ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠬᠤᠷᠠᠯ ᠬᠤᠷᠠᠯᠳᠤᠭᠤᠯᠵᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠪᠠ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠡᠢ
ᠨᠡᠶᠢᠲᠡᠯᠡᠭᠰᠡᠨ ᠴᠠᠭ᠄
2025/3/4

   ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 28᠎ ᠤ ᠴᠠᠬᠢᠯᠭᠠᠨ ᠮᠡᠳᠡᠭᠡ ᠳᠣᠮᠳᠠᠳᠤ ᠤᠯᠤᠰ ᠤᠨ ᠡᠪ

ᠬᠠᠮᠲᠦ ᠨᠠᠮ ᠤᠨ ᠲᠥᠪ ᠬᠤᠷᠢᠶ᠎ᠡ ᠶᠢᠨ ᠤᠯᠤᠰ ᠳᠦᠷᠦ ᠶᠢᠨ ᠲᠣᠪᠴᠢᠶ᠎ᠠ 2 ᠰᠠᠷ᠎ᠠ ᠶᠢᠨ 28᠎ ᠤ ᠡᠳᠦᠷ ᠬᠤᠷᠠᠯ

ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ

ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠳᠡᠪᠰᠢᠭᠦᠯᠦᠨ ᠬᠢᠨᠠᠨ

ᠶᠠᠷᠢᠯᠴᠠᠭᠤᠯᠬᠤ ᠪᠠᠷ ᠪᠠᠶᠢᠭ᠎ᠠ ︽ᠵᠠᠰᠠᠭ ᠤᠨ ᠤᠷᠳᠤᠨ ᠤ ᠠᠵᠢᠯ ᠤᠨ ᠢᠯᠡᠳᠬᠡᠯ︾᠎ ᠤᠨ ᠨᠤᠤᠷᠠᠭ ᠢ ᠶᠠᠷᠢᠯᠴᠠᠪᠠ᠃

ᠳᠤᠮᠳᠠᠳᠤ ᠤᠯᠤᠰ ᠤᠨ ᠡᠪ ᠬᠠᠮᠲᠦ ᠨᠠᠮ ᠤᠨ ᠲᠥᠪ ᠬᠤᠷᠢᠶ᠎ᠡ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ

ᠡᠷᠬᠢᠯᠡᠪᠡ᠃

   ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ

ᠲᠥᠪ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠤᠭᠤᠳᠴᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ

ᠠᠷᠭᠠᠴᠠᠭᠠᠵᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠎ ᠨᠦᠭᠦᠳ ᠎ ᠤᠨ  ᠠᠷᠠᠳ  ᠲᠦᠮᠡᠨ ᠢ  

ᠪᠦᠯᠬᠦᠮᠳᠡᠭᠦᠯᠦᠨ  ᠳᠠᠭᠠᠭᠤᠯᠵᠤ ᠠᠵᠤ ᠠᠬᠤᠢ ᠨᠡᠶᠢᠭᠡᠮ ᠤᠨ  ᠬᠥᠭᠵᠢᠯᠲᠡ ᠎ ᠶᠢᠨ  ᠭᠤᠣᠯ  ᠬᠠᠷᠠᠯᠲᠠ  ᠡᠭᠦᠷᠭᠡ ᠎ ᠶᠢ  

ᠤᠷᠤᠭᠰᠢᠲᠠᠢ  ᠪᠡᠶᠡᠯᠡᠭᠦᠯᠪᠡ᠃ ᠮᠠᠨ ᠤ ᠤᠯᠤᠰ ᠤᠨ ᠠᠵᠤ ᠠᠬᠤᠢ ᠶᠢᠨ ᠡᠷᠬᠢᠯᠳᠠ ᠶᠡᠷᠦᠩᠬᠡᠢ ᠳᠡᠭᠡᠨ ᠲᠣᠭᠲᠠᠭᠤᠨ

ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠠᠶᠢᠵᠤ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠢᠶᠠᠷ

ᠠᠬᠢᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ

ᠣᠳᠣᠬᠢᠴᠢᠯᠠᠯᠲᠠ ᠯᠠᠪᠳᠠᠭᠤᠨ ᠪᠠᠲᠤᠲᠠᠢ ᠰᠢᠨ᠎ᠡ ᠠᠯᠬᠤᠮ ᠢ ᠠᠯᠬᠤᠵᠠᠢ ᠭᠡᠵᠤ ᠵᠢᠭᠠᠵᠤ ᠭᠠᠷᠭᠠᠪᠠ᠃

   ᠬᠤᠷᠠᠯ ᠠᠴᠠ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠦᠪᠵᠢᠭᠦᠯᠭᠡ ᠶᠢᠨ ᠰᠡᠭᠦᠯ

ᠬᠤᠷᠢᠶᠠᠬᠤ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠨᠥᠬᠦᠷ ᠢᠶᠠᠷ ᠭᠤᠣᠯ

ᠪᠣᠯᠭᠠᠭᠰᠠᠨ ᠨᠠᠮ ᠤᠨ ᠲᠥᠪ ᠬᠤᠷᠢᠶ᠎ᠡ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ

ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ

ᠬᠤᠷᠢᠶ᠎ᠡ ᠶᠢᠨ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ

ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂

ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠵᠦᠪ ᠣᠨᠣᠪᠴᠢᠲᠠᠶ ᠪᠦᠬᠦ ᠲᠠᠯ᠎ᠠ ᠪᠠᠷ

ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ

ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ

ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠣᠳᠣᠬᠢᠴᠢᠯᠠᠭᠰᠠᠨ

ᠠᠵᠤ ᠦᠢᠯᠡᠰ ᠤᠨ ᠰᠢᠰᠲ᠋ᠧᠮ ᠢ ᠪᠠᠶᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ

ᠲᠥᠯᠥᠪᠯᠡᠵᠦ᠂ ᠨᠡᠩ ᠢᠳᠡᠪᠬᠢᠲᠡᠢ ᠰᠠᠶᠢᠨ ᠬᠤᠷᠸ᠎ᠠ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠤᠰ ᠤᠨ

ᠳᠣᠲᠣᠭᠠᠳᠤ ᠶᠢᠨ ᠬᠡᠷᠡᠭᠴᠡᠭᠡ ᠶᠢ ᠥᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ

ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠭᠡᠷ

ᠪᠠᠶᠢᠰᠢᠩ ᠤᠨ ᠵᠠᠬ᠎ᠠ ᠳᠡᠯᠭᠡᠭᠦᠷ ᠰᠲ᠋ᠣᠺ ᠤᠨ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠵᠤ᠂ ᠭᠤᠣᠯᠳᠠᠯᠭ᠎ᠠ ᠲᠠᠢ

ᠬᠦᠷᠢᠶᠡᠨ ᠳᠠᠬᠢ ᠠᠶᠤᠯ ᠲᠦᠭᠰᠢᠭᠦᠷᠢ ᠪᠠ ᠭᠠᠳᠠᠨᠠᠬᠢ ᠳᠠᠭᠠᠷᠢᠯᠲᠠ ᠶᠢ ᠰᠡᠷᠭᠡᠶᠢᠯᠡᠨ ᠠᠷᠢᠯᠭᠠᠵᠤ᠂ ᠵᠢᠱᠢᠯᠲᠡ ᠶᠢ

ᠲᠣᠭᠲᠠᠪᠤᠷᠢᠵᠢᠭᠤᠯᠤᠨ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ

ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂

ᠨᠡᠶᠢᠭᠡᠮ ᠤᠨ ᠡᠶ᠎ᠡ ᠵᠣᠬᠢᠴᠠᠩᠭᠤᠢ ᠪᠠ ᠲᠣᠭᠲᠠᠭᠤᠨ ᠪᠠᠶᠢᠳᠠᠯ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾

᠎ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ

ᠵᠢᠯ︾᠎ ᠤᠨ ᠲᠥᠯᠦᠪᠵᠢᠭᠦᠯᠭᠡ ᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠶᠢ ᠲᠠᠯᠪᠢᠬᠤ ᠬᠡᠷᠡᠭᠳᠡᠢ ᠭᠡᠵᠤ

ᠴᠢᠬᠤᠯᠠᠴᠢᠯᠠᠪᠠ᠃

   ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃

   

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号