3 ᠰᠠᠷ᠎ᠠ ᠶᠢᠨ 31 ᠤ ᠡᠳᠦᠷ᠂ ᠬᠠᠮᠢᠶᠠᠷᠣᠯᠳᠠ ᠶᠢᠨ ᠣᠷᠣᠨ ᠤ ᠬᠠᠮᠢᠶᠠᠷᠣᠯᠳᠠ ᠶᠢᠨ ᠵᠦᠪᠯᠡᠯ ᠤᠨ ᠨᠠᠮ ᠤᠨ | ᠣᠳᠣᠷᠢᠳᠬᠤ ᠲᠣᠭᠤᠶᠢᠯᠠᠩ ᠤᠨ ᠬᠡᠰᠢᠬᠦᠨ᠂ ᠠᠶᠣᠯᠬᠦᠢ ᠦᠢᠯᠡᠳᠪᠦᠷᠢᠯᠡᠯ ᠤᠨ ᠵᠦᠪᠯᠡᠯ ᠤᠨ ᠪᠠᠶᠢᠩᠭᠤ ᠶᠢᠨ ᠳᠡᠳ᠋ | ᠡᠷᠬᠢᠯᠡᠭᠴᠢ ᠭᠤᠣ ᠲᠢᠶᠠᠨ ᠫᠧᠩ ᠨᠠᠷ ᠣᠯᠠᠭᠠᠢ ᠮᠠᠯᠵᠢᠯ ᠤᠨ ᠲᠠᠯᠠᠪᠠᠢ ᠳᠤ ᠬᠦᠨᠵᠡᠬᠡᠶᠢᠷᠡᠵᠦ ᠭᠠᠯ ᠢ ᠰᠡᠷᠬᠡᠶᠢᠯᠡᠬᠦ | ᠠᠵᠢᠯ ᠤᠨ ᠠᠬᠤᠢ ᠳᠠᠯᠠᠪᠡᠢ ᠶᠢᠨ ᠵᠢᠯᠣᠭᠤᠳᠣᠯᠭ᠎ᠠ ᠬᠢᠪᠡ᠃ ᠤᠯᠠᠭᠠᠶ ᠮᠠᠯᠵᠢᠯ ᠤᠨ ᠲᠠᠯᠠᠪᠠᠶ ᠶᠢᠨ ᠨᠠᠮ ᠤᠨ | ᠬᠤᠷᠢᠶᠠᠨ ᠤ ᠱᠦᠵᠢ ᠯᠢᠦ ᠽᠦᠩ ᠬᠤᠤ ᠪᠠᠷ᠎ᠠ ᠪᠣᠯᠪᠠ᠃ | ᠭᠤᠤ ᠲᠢᠶᠠᠨ ᠫᠧᠩ ᠨᠠᠷ ᠤᠷᠢᠳ ᠬᠤᠵᠢᠳ ᠤᠯᠠᠭᠠᠶ ᠮᠠᠯᠵᠢᠯ ᠤᠨ ᠲᠠᠯᠠᠪᠠᠶ ᠶᠢᠨ ᠬᠠᠷᠢᠶ᠎ᠠ ᠣᠷᠣᠨ ᠤ ᠠᠵᠤ | ᠠᠬᠤᠶᠢᠯᠠᠯ᠂ ᠮᠠᠯᠵᠢᠬᠤ ᠡᠷᠦᠬᠡ ᠵᠢᠴᠢ ᠭᠠᠯ ᠰᠡᠷᠭᠡᠶᠢᠯᠡᠬᠦ ᠡᠳ᠋ ᠪᠣᠳᠠᠰ ᠤᠨ ᠬᠥᠮᠥᠷᠭᠡ ᠳᠤ ᠬᠦᠷᠴᠦ ᠬᠠᠪᠤᠷ ᠤᠨ | ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠪᠡ᠃ | ᠡᠨᠡ ᠬᠤᠭᠤᠴᠠᠭᠠᠨ ᠳᠤ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠭᠠᠯ ᠰᠡᠷᠭᠡᠶᠢᠯᠡᠬᠦ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠭᠠᠯ ᠰᠡᠷᠭᠡᠶᠢᠯᠡᠬᠦ ᠡᠳ᠋ | ᠪᠣᠳᠠᠰ ᠤᠨ ᠬᠡᠪ ᠤᠨ ᠬᠡᠷᠡᠭᠯᠡᠯᠲᠡ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ︔ ᠭᠠᠯ ᠰᠡᠷᠭᠡᠶᠢᠯᠡᠬᠦ ᠡᠳ᠋ | ᠪᠣᠳᠠᠰ ᠤᠨ ᠬᠥᠮᠥᠷᠭᠡ ᠳᠤ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠰᠡᠷᠭᠡᠶᠢᠯᠡᠨ ᠬᠠᠮᠠᠭᠠᠯᠠᠬᠤ ᠲᠣᠨᠤᠭ | ᠲᠥᠬᠦᠭᠡᠷᠦᠮᠵᠢ᠂ ᠴᠢᠮᠡᠭᠡ ᠬᠤᠯᠪᠣᠭᠠᠨ ᠤ ᠲᠥᠬᠦᠭᠡᠷᠦᠮᠵᠢ ᠵᠡᠷᠭᠡ ᠡᠳ᠋ ᠪᠣᠳᠠᠰ ᠤᠨ ᠨᠥᠭᠡᠴᠡᠯᠡᠯᠲᠡ ᠶᠢᠨ ᠲᠤᠭ᠎ᠠ | ᠬᠡᠮᠵᠢᠶ᠎ᠡ ᠪᠠ ᠶᠠᠰᠤ ᠴᠢᠨᠠᠷ ᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠤᠷ ᠲᠤ ᠡᠳ᠋ | ᠪᠣᠳᠠᠰ ᠤᠨ ᠬᠠᠮᠢᠶᠠᠷᠤᠯᠲᠠ ᠪᠠ ᠰᠢᠯᠵᠢᠭᠦᠯᠦᠨ ᠬᠡᠷᠡᠭᠯᠡᠬᠦ ᠶᠠᠪᠤᠴᠠ ᠶᠢ ᠯᠠᠪᠯᠠᠨ ᠠᠰᠠᠭᠤᠪᠠ᠃ ᠡᠭᠦᠨ ᠤ ᠬᠠᠮᠲᠤ᠂ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠠᠷᠢᠭᠤᠴᠠᠯᠭ᠎ᠠ ᠲᠠᠶᠢᠱᠠᠨ | ᠠᠭᠤᠯᠠ ᠠᠴᠠ ᠬᠦᠨᠳᠦ᠂ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ | ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠬᠡᠷᠡᠭᠲᠡᠶ᠃ ᠡᠳ᠋ ᠪᠣᠳᠠᠰ ᠨᠥᠭᠡᠴᠡᠯᠡᠬᠦ ᠪᠠ ᠲᠥᠬᠦᠭᠡᠷᠦᠮᠵᠢ ᠶᠢᠨ | ᠬᠠᠮᠠᠭᠠᠯᠠᠯᠲᠠ ᠶᠢ ᠴᠢᠩᠭᠠᠳᠬᠠᠵᠤ᠂ ᠵᠠᠩᠭᠢᠯᠠᠭ᠎ᠠ ᠶᠢᠨ ᠦᠶ᠎ᠡ ᠳᠤ ᠠᠪᠴᠤ ᠳᠡᠶᠢᠯᠬᠦ᠂ ᠬᠡᠷᠡᠭᠯᠡᠵᠦ ᠳᠡᠶᠢᠯᠬᠦ ᠶᠢ ᠦᠨᠡᠨ | ᠬᠦ ᠪᠠᠲᠤᠯᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠲᠣᠭᠲᠠᠮᠠᠯ ᠬᠤᠭᠤᠴᠠᠭ᠎ᠠ ᠲᠠᠢ ᠪᠠᠷ ᠪᠣᠳᠠᠲᠤ ᠪᠠᠶᠢᠯᠳᠤᠭᠠᠨ ᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠪᠠᠰᠠ ᠤᠬᠠᠭᠤᠯᠭ᠎ᠠ ᠬᠥᠮᠦᠵᠢᠯ ᠤᠨ | ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ | ᠴᠢᠩᠭᠠᠷᠠᠭᠤᠯᠵᠤ᠂ ᠪᠥᠬᠦ ᠨ᠊ ᠡᠶᠢᠭᠡᠮ ᠢ᠊ ᠵᠠᠷ ᠢᠶᠠᠨ ᠬᠠᠮᠲᠤ ᠪᠠᠷ ᠣᠷᠣᠯᠴᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠭᠤᠤ ᠲᠢᠶᠠᠨ ᠫᠧᠩ ᠴᠢᠬᠤᠯᠠᠴᠢᠯᠠᠭᠰᠠᠨ ᠨᠢ᠂ ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ | ᠬᠠᠩᠰᠢ ᠶᠢᠨ ᠡᠳᠦᠷ ᠤᠨ ᠡᠮᠦᠨ᠎ᠡ ᠬᠤᠶᠢᠨᠠᠬᠢ ᠭᠠᠯ ᠰᠡᠷᠭᠡᠶᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠥᠷᠭᠡᠨ ᠢᠶᠠᠷ ᠤᠬᠠᠭᠤᠯᠤᠨ ᠬᠥᠮᠦᠵᠢᠭᠦᠯᠵᠦ᠂ | ᠵᠢᠵᠢᠭᠦᠷᠯᠡᠨ ᠰᠠᠬᠢᠬᠤ ᠪᠠᠨ ᠴᠢᠩᠭᠠᠳᠬᠠᠵᠤ᠂ ᠭᠠᠯ ᠰᠡᠷᠭᠡᠶᠢᠯᠡᠬᠦ ᠪᠠᠶᠢᠴᠠᠭᠠᠯᠲᠠ ᠪᠣᠯᠤᠨ ᠬᠠᠮᠢᠶᠠᠷᠤᠨ ᠡᠵᠡᠮᠳᠡᠬᠦ | ᠠᠵᠢᠯ ᠢᠶᠠᠨ ᠴᠢᠩᠭᠠᠳᠬᠠᠵᠤ᠂ ᠭᠠᠯ ᠰᠡᠷᠭᠡᠶᠢᠯᠡᠬᠦ ᠠᠵᠢᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠭᠠᠯ ᠤᠨ ᠪᠠᠶᠢᠳᠠᠯ ᠡᠭᠦᠰᠬᠦ ᠶᠢ ᠲᠦᠷᠭᠡᠨ ᠲᠤᠰᠬᠠᠵᠤ᠂ ᠰᠢᠨᠵᠢᠯᠡᠬᠦ ᠤᠬᠠᠭᠠᠨᠴᠢ ᠪᠠᠷ | ᠲᠤᠬᠢᠷᠠᠭᠤᠯᠵᠤ᠂ ᠪᠦᠲᠦᠮᠵᠢᠲᠡᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ |