ᠨᠢᠭᠡ ᠦᠯᠦ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠵᠢᠷᠭᠤᠭᠠᠨ ᠦᠯᠦ ᠵᠥᠪᠰᠢᠶᠡᠷᠡᠬᠦ ᠠᠬᠤᠢ | ᠪᠠᠶᠢᠳᠠᠯ ᠢ ᠨᠡᠶᠢᠲᠡᠯᠡᠪᠡ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠋ ᠠᠴᠠ ︽ᠦᠯᠦ ᠬᠥᠳᠡᠯᠬᠦ ᠬᠥᠷᠥᠩᠭᠡ ᠶᠢ ᠳᠠᠩᠰᠠᠯᠠᠬᠤ | ᠡᠩᠨᠡᠭᠡ ᠶᠢᠨ ᠬᠡᠪ ᠰᠤᠷᠲᠠᠯ ᠢ ᠪᠠᠶᠢᠢᠩᠭᠤᠵᠢᠭᠤᠯᠬᠤ ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠲᠤᠬᠠᠢ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠤᠯᠤᠰ ᠲᠥᠷᠥ ᠶᠢᠨ | ᠬᠥᠲᠥᠯᠦᠨ ᠳᠠᠭᠠᠭᠤᠯᠤᠯ ᠢ ᠳᠣᠪᠤᠶᠢᠯᠭᠠᠬᠤ᠂ ᠳᠠᠩᠰᠠᠯᠠᠬᠤ ᠲᠤᠬᠠᠶᠢᠯᠠᠭᠰᠠᠨ ᠠᠵᠢᠯ ᠢ ᠰᠢᠯᠢᠳᠡᠭᠵᠢᠭᠦᠯᠬᠦ᠂ | ᠰᠡᠷᠭᠡᠶᠢᠯᠡᠨ ᠡᠵᠡᠮᠳᠡᠬᠦ ᠲᠣᠭᠲᠠᠴᠠ ᠶᠢ ᠲᠡᠭᠦᠯᠳᠡᠷᠵᠢᠭᠦᠯᠬᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ 5 ᠲᠠᠯ᠎ᠠ ᠪᠠᠷ 12 ᠵᠤᠷᠪᠤᠰ ᠪᠣᠳᠠᠲᠠᠢ | ᠠᠷᠭ᠎ᠠ ᠬᠡᠮᠵᠢᠶ᠎ᠡ ᠶᠢ ᠳᠤᠷᠠᠳᠴᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠩᠨᠡᠭᠡ ᠶᠢᠨ ᠬᠡᠪ ᠰᠤᠷᠲᠠᠯ ᠤᠨ | ᠪᠠᠶᠢᠩᠭᠤᠵᠢᠭᠰᠠᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠲᠦᠯᠬᠢᠨ | ᠠᠬᠢᠭᠤᠯᠪᠠ᠃ | ᠬᠤᠶᠠᠷ᠂ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ 《 ᠵᠢᠷᠭᠤᠭᠠᠨ ᠦᠯᠦ ᠵᠥᠪᠰᠢᠶᠡᠷᠡᠬᠦ 》 | ᠠᠭᠤᠯᠭ᠎ᠠ :︵ᠨᠢᠭᠡ︶᠂ ᠬᠠᠤᠯᠢ ᠲᠣᠭᠲᠠᠭᠠᠯ ᠢ ᠵᠥᠷᠢᠴᠡᠨ ᠦᠯᠦ ᠬᠥᠳᠡᠯᠬᠦ ᠬᠥᠷᠥᠩᠭᠡ ᠶᠢᠨ ᠳᠠᠩᠰᠠᠯᠠᠯ ᠢ | ᠭᠦᠢᠴᠡᠳᠬᠡᠵᠦ ᠪᠣᠯᠬᠤ ᠥᠬᠡᠢ᠃ ︵ᠬᠤᠶᠠᠷ︶᠂ ᠳᠠᠩᠰᠠᠯᠠᠭᠤᠯᠬᠤ ᠮᠠᠲ᠋ᠧᠷᠢᠶᠠᠯ ᠪᠤᠶᠤ ᠵᠠᠩᠭᠢᠯᠠᠭ᠎ᠠ ᠶᠢ ᠳᠤᠷ᠎ᠠ | ᠪᠠᠷ ᠢᠶᠠᠨ ᠨᠡᠮᠡᠭᠳᠡᠭᠦᠯᠵᠦ ᠪᠣᠯᠬᠤ ᠥᠬᠡᠢ᠃ ︵ᠭᠤᠷᠪᠠ︶᠂ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠤᠭᠰᠠᠨ | ᠮᠠᠲ᠋ᠧᠷᠢᠶᠠᠯ ᠤᠨ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠦᠭᠡᠢ᠃ ︵ᠳᠥᠷᠪᠡ︶᠂ ᠵᠠᠭᠤᠴᠢᠯᠠᠬᠤ | ᠦᠢᠯᠡᠴᠢᠯᠡᠭᠡ ᠶᠢ ᠵᠢᠭᠠᠨ ᠲᠣᠭᠲᠠᠭᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠵᠢᠭᠠᠨ ᠲᠣᠭᠲᠠᠭᠠᠵᠤ ᠪᠣᠯᠬᠤ | ᠥᠬᠡᠢ᠃ ︵ᠲᠠᠪᠤ︶᠂ 《 ᠰᠠᠶᠢᠨ ᠲᠠᠢ ᠲᠠᠯ᠎ᠠ ᠶᠢᠨ ᠰᠦᠢᠳᠬᠡᠯ 》 ᠬᠤᠷᠢᠶᠠᠬᠤ ᠪᠤᠶᠤ ᠳᠤᠷ᠎ᠠ ᠪᠠᠷ ᠢᠶᠠᠨ | ᠰᠦᠢᠳᠬᠡᠯ ᠬᠤᠷᠢᠶᠠᠵᠤ ᠪᠣᠯᠬᠤ ᠥᠬᠡᠢ᠃ | ︵ᠵᠢᠷᠭᠤᠭ᠎ᠠ︶᠂ 《 ᠲᠦᠯᠬᠢᠵᠦ ᠪᠣᠯᠬᠤ ᠥᠬᠡᠢ 》 ᠭᠡᠳᠡᠭ ᠢᠶᠠᠷ ᠬᠡᠷᠡᠭ ᠡᠷᠬᠢᠯᠡᠵᠦ ᠪᠠᠶᠢᠭ᠎ᠠ ᠣᠯᠠᠨ ᠲᠦᠮᠡᠨ ᠢ | ᠭᠠᠴᠢᠵᠤ ᠪᠣᠯᠬᠤ ᠥᠬᠡᠢ᠃ | ᠭᠤᠷᠪᠠ᠂ ᠦᠯᠦ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ《 ᠵᠢᠷᠭᠤᠭᠠᠨ ᠦᠯᠦ | ᠵᠥᠪᠰᠢᠶᠡᠷᠡᠬᠦ 》 ᠶᠢᠨ ᠠᠴᠢ ᠬᠤᠯᠪᠣᠭᠳᠠᠯ :ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠩᠨᠡᠭᠡ ᠶᠢᠨ | ᠰᠤᠷᠲᠠᠯ ᠪᠣᠯ ᠨᠠᠮ ᠤᠨ ᠰᠤᠷᠲᠠᠯ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠠᠶᠢᠵᠤ᠂ | ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠪᠣᠯ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠤᠨ ᠭᠠᠳᠠᠭᠠᠳᠤ ᠦᠢᠯᠡᠴᠢᠯᠡᠭᠡ ᠶᠢᠨ ᠴᠢᠬᠤᠯᠠ ᠴᠣᠩᠬᠤ ᠪᠠᠶᠢᠵᠤ᠂ ᠠᠵᠤ ᠠᠬᠤᠶᠢᠯᠠᠯ ᠪᠠ ᠣᠯᠠᠨ | ᠲᠦᠮᠡᠨ ᠤ ᠠᠰᠢᠭ ᠲᠤᠰᠠ ᠲᠠᠢ ᠬᠠᠷᠢᠴᠠᠭ᠎ᠠ ᠲᠠᠢ ᠪᠠᠶᠢᠳᠠᠭ᠃ ᠪᠦᠷᠢᠳᠬᠡᠬᠦ ᠠᠵᠢᠯᠲᠠᠨ ᠪᠣᠯ ᠦᠯᠦ ᠬᠥᠳᠡᠯᠬᠦ | ᠬᠥᠷᠥᠩᠭᠡ ᠶᠢ ᠳᠠᠩᠰᠠᠯᠠᠬᠤ ᠠᠵᠢᠯ ᠲᠥᠷᠥᠯ ᠤᠨ ︽ᠳᠦᠷᠢ ᠲᠥᠷᠬᠦ ᠶᠢᠨ ᠣᠷᠣᠯᠠᠨ ᠥᠭᠦᠯᠡᠭᠴᠢ︾᠂ ᠣᠪᠣᠷ | ᠰᠤᠷᠲᠠᠯ ᠨᠢ ᠰᠠᠶᠢᠨ ᠡᠰᠡᠬᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠡᠰᠡᠬᠦ ᠨᠢ ᠣᠯᠠᠨ | ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠲᠠᠢ | ᠰᠢᠭᠤᠳ ᠬᠤᠯᠪᠣᠭᠳᠠᠵᠤ᠂ ᠬᠠᠷᠢᠭᠤᠴᠠᠯᠭ᠎ᠠ ᠨᠢ ᠲᠦᠢᠯ ᠤᠨ ᠬᠦᠨᠳᠦ ᠴᠢᠬᠤᠯᠠ ᠪᠠᠶᠢᠳᠠᠭ᠃ | ᠳᠥᠷᠪᠡ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ︽ᠵᠢᠷᠭᠤᠭᠠᠨ ᠦᠯᠦ ᠵᠥᠪᠰᠢᠶᠡᠷᠡᠬᠦ︾ | ᠶᠢ ᠶᠠᠭᠠᠬᠢᠵᠤ ᠥᠷᠨᠢᠭᠦᠯᠬᠦ ᠪᠣᠢ :ᠤᠯᠤᠰ ᠲᠥᠷᠥ ᠶᠢᠨ ᠬᠥᠲᠥᠯᠦᠨ ᠳᠠᠭᠠᠭᠤᠯᠬᠤ ᠶᠢ ᠳᠣᠪᠤᠶᠢᠯᠭᠠᠵᠤ᠂ ᠠᠷᠠᠳ | ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠩᠨᠡᠭᠡ ᠳᠤ | ᠴᠢᠭᠯᠡᠭᠦᠯᠦᠨ ᠠᠷᠠᠳ ᠲᠤ ᠦᠢᠯᠡᠴᠢᠯᠡᠬᠦ ᠵᠣᠷᠢᠯᠲᠠ ᠶᠢᠨ ᠬᠥᠮᠦᠵᠢᠯ ᠢ ᠦᠷᠭᠦᠯᠵᠢᠯᠡᠨ ᠦᠷᠨᠢᠬᠦᠯᠵᠦ᠂ ᠭᠤᠶᠤᠴᠢᠯᠠᠬᠤ | ᠮᠠᠲ᠋ᠧᠷᠢᠶᠠᠯ ᠤᠨ ᠭᠠᠷᠴᠠᠭ᠂ ᠭᠦᠢᠴᠡᠳᠬᠡᠬᠦ ᠴᠠᠭ ᠤᠨ ᠬᠢᠵᠠᠭᠠᠷ ᠵᠡᠷᠭᠡ ᠦᠯᠦ ᠬᠥᠳᠡᠯᠬᠦ ᠬᠥᠷᠥᠩᠭᠡ ᠶᠢ ᠳᠠᠩᠰᠠᠯᠠᠬᠤ | ᠦᠢᠯᠡᠴᠢᠯᠡᠭᠡᠨ ᠤ ᠮᠡᠳᠡᠭᠡ ᠵᠠᠩᠭᠢ ᠶᠢ ᠴᠠᠭ ᠲᠤᠬᠠᠢ ᠳᠤᠨᠢ᠂ ᠵᠢᠷᠤᠮᠵᠢᠭᠤᠯᠤᠨ ᠢᠯᠡ ᠪᠣᠯᠭᠠᠵᠤ᠂ ᠠᠩᠬ᠎ᠠ | ᠠᠰᠠᠭᠤᠬᠤ ᠬᠠᠷᠢᠭᠤᠴᠠᠯᠭ᠎ᠠ ᠶᠢᠨ ᠳᠦᠷᠢᠮ᠂ ᠨᠢᠭᠡ ᠯᠡ ᠤᠳᠠᠭ᠎ᠠ ᠶᠢᠨ ᠴᠢᠨᠠᠷᠲᠠᠢ ᠮᠡᠳᠡᠭᠳᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠠᠮᠠᠯᠳᠠᠭᠰᠠᠨ ᠴᠠᠭ ᠤᠨ ᠬᠢᠵᠠᠭᠠᠷ ᠤᠨ ᠶᠣᠰᠣᠭᠠᠷ ᠳᠠᠩᠰᠠᠯᠠᠬᠤ ᠲᠤᠬᠠᠶᠢᠯᠠᠭᠰᠠᠨ ᠠᠵᠢᠯ ᠢᠶᠠᠨ | ᠭᠦᠢᠴᠡᠳᠬᠡᠵᠦ᠂ ᠴᠣᠩᠬᠤᠪᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠂ | ᠭᠠᠷᠴᠤ ᠮᠡᠳᠡᠬᠦ ᠭᠡᠨᠡᠳᠲᠡ ᠶᠢᠨ ᠬᠡᠷᠡᠭ ᠢ ᠠᠷᠭᠠᠴᠠᠨ᠂ ᠠᠰᠠᠭᠤᠳᠠᠯ ᠢ ᠣᠯᠵᠤ ᠮᠡᠳᠡᠬᠦ ᠪᠠ ᠰᠢᠢᠳᠪᠦᠷᠢᠯᠡᠬᠦ | ᠲᠠᠪᠴᠠᠩ ᠢ ᠨᠢᠭᠡᠳᠦᠯᠲᠡᠢ ᠪᠠᠶᠢᠭᠤᠯᠵᠤ᠂ ᠠᠰᠠᠭᠤᠳᠠᠯ ᠢ ᠲᠤᠰᠬᠠᠬᠤ ᠠᠷᠭ᠎ᠠ ᠵᠠᠮ ᠢ ᠢᠯᠡ ᠪᠣᠯᠭᠠᠵᠤ᠂ ᠨᠡᠶᠢᠭᠡᠮ ᠤᠨ | ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠢ᠃ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠳᠤ ᠬᠠᠤᠯᠢ ᠳᠦᠷᠢᠮ ᠶᠣᠰᠣᠭᠠᠷ ᠳᠠᠩᠰᠠᠯᠠᠭᠤᠯᠬᠤ ᠦᠨᠳᠦᠰᠦᠨ ᠵᠠᠷᠴᠢᠮ ᠢ ᠪᠠᠷᠢᠮᠲᠠᠯᠠᠵᠤ᠂ | ᠳᠠᠩᠰᠠᠯᠠᠵᠤ ᠬᠢᠨᠠᠨ ᠬᠠᠷᠭᠤᠭᠤᠯᠬᠤ ᠪᠣᠭᠤᠮᠲᠠ ᠶᠢ ᠦᠨᠡᠨᠬᠦ ᠰᠠᠶᠢᠲᠤᠷ ᠠᠳᠬᠤᠵᠤ᠂ ᠪᠦᠬᠦ ᠶᠠᠪᠤᠴᠠ ᠳᠤ ᠰᠡᠷᠭᠡᠶᠢᠯᠡᠨ | ᠡᠵᠡᠮᠳᠡᠬᠦ ᠪᠠᠨ ᠴᠢᠩᠭᠠᠳᠬᠠᠬᠤ ᠬᠡᠷᠡᠭᠲᠡᠢ᠃ | ᠲᠠᠪᠤ᠂ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ 《 ᠵᠢᠷᠭᠤᠭᠠᠨ ᠦᠯᠦ ᠵᠥᠪᠰᠢᠶᠡᠷᠡᠬᠦ 》 | ᠶᠢᠨ ᠭᠤᠣᠯ ᠠᠭᠤᠯᠭ᠎ᠠ :ᠦᠯᠦ ᠬᠥᠳᠡᠯᠬᠦ ᠬᠥᠷᠥᠩᠭᠡ ᠶᠢ ᠳᠠᠩᠰᠠᠯᠠᠬᠤ ︽ᠵᠢᠷᠭᠤᠭᠠᠨ ᠦᠯᠦ ᠵᠥᠪᠰᠢᠶᠡᠷᠡᠬᠦ︾ | ᠭᠡᠳᠡᠭ ᠨᠢ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠡᠩᠨᠡᠭᠡ ᠶᠢᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠶᠢᠨ ᠬᠠᠮᠤᠭ ᠤᠨ ᠳᠣᠪᠤᠶᠢᠮ᠎ᠠ ᠣᠨᠴᠠᠯᠢᠭ᠂ ᠪᠠᠶᠢᠢᠩᠭᠤᠵᠢᠭᠤᠯᠬᠤ ᠶᠢ ᠪᠠᠷᠢᠮᠲᠠᠯᠠᠵᠤ᠂ ᠱᠠᠲᠤ | ᠲᠣᠭᠲᠠᠭᠠᠬᠤ ᠦᠭᠡᠢ᠂ ᠬᠥᠳᠡᠯᠭᠡᠭᠡᠨ ᠬᠢᠬᠦ ᠦᠭᠡᠢ᠂ ᠬᠠᠷᠢᠨ ᠡᠨᠡ ᠠᠵᠢᠯ ᠢ ᠡᠳᠦᠷ ᠲᠤᠲᠤᠮ ᠤᠨ ᠠᠵᠢᠯ ᠪᠣᠯᠭᠠᠨ᠂ | ᠤᠷᠲᠤ ᠬᠤᠭᠤᠴᠠᠭ᠎ᠠ ᠪᠠᠷ ᠦᠷᠭᠦᠯᠵᠢᠯᠡᠨ ᠠᠳᠬᠤᠵᠤ᠂ ᠴᠥᠬᠦᠷᠡᠰᠢ ᠦᠭᠡᠢ ᠴᠢᠩᠭ᠎ᠠ ᠠᠳᠬᠤᠬᠤ ᠶᠠᠪᠤᠳᠠᠯ | ᠪᠣᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠵᠢᠯᠣᠭᠤᠳᠤᠯᠭ᠎ᠠ | ᠳᠣᠣᠷ᠎ᠠ ᠬᠡᠪ ᠰᠤᠷᠲᠠᠯ ᠤᠨ ᠪᠠᠶᠢᠭᠤᠯᠤᠯᠲᠠ ᠶᠢ ᠥᠷᠨᠢᠭᠦᠯᠵᠦ᠂ ᠤᠯᠤᠰ ᠲᠥᠷᠥ ᠶᠢᠨ ᠲᠠᠯ᠎ᠠ ᠪᠠᠷ ᠬᠢᠷᠢ | ᠲᠡᠩᠴᠡᠭᠰᠡᠨ᠂ ᠲᠤᠬᠠᠶᠢᠯᠠᠭᠰᠠᠨ ᠠᠵᠢᠯ ᠤᠨ ᠲᠠᠯ᠎ᠠ ᠪᠠᠷ ᠴᠠᠭᠠᠷᠠᠭᠰᠠᠨ᠂ ᠣᠪᠣᠷ ᠰᠤᠷᠲᠠᠯ ᠰᠢᠯᠢᠳᠡᠭ | ᠰᠠᠶᠢᠨ ᠪᠠᠶᠢᠬᠤ᠂ ᠦᠢᠯᠡᠴᠢᠯᠡᠭᠡᠨ ᠨᠢ ᠥᠨᠳᠥᠷ ᠦᠷ᠎ᠡ ᠪᠦᠲᠦᠮᠵᠢ ᠲᠠᠢ ᠦᠯᠦ ᠬᠥᠳᠡᠯᠬᠦ ᠬᠥᠷᠥᠩᠭᠡ | ᠶᠢᠨ ᠳᠡᠩᠰᠡᠯᠡᠯᠲᠡ ᠶᠢᠨ ᠡᠩᠨᠡᠭᠡ ᠶᠢ ᠪᠠᠶᠢᠭᠤᠯᠵᠤ᠂ ᠠᠷᠠᠳ ᠣᠯᠠᠨ ᠤ ᠠᠰᠢᠭ ᠬᠦᠷᠲᠡᠬᠦ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠤᠯᠠᠭᠠᠢ ᠬᠠᠮᠢᠶᠠᠷᠤᠯᠲᠠ ᠶᠢᠨ ᠣᠷᠣᠨ ᠤ ᠲᠣᠭᠲᠠᠮᠠᠯ ᠬᠥᠷᠥᠩᠭᠡ ᠳᠠᠩᠰᠠᠯᠠᠬᠤ ᠦᠢᠯᠡᠴᠢᠯᠡᠭᠡᠨ ᠤ ᠲᠥᠪ | ( ᠤᠯᠠᠭᠠᠢ ᠬᠠᠮᠢᠶᠠᠷᠤᠯᠲᠠ ᠶᠢᠨ ᠣᠷᠣᠨ ᠤ ᠭᠠᠵᠠᠷ ᠰᠢᠷᠣᠢ ᠬᠤᠳᠠᠯᠳᠤᠨ ᠠᠪᠴᠤ ᠬᠠᠳᠠᠭᠠᠯᠠᠬᠤ | ᠦᠢᠯᠡᠴᠢᠯᠡᠭᠡᠨ ᠤ ᠲᠥᠪ ) | 2015 ᠣᠨ ᠤ 3 ᠰᠠᠷ᠎ᠠ ᠶᠢᠨ 20 ᠤ ᠡᠳᠦᠷ |