬᠠᠮᠢᠶᠠᠷᠤᠯᠲᠠ ᠶᠢᠨ ᠳᠡᠰ ᠠᠯᠤᠰᠯᠠᠭᠰᠠᠨ ᠬᠠᠮᠢᠶᠠᠷᠤᠯᠲᠠ ᠶᠢᠨ ᠳᠡᠰ ᠳᠠᠷᠠᠭᠠᠯᠠᠯ ᠢ ᠳᠠᠷᠤᠮᠠᠯᠯᠠᠨ | ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ 》 ( ᠥᠪᠥᠷ ᠵᠠᠰᠠᠭ ᠠᠯᠪᠠᠨ ᠲᠠᠷᠬᠠᠭᠠᠭᠰᠠᠨ 〔 2012 〕 93 ᠳ᠋ᠤᠭᠠᠷ | ᠲᠣᠭᠠᠲᠤ )᠂ 《 ᠰᠢᠯᠢ ᠶᠢᠨ ᠭᠤᠣᠯ ᠠᠶᠢᠮᠠᠭ ᠤᠨ ᠲᠤᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ | ᠵᠠᠩᠭᠢᠵᠢᠯ ᠤᠨ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ 》 ( ᠰᠢᠯᠢ ᠶᠢᠨ ᠭᠤᠣᠯ | ᠠᠶᠢᠮᠠᠭ ᠤᠨ ᠣᠷᠣᠨ ᠲᠤᠭ᠎ᠠ ᠪᠠᠷᠢᠮᠲᠠ ) ᠵᠡᠷᠭᠡ ᠰᠠᠯᠠᠭ᠎ᠠ ᠮᠥᠴᠢᠷ ᠠᠯᠤᠰᠯᠠᠭᠰᠠᠨ ᠬᠠᠮᠢᠶᠠᠷᠤᠯᠲᠠ ᠶᠢᠨ ᠠᠷᠭ᠎ᠠ 》 | ( ᠰᠢᠯᠢ ᠶᠢᠨ ᠭᠤᠣᠯ ᠠᠶᠢᠮᠠᠭ ᠤᠨ ᠣᠷᠣᠨ ᠲᠤᠭ᠎ᠠ ᠪᠠᠷᠢᠮᠲᠠ ᠪᠢᠴᠢᠭ ᠮᠠᠲ᠋ᠧᠷᠢᠶᠠᠯ ᠢ ᠦᠨᠳᠦᠰᠦᠯᠡᠨ᠂ 《 ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠠᠯᠤᠰᠯᠠᠭᠰᠠᠨ ᠮᠡᠳᠡᠭᠡ ᠵᠠᠩᠭᠢᠵᠢᠯᠲᠠ ᠶᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠪᠠ ᠣᠷᠣᠨ ᠪᠦᠰᠡ ᠠᠯᠤᠰᠯᠠᠭᠰᠠᠨ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠤᠯᠠᠮ ᠨᠢᠭᠡ ᠠᠯᠬᠤᠮ ᠨᠠᠶᠢᠷᠠᠭᠤᠯᠤᠨ ᠵᠣᠬᠢᠶᠠᠬᠤ ᠠᠵᠢᠯ ᠢ ᠠᠬᠢᠭᠤᠯᠣᠨ᠎ᠠ | ᠬᠤᠶᠠᠷ᠂ ᠪᠢᠴᠢᠭ ᠮᠠᠲ᠋ᠧᠷᠢᠶᠠᠯ ᠤᠨ ᠭᠤᠣᠯ ᠠᠭᠤᠯᠭ᠎ᠠ | 《 ᠠᠷᠭ᠎ᠠ 》 ᠶᠢ ᠶᠡᠷᠦᠩᠬᠡᠢ ᠳᠦᠷᠢᠮ᠂ ᠲᠥᠯᠥᠪᠵᠢᠭᠦᠯᠭᠡ ᠶᠢ ᠬᠥᠮᠥᠷᠭᠡ ᠳᠤ ᠣᠷᠣᠭᠤᠯᠬᠤ ᠪᠠ | ᠲᠥᠯᠥᠪᠯᠡᠭᠡᠲᠦ ᠬᠠᠮᠢᠶᠠᠷᠤᠯᠲᠠ᠂ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠬᠠᠮᠢᠶᠠᠷᠤᠯᠲᠠ᠂ ᠪᠦᠲᠦᠭᠡᠨ | ᠪᠠᠶᠢᠭᠤᠯᠤᠯᠲᠠ ᠪᠣᠯᠤᠨ ᠪᠡᠯᠡ ᠮᠥᠩᠭᠦ ᠶᠢᠨ ᠬᠠᠮᠢᠶᠠᠷᠤᠯᠲᠠ᠂ ᠰᠢᠯᠭᠠᠨ ᠠᠪᠬᠤ ᠪᠠ ᠠᠵᠢᠯ ᠤᠨ ᠠᠮᠵᠢᠯᠲᠠ | ᠪᠦᠲᠦᠮᠵᠢ ᠶᠢ ᠦᠨᠡᠯᠡᠬᠦ ᠬᠠᠮᠢᠶᠠᠷᠤᠯᠲᠠ᠂ ᠠᠵᠢᠯᠯᠠᠭᠤᠯᠵᠤ ᠬᠠᠮᠠᠭᠠᠯᠠᠬᠤ ᠬᠠᠮᠢᠶᠠᠷᠤᠯᠲᠠ᠂ ᠬᠢᠨᠠᠯᠲᠠ ᠬᠠᠮᠢᠶᠠᠷᠤᠯᠲᠠ᠂ | ᠳᠠᠭᠠᠯᠳᠤᠭᠤᠯᠤᠯ ᠳᠦᠷᠢᠮ ᠵᠡᠷᠭᠡ ᠨᠠᠢᠮᠠᠨ ᠪᠦᠯᠦᠭ᠂ 48 ᠵᠦᠢᠯ ᠵᠤᠷᠪᠤᠰ ᠬᠤᠪᠢᠶᠠᠨ᠎ᠠ᠃ ᠨᠢᠭᠡᠳᠦᠭᠡᠷ ᠪᠦᠯᠦᠭ | ᠶᠡᠷᠦᠩᠬᠡᠢ ᠳᠦᠷᠢᠮ᠂ ᠨᠡᠶᠢᠲᠡ 4 ᠵᠦᠢᠯ᠂ ᠭᠤᠣᠯᠳᠠᠭᠤ ᠲᠤᠰ ᠠᠷᠭ᠎ᠠ ᠶᠢ ᠲᠣᠭᠲᠠᠭᠠᠬᠤ ᠶᠢᠨ ᠵᠣᠷᠢᠯᠭ᠎ᠠ᠂ | ᠦᠨᠳᠦᠰᠦ ᠪᠠᠷᠢᠮᠲᠠ᠂ ᠬᠡᠷᠡᠭᠯᠡᠬᠦ ᠬᠦᠷᠢᠶ᠎ᠡ ᠬᠡᠪᠴᠢᠶ᠎ᠡ᠂ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠵᠡᠷᠭᠡ ᠶᠢ ᠲᠣᠳᠣᠷᠬᠠᠶᠢᠯᠠᠨ᠎ᠠ︔ ᠬᠤᠶᠠᠳᠤᠭᠠᠷ ᠪᠦᠯᠦᠭ ᠬᠥᠮᠥᠷᠭᠡ ᠳᠤ ᠣᠷᠣᠭᠤᠯᠬᠤ ᠲᠥᠯᠥᠪᠵᠢᠭᠦᠯᠭᠡ ᠪᠠ ᠣᠨ ᠤ | ᠲᠥᠯᠥᠪᠯᠡᠭᠡ᠂ ᠨᠡᠶᠢᠲᠡ 9 ᠵᠦᠢᠯ᠂ ᠭᠤᠣᠯᠳᠠᠭᠤ ᠣᠯᠠᠭᠠᠢ ᠬᠠᠮᠢᠶᠠᠷᠤᠯᠲᠠ ᠶᠢᠨ ᠣᠷᠣᠨ ᠤ ᠵᠠᠰᠠᠭ ᠤᠨ | ᠶᠠᠪᠤᠳᠠᠯ ᠤᠨ ᠮᠡᠳᠡᠭᠡ ᠵᠠᠩᠬᠢᠵᠢᠯ ᠤᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥᠯ ᠵᠦᠢᠯ ᠤᠨ ᠣᠨ ᠤ | ᠲᠥᠯᠥᠪᠯᠡᠭᠡ ᠶᠢᠨ ᠬᠠᠮᠢᠶᠠᠷᠤᠯᠲᠠ᠂ ᠲᠥᠷᠥᠯ ᠵᠦᠢᠯ ᠤᠨ ᠬᠥᠮᠥᠷᠭᠡ ᠶᠢᠨ ᠬᠠᠮᠢᠶᠠᠷᠤᠯᠲᠠ᠂ ᠰᠠᠯᠠᠭ᠎ᠠ ᠮᠥᠴᠢᠷ ᠤᠨ | ᠲᠣᠭᠠᠴᠢᠯᠠᠭᠰᠠᠨ ᠲᠠᠯᠠᠪᠠᠢ ᠶᠢᠨ ᠵᠢᠷᠤᠭ ᠲᠥᠯᠥᠪᠯᠡᠭᠡ᠂ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠶᠢᠨ | ᠭᠤᠶᠤᠴᠢᠯᠠᠨ ᠮᠡᠳᠡᠭᠦᠯᠬᠦ ᠴᠤᠪᠤᠷᠠᠯ ᠵᠡᠷᠭᠡ ᠱᠠᠭᠠᠷᠳᠠᠯᠭ᠎ᠠ ᠵᠢᠴᠢ ᠵᠢᠷᠤᠮᠵᠢᠯ ᠢ ᠲᠣᠳᠣᠷᠬᠠᠶᠢᠯᠠᠨ᠎ᠠ︔ | ᠭᠤᠷᠪᠠᠳᠤᠭᠠᠷ ᠪᠦᠯᠦᠭ ᠭᠤᠶᠤᠴᠢᠯᠠᠨ ᠮᠡᠳᠡᠭᠦᠯᠬᠦ ᠪᠠ ᠬᠢᠨᠠᠨ ᠵᠥᠪᠰᠢᠶᠡᠷᠡᠬᠦ ᠬᠠᠮᠢᠶᠠᠷᠤᠯᠲᠠ᠂ ᠨᠡᠶᠢᠲᠡ 6 | ᠵᠦᠢᠯ᠂ ᠭᠤᠣᠯᠳᠠᠭᠤ ᠬᠢᠨᠠᠨ ᠵᠥᠪᠰᠢᠶᠡᠷᠡᠬᠦ ᠤᠷᠢᠳᠠᠴᠢ ᠨᠥᠬᠦᠴᠡᠯ᠂ ᠴᠠᠭ ᠬᠤᠭᠤᠴᠠᠭ᠎ᠠ᠂ ᠬᠡᠪᠴᠢᠶ᠎ᠡ᠂ ᠬᠡᠯᠪᠡᠷᠢ | ᠵᠡᠷᠭᠡ ᠵᠢᠷᠤᠮᠵᠢᠯ ᠢ ᠲᠣᠳᠣᠷᠬᠠᠶᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 60 ᠲᠦᠮᠡᠨ ᠲᠥᠭᠦᠷᠢᠭ ᠵᠢᠴᠢ | ᠲᠡᠭᠦᠨ᠋ ᠠᠴᠠ ᠳᠡᠭᠡᠭᠰᠢᠬᠢ ᠪᠦᠲᠦᠭᠡᠨ ᠪᠠᠶᠢᠭᠤᠯᠤᠯᠲᠠ᠂ ᠬᠤᠳᠠᠯᠳᠤᠨ ᠠᠪᠬᠤ ᠦᠢᠯᠡᠴᠢᠯᠡᠭᠡᠨ ᠤ ᠲᠥᠷᠥᠯ ᠤᠨ | ᠲᠥᠷᠥᠯ ᠵᠦᠢᠯ ᠳᠤ ᠣᠷᠣᠭᠤᠯᠵᠤ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ( ᠲᠥᠷᠥᠯ ᠵᠦᠢᠯ ᠤᠨ | ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠬᠤᠶᠠᠷ ᠢ ᠨᠢᠭᠡᠳᠬᠡᠬᠦ ) ᠪᠠ ᠠᠩᠬ᠎ᠠ | ᠠᠯᠬᠤᠮ ᠤᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠰᠢᠶᠡᠷᠡᠨ᠎ᠡ︔ ᠶᠡᠷᠦᠩᠬᠡᠢ ᠪᠡᠯᠡ ᠣᠷᠣᠭᠤᠯᠤᠯᠲᠠ | ᠨᠢ 60 ᠲᠦᠮᠡᠨ ᠲᠦᠬᠦᠷᠢᠭ ᠠᠴᠠ ᠳᠣᠷᠣᠭᠰᠢᠬᠢ ᠪᠦᠲᠦᠭᠡᠨ ᠪᠠᠶᠢᠭᠤᠯᠤᠯᠲᠠ᠂ ᠬᠤᠳᠠᠯᠳᠤᠨ ᠠᠪᠬᠤ | ᠦᠢᠯᠡᠴᠢᠯᠡᠭᠡᠨ ᠤ ᠲᠥᠷᠥᠯ ᠤᠨ ᠲᠥᠷᠥᠯ ᠵᠦᠢᠯ ᠳᠤ᠂ ᠬᠢᠨᠠᠨ ᠵᠥᠪᠰᠢᠶᠡᠷᠡᠬᠦ ᠬᠡᠷᠡᠭᠵᠢᠭᠦᠯᠬᠦ ᠲᠥᠰᠦᠯ ( ᠲᠥᠷᠥᠯ | ᠵᠦᠢᠯ ᠤᠨ ᠰᠠᠨᠠᠭᠤᠯᠭ᠎ᠠ ᠶᠢᠨ ᠪᠢᠴᠢᠭ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ᠂ ᠠᠩᠬ᠎ᠠ ᠠᠯᠬᠤᠮ ᠤᠨ | ᠵᠢᠷᠤᠭ ᠲᠥᠯᠥᠪᠯᠡᠭᠡ ᠶᠢᠨ ᠲᠥᠰᠦᠯ ᠭᠤᠷᠪᠠ ᠶᠢ ᠨᠢᠭᠡ ᠪᠣᠯᠭᠠᠨ᠎ᠠ) ᠲᠠᠢ᠃ ᠳᠥᠷᠪᠡᠳᠦᠭᠡᠷ ᠪᠦᠯᠦᠭ ᠪᠦᠲᠦᠭᠡᠨ | ᠪᠠᠶᠢᠭᠤᠯᠤᠯᠲᠠ ᠪᠠ ᠪᠡᠯᠡ ᠮᠥᠩᠭᠦ ᠶᠢᠨ ᠬᠠᠮᠢᠶᠠᠷᠤᠯᠲᠠ᠂ ᠨᠡᠶᠢᠲᠡ 13 ᠵᠦᠢᠯ ᠪᠠᠶᠢᠵᠤ᠂ ᠭᠤᠣᠯᠳᠠᠭᠤ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠤᠯᠲᠠ᠂ ᠠᠮᠤᠷ ᠲᠦᠪᠰᠢᠨ᠂ ᠥᠮᠴᠢᠯᠡᠬᠦ ᠡᠷᠬᠡ᠂ ᠪᠡᠯᠡ | ᠮᠥᠩᠭᠦ᠂ ᠬᠤᠪᠢᠷᠠᠭᠤᠯᠬᠤ ᠵᠡᠷᠭᠡ ᠱᠠᠭᠠᠷᠳᠠᠯᠭ᠎ᠠ ᠵᠢᠴᠢ ᠵᠢᠷᠤᠮᠵᠢᠯ ᠢ ᠲᠣᠳᠣᠷᠬᠠᠶᠢᠯᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠨᠢᠭᠡᠴᠡ ᠴᠠᠬᠢᠮ ᠵᠠᠰᠠᠭ ᠤᠨ ᠶᠠᠪᠤᠳᠠᠯ ᠤᠨ ᠲᠣᠣᠷ ᠰᠦᠯᠵᠢᠶ᠎ᠡ ᠶᠢᠨ ᠡᠬᠢ ᠪᠠᠶᠠᠯᠢᠭ᠂ | ᠵᠠᠰᠠᠭ ᠤᠨ ᠶᠠᠪᠤᠳᠠᠯ ᠤᠨ ᠡᠭᠦᠯᠡᠨ ᠦᠢᠯᠡᠴᠢᠯᠡᠭᠡᠨ ᠤ ᠡᠬᠢ ᠪᠠᠶᠠᠯᠢᠭ ᠵᠢᠴᠢ ᠪᠤᠰᠤᠳ ᠬᠠᠮᠲᠤᠪᠠᠷ ᠡᠳ᠋ᠯᠡᠵᠦ ᠬᠡᠷᠡᠭᠯᠡᠵᠦ | ᠪᠣᠯᠬᠤ ᠰᠠᠭᠤᠷᠢ ᠪᠡᠯᠡᠳᠬᠡᠮᠵᠢ ᠶᠢᠨ ᠡᠬᠢ ᠪᠠᠶᠠᠯᠢᠭ ᠲᠤ ᠭᠦᠢᠴᠡᠳ ᠲᠦᠰᠢᠭᠯᠡᠵᠦ᠂ ᠲᠥᠷᠥᠯ ᠵᠦᠢᠯ ᠢ ᠬᠢᠨᠠᠨ | ᠬᠠᠮᠢᠶᠠᠷᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠠᠮᠤᠷ ᠲᠦᠪᠰᠢᠨ ᠤ | ᠬᠠᠮᠢᠶᠠᠷᠤᠯᠲᠠ᠂ ᠤᠯᠤᠰ ᠤᠨ ᠡᠳ᠋ ᠬᠥᠷᠥᠩᠭᠡ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠃ | ᠲᠠᠪᠤᠳᠤᠭᠠᠷ ᠪᠦᠯᠦᠭ ᠰᠢᠯᠭᠠᠨ ᠠᠪᠬᠤ ᠪᠠ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠬᠠᠮᠢᠶᠠᠷᠤᠯᠲᠠ᠂ | ᠨᠡᠶᠢᠲᠡ 6 ᠵᠦᠢᠯ᠂ ᠭᠤᠣᠯᠳᠠᠭᠤ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠡᠰ | ᠳᠠᠷᠠᠭᠠᠯᠠᠯ᠂ ᠰᠢᠯᠭᠠᠨ ᠠᠪᠬᠤ ᠠᠭᠤᠯᠭ᠎ᠠ᠂ ᠳᠠᠩᠰᠠ ᠡᠪᠬᠡᠮᠡᠯ ᠤᠨ ᠬᠠᠮᠢᠶᠠᠷᠤᠯᠲᠠ᠂ ᠶᠠᠰᠤ ᠴᠢᠨᠠᠷ ᠤᠨ | ᠬᠠᠮᠠᠭᠠᠯᠠᠯᠲᠠ ᠵᠡᠷᠭᠡ ᠱᠠᠭᠠᠷᠳᠠᠯᠭ᠎ᠠ ᠵᠢᠴᠢ ᠵᠢᠷᠤᠮᠵᠢᠯ ᠢ ᠲᠣᠳᠣᠷᠬᠠᠶᠢᠯᠠᠪᠠ᠃ ᠵᠢᠷᠭᠤᠳᠤᠭᠠᠷ ᠪᠦᠯᠦᠭ ᠠᠵᠢᠯᠯᠠᠭᠠᠨ ᠤ | ᠬᠠᠮᠠᠭᠠᠯᠠᠯᠲᠠ ᠪᠠ ᠬᠠᠮᠢᠶᠠᠷᠤᠯᠲᠠ᠂ ᠨᠡᠶᠢᠲᠡ 2 ᠵᠤᠷᠪᠤᠰ᠂ ᠭᠤᠣᠯᠳᠠᠭᠤ ᠠᠵᠢᠯᠯᠠᠭᠠᠨ ᠤ ᠬᠠᠮᠠᠭᠠᠯᠠᠯᠲᠠ ᠶᠢ ᠤᠯᠠᠭᠠᠢ | ᠬᠠᠮᠢᠶᠠᠷᠤᠯᠲᠠ ᠶᠢᠨ ᠣᠷᠣᠨ ᠤ ᠪᠤᠰᠤᠳ ᠰᠠᠭᠤᠷᠢ ᠲᠠᠪᠴᠠᠩ᠂ ᠴᠠᠬᠢᠮ ᠵᠠᠰᠠᠭ ᠤᠨ ᠶᠠᠪᠤᠳᠠᠯ ᠤᠨ ᠰᠦᠯᠵᠢᠶ᠎ᠡ ᠵᠡᠷᠭᠡ | ᠠᠵᠢᠯᠯᠠᠭᠠᠨ ᠤ ᠬᠠᠮᠠᠭᠠᠯᠠᠯᠳᠠᠪᠤᠷᠢ ᠲᠠᠢ ᠬᠠᠷᠢᠯᠴᠠᠨ ᠵᠣᠯᠭᠠᠭᠤᠯᠵᠤ᠂ ᠡᠬᠢ ᠪᠠᠶᠠᠯᠢᠭ ᠢ ᠡᠷᠴᠢᠮᠵᠢᠭᠦᠯᠦᠨ᠂ ᠵᠦᠢ | ᠵᠣᠬᠢᠰᠲᠠᠢ ᠬᠡᠷᠡᠭᠯᠡᠵᠦ᠂ ᠬᠠᠮᠢᠶᠠᠷᠤᠯᠲᠠ ᠶᠢᠨ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠪᠠ ᠲᠡᠭᠡᠭᠡᠪᠦᠷᠢ ᠶᠢᠨ | ᠬᠠᠮᠠᠭᠠᠯᠠᠯᠲᠠ ᠶᠢᠨ ᠵᠠᠷᠤᠳᠠᠯ ᠤᠨ ᠬᠠᠮᠵᠢᠯᠴᠠᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ ᠵᠢᠷᠭᠤᠳᠤᠭᠠᠷ | ᠪᠦᠯᠦᠭ ᠬᠢᠨᠠᠯᠲᠠ ᠬᠠᠮᠢᠶᠠᠷᠤᠯᠲᠠ᠂ ᠨᠡᠶᠢᠲᠡ 5 ᠵᠦᠢᠯ᠂ ᠭᠤᠣᠯᠳᠠᠭᠤ ᠵᠠᠰᠠᠭ ᠳ᠋ᠡᠶᠢᠲ᠋ᠠ ᠶᠢᠨ ᠲᠣᠪᠴᠢᠶ᠎ᠠ᠂ ᠬᠢᠨᠠᠨ | ᠪᠣᠳᠣᠬᠤ ᠪᠠᠶᠢᠭᠤᠯᠭ᠎ᠠ᠂ ᠲᠣᠣᠷ ᠰᠦᠯᠵᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠎ᠠ︔ ᠳᠣᠯᠣᠳᠤᠭᠠᠷ | ᠪᠦᠯᠦᠭ ᠳᠠᠭᠠᠯᠳᠤᠭᠤᠯᠤᠯ ᠳᠦᠷᠢᠮ ᠨᠡᠶᠢᠲᠡ 3 ᠵᠦᠢᠯ ᠪᠣᠢ᠂ ᠭᠤᠣᠯᠳᠠᠭᠤ ᠲᠤᠰ ᠠᠷᠭ᠎ᠠ ᠶᠢᠨ ᠭᠦᠢᠴᠡᠳᠬᠡᠭᠡᠳᠦᠢ | ᠤᠴᠢᠷ ᠶᠠᠪᠤᠳᠠᠯ ᠢ ᠰᠢᠢᠳᠪᠦᠷᠢᠯᠡᠬᠦ ᠳᠡᠰ ᠳᠠᠷᠠᠭᠠᠯᠠᠯ ᠪᠠ ᠬᠦᠴᠦᠨ ᠲᠠᠢ ᠬᠤᠭᠤᠴᠠᠭ᠎ᠠ ᠶᠢ ᠲᠣᠳᠣᠷᠬᠠᠶᠢᠯᠠᠪᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠤᠨ ᠳᠠᠷᠠᠭ᠎ᠠ ᠠᠯᠬᠤᠮ ᠤᠨ ᠠᠵᠢᠯ | 《 ᠠᠷᠭ᠎ᠠ 》 ᠶᠢᠨ ᠨᠢᠭᠡᠳᠦᠭᠡᠷ ᠪᠦᠯᠦᠭ ᠶᠡᠷᠦᠩᠬᠡᠢ ᠳᠦᠷᠢᠮ ᠨᠢ ᠵᠠᠰᠠᠭ ᠳ᠋ᠡᠶᠢᠲ᠋ᠠ ᠶᠢᠨ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠡᠳ᠋ ᠤᠨ ᠵᠠᠰᠠᠭ᠂ ᠬᠢᠨᠠᠨ ᠪᠣᠳᠣᠬᠤ᠂ ᠵᠠᠰᠠᠭ ᠤᠨ | ᠶᠠᠪᠤᠳᠠᠯ ᠤᠨ ᠲᠥᠪ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ | ᠰᠢᠯᠭᠠᠨ ᠠᠪᠬᠤ᠂ ᠠᠮᠤᠷ ᠲᠦᠪᠰᠢᠨ ᠤ ᠨᠢᠭᠤᠴᠠ ᠶᠢ ᠬᠠᠮᠠᠭᠠᠯᠠᠬᠤ᠂ ᠨᠢᠭᠤᠴᠠ ᠲᠡᠮᠳᠡᠭ ᠢ ᠬᠡᠷᠡᠭᠯᠡᠬᠦ᠂ ᠪᠡᠯᠡ | ᠮᠥᠩᠭᠦ ᠶᠢ ᠬᠡᠷᠡᠭᠯᠡᠬᠦ᠂ ᠬᠢᠨᠠᠨ ᠪᠣᠳᠣᠵᠤ ᠬᠢᠨᠠᠯᠲᠠ ᠲᠠᠯᠪᠢᠬᠤ ᠲᠥᠷᠥᠯ ᠵᠦᠢᠯ ᠤᠨ ᠤᠷᠢᠳᠠᠴᠢ ᠬᠢᠨᠠᠨ | ᠬᠠᠷᠭᠤᠭᠤᠯᠬᠤ ᠵᠡᠷᠭᠡ ᠪᠠᠶᠢᠳᠠᠯ ᠳᠤ ᠲᠤᠰ ᠲᠤᠰ ᠬᠢᠨᠠᠯᠲᠠ ᠬᠠᠮᠢᠶᠠᠷᠤᠯᠲᠠ ᠶᠠᠪᠤᠭᠤᠯᠵᠤ᠂ ᠲᠥᠷᠥᠯ ᠵᠦᠢᠯ ᠢ ᠬᠠᠤᠯᠢ | ᠲᠣᠭᠲᠠᠭᠠᠯ ᠶᠣᠰᠣᠭᠠᠷ ᠪᠠᠶᠢᠭᠤᠯᠬᠤ ᠶᠢ ᠲᠦᠯᠬᠢᠨ ᠠᠬᠢᠭᠤᠯᠤᠨ᠎ᠠ | ᠳᠠᠷᠠᠭ᠎ᠠ ᠠᠯᠬᠤᠮ ᠳᠤ 《 ᠠᠷᠭ᠎ᠠ 》 ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠴᠢᠩᠭᠠᠳᠬᠠᠵᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠤᠨ᠂ ᠡᠯ᠎ᠡ ᠨᠢᠭᠡᠴᠡ ᠶᠢ | ᠵᠢᠯᠣᠭᠤᠳᠤᠨ 《 ᠠᠷᠭ᠎ᠠ 》 ᠶᠢᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠳᠦᠷᠢᠮ ᠢ ᠴᠢᠩᠭ᠎ᠠ ᠬᠡᠷᠡᠭᠵᠢᠭᠦᠯᠦᠨ᠎ᠡ᠃ |