ᠰᠢᠨᠬᠤᠸᠠ ᠬᠤᠷᠢᠶ᠎ᠠ ᠶᠢᠨ ᠬᠠᠨᠤᠢ ᠶᠢᠨ 4 ᠰᠠᠷ᠎ᠠ ᠶᠢᠨ 14 ᠤ ᠴᠠᠭᠢᠯᠭᠠᠨ ᠮᠡᠳᠡᠭᠡ 4 ᠰᠠᠷ᠎ᠠ ᠶᠢᠨ 14 ᠤ | ᠡᠳᠦᠷ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠠᠨᠤᠢ ᠳᠤ ᠬᠦᠷᠴᠦ ᠸᠢᠶᠧᠳ᠋ᠨᠠᠮ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠲᠠᠰᠢᠷᠠᠮ ᠢᠶᠠᠷ ᠸᠢᠶᠧᠳ᠋ᠨᠠᠮ ᠤᠨ ︽ᠠᠷᠠᠳ ᠤᠨ ᠰᠣᠨᠢᠨ︾ ᠳᠡᠭᠡᠷ᠎ᠡ ︽ᠵᠣᠷᠢᠭ ᠨᠢᠭᠡᠲᠡᠢ ᠵᠣᠷᠢᠯᠲᠠ ᠠᠳᠠᠯᠢ ᠭᠠᠷ | ᠬᠤᠯᠪᠣᠨ ᠤᠷᠤᠭᠰᠢᠯᠠᠵᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ | ᠬᠠᠭᠤᠳᠠᠰᠤ ᠶᠢ ᠪᠢᠴᠢᠭᠯᠡᠶ᠎ᠡ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠭᠦ | ᠠᠭᠤᠯᠭ᠎ᠠ ᠨᠢ ᠳᠣᠣᠷᠠᠬᠢ ᠮᠡᠲᠦ᠄ | ᠵᠣᠷᠢᠭ ᠨᠢᠭᠡᠲᠡᠢ ᠵᠣᠷᠢᠯᠲᠠ ᠠᠳᠠᠯᠢ ᠭᠠᠷ ᠬᠤᠯᠪᠣᠨ ᠤᠷᠤᠭᠰᠢᠯᠠᠵᠤ | ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ ᠦᠷᠭᠦᠯᠵᠢᠯᠡᠨ ᠰᠢᠨ᠎ᠡ ᠬᠠᠭᠤᠳᠠᠰᠤ ᠶᠢ | ᠪᠢᠴᠢᠭᠯᠡᠶ᠎ᠡ | ᠳᠣᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠠᠪᠤᠷ ᠤᠨ ᠰᠡᠭᠦᠯᠴᠢ ᠪᠣᠯᠵᠤ᠂ ᠠᠯᠢᠪᠠ ᠪᠦᠭᠦᠨ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠳᠤᠮᠳᠠᠳᠤ | ᠸᠢᠶᠧᠳ᠋ᠨᠠᠮ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠬᠦᠷᠴᠦ ᠢᠷᠡᠬᠦ ᠲᠠᠰᠢᠷᠠᠮ ᠢᠶᠠᠷ | ᠸᠢᠶᠧᠳ᠋ᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠦ᠋ ᠯᠢᠨ ᠨᠥᠬᠦᠷ ᠪᠣᠯᠣᠨ | ᠸᠢᠶᠧᠳ᠋ᠨᠠᠮ ᠤᠨ ᠤᠯᠤᠰ ᠤᠨ ᠲᠡᠷᠢᠭᠦᠯᠡᠭᠴᠢ ᠯᠢᠶᠠᠩ ᠴᠢᠶᠠᠩ ᠨᠥᠬᠦᠷ ᠤᠨ ᠤᠷᠢᠯᠭ᠎ᠠ ᠪᠠᠷ ᠪᠢ ᠸᠢᠶᠧᠳ᠋ᠨᠠᠮ ᠳᠤ | ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠠᠶᠢᠨ᠎ᠠ᠃ ᠡᠨᠡ ᠪᠣᠯ ᠮᠢᠨᠤ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠳᠥᠷᠪᠡᠳᠡᠬᠢ ᠤᠳᠠᠭ᠎ᠠ ᠡᠨᠡ ᠬᠦ ᠦᠵᠡᠰᠬᠦᠯᠡᠩᠲᠦ | ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠬᠤ ᠶᠠᠪᠤᠳᠠᠯ ᠪᠣᠯᠣᠨ᠎ᠠ᠃ ᠪᠢ ᠸᠢᠶᠧᠳ᠋ᠨᠠᠮ ᠤᠨ ᠤᠳᠤᠷᠢᠳᠬᠤ | ᠬᠥᠮᠥᠰ ᠲᠠᠢ ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠪᠠᠨ ᠬᠠᠮᠲᠤ ᠪᠠᠷ ᠵᠥᠪᠳᠡᠯᠴᠡᠵᠦ᠂ | ᠰᠢᠨ᠎ᠡ ᠴᠠᠭ ᠦᠶ᠎ᠡ ᠶᠢᠨ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠰᠢᠨ᠎ᠡ ᠵᠢᠷᠤᠭ ᠲᠥᠰᠥᠪ ᠢ ᠵᠢᠷᠤᠭᠯᠠᠬᠤ ᠶᠢ ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠣᠨ ᠸᠢᠶᠧᠳ᠋ᠨᠠᠮ ᠪᠣᠯ ᠨᠡᠶᠢᠭᠡᠮ ᠵᠢᠷᠤᠮ ᠤᠨ ᠨᠥᠭᠦᠷᠰᠡᠭ ᠬᠥᠷᠰᠢ ᠤᠯᠤᠰ ᠮᠥᠨ᠂ | ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠪᠠ ᠥᠷᠭᠡᠨ ᠳᠡᠯᠭᠡᠷ ᠪᠠᠶᠢᠯᠳᠤᠬᠤ ᠪᠣᠳᠣᠯᠭ᠎ᠠ ᠶᠢᠨ ᠠᠰᠢᠭ ᠲᠤᠰᠠ ᠲᠠᠢ | ᠶᠤᠮ᠃ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢ ᠰᠦᠪᠡᠭᠴᠢᠯᠡᠬᠦ | ᠪᠠ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠠᠪᠤᠴᠠ ᠳᠤ ᠬᠤᠶᠠᠷ ᠨᠠᠮ ᠬᠤᠶᠠᠷ | ᠤᠯᠤᠰ ᠤᠨ ᠠᠷᠠᠳ ᠲᠦᠮᠡᠨ ᠤ ᠡᠷᠲᠡ ᠦᠶ᠎ᠡ ᠠᠴᠠ ᠪᠠᠶᠢᠭᠤᠯᠤᠭᠰᠠᠨ ᠭᠦᠨ ᠵᠤᠵᠠᠭᠠᠨ ᠨᠥᠬᠦᠷᠯᠡᠯ ᠲᠠᠰᠤᠷᠠᠯᠲᠠ | ᠦᠭᠡᠢ ᠭᠦᠨᠵᠡᠭᠡᠶᠢᠷᠡᠪᠡ᠃ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠪᠦᠬᠦᠢ ᠳᠤᠮᠳᠠᠳᠤ ᠸᠢᠶᠧᠳ᠋ᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠬᠤᠶᠠᠷ ᠤᠯᠤᠰ ᠤᠨ ᠬᠠᠮᠲᠤ ᠶᠢᠨ ᠠᠰᠢᠭ ᠲᠤᠰᠠ ᠲᠠᠢ | ᠨᠡᠶᠢᠴᠡᠵᠦ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠬᠥᠭᠵᠢᠯ | ᠴᠡᠴᠡᠭᠯᠡᠯ ᠳᠤ ᠠᠰᠢᠭᠲᠠᠢ ᠪᠠᠶᠢᠵᠤ᠂ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠪᠣᠯᠣᠨ᠎ᠠ᠃ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠢᠯᠡ ᠲᠣᠳᠣ ᠬᠤᠪᠢᠰᠬᠠᠯ ᠤᠨ | ᠤᠳᠤᠮᠰᠢᠯ ᠢ ᠵᠠᠯᠭᠠᠮᠵᠢᠯᠠᠪᠠ᠃ ᠬᠤᠶᠠᠷ ᠤᠯᠤᠰ ᠤᠨ ᠬᠤᠪᠢᠰᠬᠠᠯ ᠤᠨ ᠤᠷᠢᠳᠤᠰ ᠭᠠᠷ ᠬᠤᠯᠪᠣᠨ ᠤᠯᠤᠰ | ᠭᠦᠷᠦᠨ ᠢᠶᠠᠨ ᠮᠥᠬᠦᠯ ᠠᠴᠠ ᠠᠪᠤᠷᠠᠬᠤ ᠵᠠᠮ ᠢ ᠡᠷᠢᠯᠬᠢᠯᠡᠵᠦ᠂ ᠳᠡᠯᠡᠬᠡᠢ ᠳ᠋ᠠᠬᠢᠨ ᠤ ᠺᠣᠯᠣᠨᠢᠴᠢᠯᠠᠬᠤ ᠦᠵᠡᠯ᠂ ᠡᠵᠡᠷᠬᠡᠭ | ᠲᠦᠷᠢᠮᠡᠬᠡᠢ ᠶᠣᠰᠣ ᠶᠢ ᠡᠰᠡᠷᠭᠦᠴᠡᠬᠦ ᠲᠡᠮᠡᠴᠡᠯ ᠤᠨ ᠢᠯᠠᠯᠲᠠ ᠶᠢ ᠣᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠤᠯᠤᠰ ᠤᠨ ᠭᠤᠸᠠᠩᠵᠧᠦ ᠳᠠᠬᠢ ᠸᠢᠶᠧᠳ᠋ᠨᠠᠮ ᠤᠨ ᠵᠠᠯᠠᠭᠤᠴᠤᠳ ᠤᠨ ᠬᠤᠪᠢᠰᠬᠠᠯᠲᠤ ᠨᠥᠬᠦᠳ ᠤᠨ ᠬᠤᠷᠠᠯ᠂ | ᠭᠤᠸᠠᠩᠰᠢ ᠶᠢᠨ ᠵᠢᠩᠰᠢ ᠶᠢᠨ ︽ᠸᠢᠶᠧᠳ᠋ᠨᠠᠮ ᠤᠨ ᠬᠤᠯᠪᠤᠭ᠎ᠠ︾ ᠶᠢᠨ ᠬᠡᠷᠡᠭ ᠡᠷᠭᠢᠯᠡᠭᠦ ᠭᠠᠵᠠᠷ ᠵᠡᠷᠭᠡ ᠬᠤᠪᠢᠰᠬᠠᠯ ᠤᠨ | ᠬᠠᠭᠤᠴᠢᠨ ᠪᠠᠭᠤᠷᠢ ᠪᠣᠯ ᠳᠤᠮᠳᠠᠳᠤ ᠸᠢᠶᠧᠳ᠋ᠨᠠᠮ ᠤᠨ ᠬᠤᠪᠢᠰᠬᠠᠯ ᠤᠨ ᠨᠥᠬᠦᠷᠯᠡᠯ ᠤᠨ ᠲᠡᠦᠬᠡ ᠶᠢᠨ ᠭᠡᠷᠡᠴᠢ ᠪᠣᠯᠣᠨ᠎ᠠ᠃ | ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠤ ᠦᠶ᠎ᠡ ᠳᠤ ᠲᠡᠷᠢᠭᠦᠯᠡᠭᠴᠢ ᠬᠤ᠋ ᡁᠢ | ᠮᠢᠩ ᠤᠷᠢᠳ ᠬᠤᠵᠢᠳ ᠶᠠᠨ ᠠᠨ᠂ ᠭᠦᠢᠯᠢᠨ᠂ ᠴᠦᠩᠴᠢᠩ᠂ ᠺᠦᠨᠮᠢᠩ ᠵᠡᠷᠭᠡ ᠭᠠᠵᠠᠷ ᠲᠤ ᠳᠤᠮᠳᠠᠳᠤ ᠤᠯᠤᠰ ᠤᠨ | ᠶᠠᠫᠤᠨ ᠢ ᠡᠰᠡᠷᠭᠦᠴᠡᠬᠦ ᠳᠠᠶᠢᠨ ᠳᠤ ᠣᠷᠣᠯᠴᠠᠵᠤ ᠳᠡᠮᠵᠢᠭᠰᠡᠨ ᠪᠠᠶᠢᠨ᠎ᠠ᠃ ᠳᠤᠮᠳᠠᠳᠤ ᠤᠯᠤᠰ ᠴᠡᠷᠢᠭ ᠤᠨ ᠶᠠᠪᠤᠳᠠᠯ ᠤᠨ | ᠵᠥᠪᠯᠡᠭᠴᠢ ᠶᠢᠨ ᠪᠦᠯᠭᠦᠮ ᠪᠣᠯᠣᠨ ᠤᠯᠤᠰ ᠲᠦᠷᠦ ᠶᠢᠨ ᠵᠥᠪᠯᠡᠭᠴᠢ ᠶᠢᠨ ᠪᠦᠯᠭᠦᠮ ᠲᠣᠮᠢᠯᠠᠵᠤ ᠸᠢᠶᠧᠳ᠋ᠨᠠᠮ ᠤᠨ ᠠᠷᠠᠳ | ᠲᠦᠮᠡᠨ ᠤ ᠹᠷᠠᠨᠼᠢ ᠶᠢ ᠡᠰᠡᠷᠭᠦᠴᠡᠬᠦ ᠲᠡᠮᠡᠴᠡᠯ ᠢ ᠳᠡᠮᠵᠢᠵᠦ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ | ᠪᠣᠯᠣᠨ ᠠᠷᠠᠳ ᠲᠦᠮᠡᠨ ᠸᠢᠶᠧᠳ᠋ᠨᠠᠮ ᠤᠨ ᠠᠮᠧᠷᠢᠺᠠ ᠶᠢ ᠡᠰᠡᠷᠭᠦᠴᠡᠵᠦ ᠤᠯᠤᠰ ᠢᠶᠠᠨ ᠠᠪᠤᠷᠠᠬᠤ ᠰᠢᠳᠤᠷᠭᠤ ᠶᠣᠰᠣᠨ ᠤ | ᠦᠢᠯᠡᠰ ᠢ ᠪᠦᠭᠦ ᠬᠦᠴᠦ ᠪᠠᠷ ᠢᠶᠠᠨ ᠳᠡᠮᠵᠢᠪᠡ᠃ ︽ᠸᠢᠶᠧᠳ᠋ᠨᠠᠮ ᠳᠤᠮᠳᠠᠳᠤ ᠶᠢᠨ ᠨᠥᠬᠦᠷᠯᠡᠯ ᠭᠦᠨ ᠵᠤᠵᠠᠭᠠᠨ᠂ | ᠨᠥᠬᠦᠷ ᠪᠥᠭᠡᠳ ᠠᠬ᠎ᠠ ᠳᠡᠭᠦᠦ︾ ᠨᠢ ᠥᠨᠢᠳᠡ ᠪᠠᠯᠠᠷᠠᠰᠢ ᠦᠭᠡᠢ ᠬᠤᠪᠢᠰᠬᠠᠯ ᠤᠨ ᠳᠤᠷᠠᠰᠤᠮᠵᠢ ᠪᠣᠯᠪᠠ᠃ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ ᠤᠯᠤᠰ | ᠲᠦᠷᠦ ᠶᠢᠨ ᠢᠲᠡᠭᠡᠯᠴᠡᠭᠡ ᠠᠴᠠ ᠡᠭᠦᠰᠦᠯ ᠲᠠᠢ᠃ ᠣᠶᠢᠷ᠎ᠠ ᠶᠢᠨ ᠵᠢᠯ ᠤᠨ ᠲᠤᠷᠰᠢ ᠪᠢ ᠷᠤᠸᠠᠨ ᠹᠦ᠋ ᠵᠦᠩ ᠶᠡᠷᠦᠩᠬᠡᠢ | ᠱᠦᠵᠢ᠂ ᠰᠦ᠋ ᠯᠢᠨ ᠶᠡᠷᠦᠩᠬᠡᠢ ᠱᠦᠵᠢ ᠵᠡᠷᠭᠡ ᠸᠢᠶᠧᠳ᠋ᠨᠠᠮ ᠤᠨ ᠤᠳᠤᠷᠢᠳᠬᠤ ᠬᠥᠮᠥᠰ ᠲᠠᠢ ᠤᠯᠠᠨ ᠤᠳᠠᠭ᠎ᠠ | ᠬᠠᠷᠢᠯᠴᠠᠨ ᠠᠶᠢᠯᠴᠢᠯᠠᠵᠤ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠳᠤ ᠴᠢᠭᠯᠡᠯ ᠢ ᠲᠣᠭᠲᠠᠭᠠᠨ ᠵᠠᠯᠠᠭᠤᠷ ᠢ ᠡᠵᠡᠮᠳᠡᠵᠦ ᠥᠭᠴᠡᠢ᠃ ᠬᠤᠶᠠᠷ ᠨᠠᠮ ᠬᠤᠶᠠᠷ ᠤᠯᠤᠰ ᠤᠨ | ᠳᠡᠭᠡᠳᠦ ᠳᠠᠪᠬᠤᠷᠭ᠎ᠠ ᠶᠢᠨ ᠬᠢᠨ ᠬᠠᠷᠢᠯᠴᠠᠨ ᠨᠢᠭᠲᠠ ᠬᠥᠳᠡᠯᠦᠯᠴᠡᠵᠦ᠂ ᠳᠤᠮᠳᠠᠳᠤ ᠸᠢᠶᠧᠳ᠋ᠨᠠᠮ ᠤᠨ ᠬᠤᠶᠠᠷ ᠲᠠᠯ᠎ᠠ ᠶᠢᠨ | ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ | ᠬᠢᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠥᠭᠦᠷᠰᠡᠭ ᠰᠣᠯᠢᠯᠴᠠᠭ᠎ᠠ᠂ ᠬᠤᠶᠠᠷ ᠤᠯᠤᠰ ᠤᠨ | ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠯᠴᠠᠵᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ | ᠲᠣᠭᠲᠠᠴᠠ ᠪᠦᠲᠦᠮᠵᠢᠲᠡᠢ ᠠᠵᠢᠯᠯᠠᠵᠤ᠂ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠶᠢᠨ ᠬᠤᠯᠪᠣᠭᠠᠲᠤ | ᠵᠥᠪᠯᠡᠯ ᠵᠡᠷᠭᠡ ᠳᠡᠭᠡᠳᠦ ᠲᠡᠰ ᠤᠨ ᠲᠣᠭᠲᠠᠴᠠ ᠪᠠᠶᠢᠭᠤᠯᠤᠭᠳᠠᠵᠤ᠂ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ᠂ | ᠤᠯᠤᠰ ᠤᠨ ᠪᠠᠲᠤᠯᠠᠨ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ︽3 + 3︾ ᠪᠠᠶᠢᠯᠳᠤᠬᠤ ᠪᠣᠳᠣᠯᠭ᠎ᠠ ᠶᠢᠨ | ᠶᠠᠷᠢᠯᠴᠠᠭ᠎ᠠ ᠠᠮᠵᠢᠯᠲᠠ ᠲᠠᠢ ᠶᠠᠪᠤᠭᠳᠠᠪᠠ᠃ ᠳᠡᠯᠡᠬᠡᠢ ᠶᠢᠨ ᠪᠠ ᠭᠠᠵᠠᠷ ᠣᠷᠣᠨ ᠤ ᠮᠠᠰᠢ ᠤᠯᠠᠨ ᠠᠰᠠᠭᠤᠳᠠᠯ ᠳᠡᠭᠡᠷ᠎ᠡ | ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠵᠣᠭᠰᠣᠯᠲᠠ ᠠᠳᠠᠯᠢᠪᠲᠤᠷ᠂ ᠬᠠᠮᠵᠢᠯᠴᠠᠭ᠎ᠠ ᠨᠢᠭᠲᠠ ᠪᠠᠶᠢᠳᠠᠭ᠃ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠭᠦᠨ ᠵᠤᠵᠠᠭᠠᠨ | ᠬᠠᠮᠲᠤᠷᠠᠯᠴᠠᠭᠠᠨ ᠤ ᠰᠢᠮᠡᠲᠦ ᠬᠥᠷᠥᠰᠥᠨ ᠳᠤ ᠦᠨᠳᠦᠰᠦᠯᠡᠭᠰᠡᠨ ᠶᠤᠮ᠃ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ | ᠬᠦᠴᠦᠨ ᠮᠡᠬᠦᠰᠳᠡᠵᠦ ᠪᠠᠶᠢᠭ᠎ᠠ ᠠᠬᠤᠢ ᠪᠠᠶᠢᠳᠠᠯ ᠳᠣᠣᠷ᠎ᠠ ᠳᠤᠮᠳᠠᠳᠤ ᠸᠢᠶᠧᠳ᠋ᠨᠠᠮ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠨᠠᠩ ᠨᠢᠭᠲᠠ ᠪᠣᠯᠪᠠ᠃ ᠳᠤᠮᠳᠠᠳᠤ ᠤᠯᠤᠰ 20 ᠭᠠᠷᠤᠢ ᠵᠢᠯ | ᠳᠠᠷᠠᠭᠠᠯᠠᠨ ᠸᠢᠶᠧᠳ᠋ᠨᠠᠮ ᠤᠨ ᠨᠢᠭᠡᠳᠦᠭᠡᠷ ᠲᠣᠮᠣ ᠠᠷᠠᠯᠵᠢᠶᠠᠨ ᠤ ᠬᠠᠨᠢᠲᠠᠨ ᠪᠣᠯᠵᠤ᠂ 2024 ᠣᠨ ᠳᠤ ᠳᠤᠮᠳᠠᠳᠤ | ᠸᠢᠶᠧᠳ᠋ᠨᠠᠮ ᠤᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2600 ᠳ᠋ᠦᠩᠰᠢᠭᠤᠷ ᠳ᠋ᠣᠯᠯᠠᠷ ᠢ ᠳᠠᠪᠠᠵᠠᠢ᠃ ᠳ᠋ᠦᠷᠢᠦ᠂ | ᠨᠠᠷᠭᠢᠯ ᠵᠡᠷᠭᠡ ᠸᠢᠶᠧᠳ᠋ᠨᠠᠮ ᠤᠨ ᠨᠡᠩ ᠤᠯᠠᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ | ᠲᠦᠭ ᠲᠦᠮᠡᠨ ᠠᠶᠢᠯ ᠡᠷᠦᠭᠡ ᠳᠤ ᠣᠷᠣᠪᠠ᠃ ᠬᠤᠶᠠᠷ ᠤᠯᠤᠰ ᠤᠨ ᠲᠡᠮᠦᠷ ᠵᠠᠮ ᠤᠨ ᠬᠤᠯᠪᠣᠯᠳᠤᠨ ᠨᠡᠪᠲᠡᠷᠡᠯᠴᠡᠬᠦ ᠪᠠ | ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠡᠮᠬᠢ ᠵᠢᠷᠤᠮ ᠲᠠᠢ ᠠᠬᠢᠵᠤ᠂ ᠭᠡᠷᠡᠯᠴᠢ ᠴᠡᠨᠡᠭ᠂ ᠬᠤᠭ | ᠨᠣᠪᠰᠢ ᠪᠠᠷ ᠴᠠᠭᠢᠯᠭᠠᠨ ᠭᠠᠷᠭᠠᠬᠤ ᠵᠡᠷᠭᠡ ᠴᠡᠪᠡᠷ ᠡᠨᠧᠷᠭᠢ ᠶᠢᠨ ᠲᠥᠷᠥᠯ ᠵᠦᠢᠯ ᠨᠢ ᠸᠢᠶᠧᠳ᠋ᠨᠠᠮ ᠤᠨ ᠴᠠᠭᠢᠯᠭᠠᠨ | ᠬᠦᠴᠦᠨ ᠤ ᠬᠠᠩᠭᠠᠯᠭ᠎ᠠ ᠶᠢ ᠬᠦᠴᠦᠲᠡᠢ ᠪᠠᠲᠤᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠳᠠᠭᠠᠭᠠᠴᠢᠯᠠᠨ | ᠪᠠᠶᠢᠭᠤᠯᠤᠭᠰᠠᠨ ᠬᠠᠨᠤᠢ ᠶᠢᠨ ᠬᠥᠩᠭᠡᠨ ᠵᠢᠮᠲᠦ ᠲᠡᠮᠦᠷ ᠵᠠᠮ ᠤᠨ 2 ᠳ᠋ᠤᠭᠠᠷ ᠱᠤᠭᠤᠮ ᠨᠢ ᠬᠤᠲᠠ ᠶᠢᠨ ᠠᠷᠠᠳ ᠤᠨ | ᠡᠳᠦᠷ ᠲᠤᠲᠤᠮ ᠤᠨ ᠶᠠᠪᠤᠵᠤ ᠰᠠᠭᠤᠬᠤ ᠳᠤ ᠲᠥᠭᠦᠮ ᠦᠵᠡᠭᠦᠯᠪᠡ᠃ ᠳᠤᠮᠳᠠᠳᠤ ᠸᠢᠶᠧᠳ᠋ᠨᠠᠮ ᠬᠤᠶᠠᠷ ᠤᠯᠤᠰ | ᠬᠠᠷᠢᠯᠴᠠᠨ ᠠᠮᠵᠢᠯᠲᠠ ᠣᠯᠵᠤ᠂ ᠬᠠᠮᠲᠤ ᠪᠠᠷ ᠬᠥᠭᠵᠢᠵᠦ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢᠨ ᠤᠳᠬ᠎ᠠ ᠠᠭᠤᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ᠃ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠨᠢ ᠰᠣᠶᠣᠯ ᠢᠷᠭᠡᠨᠰᠢᠯ ᠤᠨ ᠨᠢᠭᠲᠠ | ᠰᠣᠯᠢᠯᠴᠠᠭ᠎ᠠ ᠪᠠᠷ ᠠᠭᠢᠭᠤᠯᠤᠬᠳᠠᠪᠠ᠃ ᠡᠳᠡᠭᠡᠷ ᠵᠢᠯ ᠤᠳ ᠲᠤ ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ | ᠰᠣᠯᠢᠯᠴᠠᠭ᠎ᠠ ᠶᠠᠪᠤᠬᠤ ᠳᠤᠳᠤᠮ ᠨᠢᠭᠲᠠᠷᠠᠨ ᠥᠷᠭᠡᠵᠢᠵᠦ᠂ ᠬᠤᠶᠠᠷ ᠤᠯᠤᠰ ᠤᠨ ᠠᠷᠠᠳ ᠲᠦᠮᠡᠨ ᠶᠠᠪᠤᠬᠤ ᠳᠤᠳᠤᠮ | ᠳᠣᠲᠣᠨᠣ ᠪᠣᠯᠪᠠ᠃ 2024 ᠣᠨ ᠳᠤ ᠳᠤᠮᠳᠠᠳᠤ ᠤᠯᠤᠰ ᠤᠨ ᠸᠢᠶᠧᠳ᠋ᠨᠠᠮ ᠳᠤ ᠬᠦᠷᠴᠦ ᠵᠢᠭᠤᠯᠴᠢᠯᠠᠬᠰᠠᠳ 370 | ᠲᠦᠮᠡᠨ ᠬᠥᠮᠥᠨ ᠤᠳᠠᠭ᠎ᠠ ᠶᠢ ᠳᠠᠪᠠᠵᠤ᠂ ᠳ᠋ᠧ ᠲᠢᠶᠠᠨ ︵ ᠪᠠᠨ ᠶᠤᠸᠠᠢ︶ ᠬᠦᠷᠬᠢᠷ᠎ᠡ ᠶᠢᠨ ᠬᠢᠯᠢ ᠠᠯᠤᠰᠯᠠᠭᠰᠠᠨ | ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠵᠢᠩᠬᠢᠨᠢ ᠪᠠᠷ ᠡᠵᠡᠩᠨᠡᠯᠲᠡ ᠪᠠᠨ ᠡᠬᠢᠯᠡᠭᠦᠯᠵᠦ᠂ ᠬᠢᠯᠢ ᠠᠯᠤᠰᠯᠠᠭᠰᠠᠨ | ᠬᠤᠪᠢ ᠶᠢᠨ ᠮᠠᠰᠢᠨ ᠲᠡᠷᠭᠡ ᠪᠠᠨ ᠵᠢᠯᠤᠭᠤᠳᠴᠤ ᠵᠢᠭᠤᠯᠴᠢᠯᠠᠬᠤ ᠣᠯᠠᠨ ᠵᠠᠮ ᠱᠤᠭᠤᠮ ᠨᠡᠪᠲᠡᠷᠡᠵᠦ᠂ ︽ᠨᠢᠭᠡ ᠡᠳᠦᠷ | ᠬᠤᠶᠠᠷ ᠤᠯᠤᠰ ᠲᠤ ᠵᠢᠭᠤᠯᠴᠢᠯᠠᠬᠤ︾ ᠨᠢ ᠪᠣᠳᠠᠲᠤ ᠠᠬᠤᠢ ᠪᠣᠯᠵᠤ ᠪᠡᠶᠡᠯᠡᠭᠳᠡᠪᠡ᠃ ᠳᠤᠮᠳᠠᠳᠤ ᠤᠯᠤᠰ ᠤᠨ ᠺᠢᠨᠣ᠋ | ᠲᠧᠯᠸᠢᠰ ᠤᠨ ᠪᠦᠲᠦᠭᠡᠯ᠂ ᠡᠯᠧᠺᠳ᠋ᠷᠣᠨ ᠲᠣᠭᠯᠠᠭᠠᠮ ᠨᠢ ᠸᠢᠶᠧᠳ᠋ᠨᠠᠮ ᠤᠨ ᠵᠠᠯᠠᠭᠤᠴᠤᠳ ᠤᠨ ᠬᠠᠯᠠᠮᠰᠢᠯ ᠶᠠᠷᠢᠶᠠᠨ ᠤ | ᠰᠡᠳᠦᠪ ᠪᠣᠯᠵᠤ᠂ ᠸᠢᠶᠧᠳ᠋ᠨᠠᠮ ᠤᠨ ︽ᠬᠢᠲᠠᠳ ᠬᠡᠯᠡᠨ ᠤ ᠬᠠᠯᠠᠮᠰᠢᠯ︾ ᠢ ᠲᠠᠰᠤᠷᠠᠯᠲᠠ ᠦᠭᠡᠢ ᠳᠠᠶᠢᠴᠢᠯᠠᠪᠠ᠃ | ᠸᠢᠶᠧᠳ᠋ᠨᠠᠮ ᠤᠨ ᠴᠥᠭᠡᠨ ᠪᠤᠰᠤ ᠳᠠᠭᠤᠤ ᠬᠥᠭᠵᠢᠮ ᠨᠢ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠳᠤ ᠬᠠᠯᠠᠮᠰᠢᠯ | ᠮᠡᠳᠡᠭᠡ ᠪᠣᠯᠵᠤ᠂ ᠾᠤᠹᠧᠨ ᠵᠡᠷᠭᠡ ᠸᠢᠶᠧᠳ᠋ᠨᠠᠮ ᠤᠨ ᠠᠮᠲᠠᠲᠤ ᠢᠳᠡᠭᠡᠨ ᠨᠢ ᠴᠥᠭᠡᠨ ᠪᠤᠰᠤ ᠳᠤᠮᠳᠠᠳᠤ ᠤᠯᠤᠰ ᠤᠨ | ᠠᠷᠠᠳ ᠤᠯᠠᠨ ᠳᠤ ᠲᠠᠭᠠᠰᠢᠶᠠᠭᠳᠠᠪᠠ᠃ | ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ | ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠶᠠᠪᠤᠭᠳᠠᠵᠤ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ | ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠲᠣᠯᠣᠭᠠᠢ | ᠥᠨᠳᠡᠶᠢᠵᠦ ᠪᠠᠶᠢᠭ᠎ᠠ ᠪᠠᠶᠢᠳᠠᠯ ᠳᠣᠣᠷ᠎ᠠ ᠳᠤᠮᠳᠠᠳᠤ ᠤᠯᠤᠰ ᠤᠨ ᠠᠵᠤ ᠠᠬᠤᠢ ᠬᠦᠴᠢᠷ ᠢ ᠰᠥᠷᠦᠨ ᠤᠷᠤᠭᠰᠢᠯᠠᠵᠤ᠂ | 2024 ᠣᠨ ᠳᠤ 5% ᠶᠢᠨ ᠨᠡᠮᠡᠭᠳᠡᠯ ᠢ ᠪᠡᠶᠡᠯᠡᠭᠦᠯᠵᠦ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠬᠤᠪᠢ | ᠨᠡᠮᠡᠷᠢ ᠦᠵᠡᠭᠦᠯᠦᠭᠰᠡᠨ ᠨᠤᠷᠮ᠎ᠠ 30% ᠣᠷᠴᠢᠮ ᠪᠠᠶᠢᠬᠤ ᠶᠢ ᠪᠠᠲᠤᠯᠠᠵᠤ᠂ ᠦᠷᠭᠦᠯᠵᠢᠯᠡᠨ ᠳᠡᠯᠡᠬᠡᠢ ᠶᠢᠨ ᠠᠵᠤ | ᠠᠬᠤᠢ ᠶᠢᠨ ᠴᠢᠬᠤᠯᠠ ᠬᠥᠳᠡᠯᠭᠡᠭᠦᠷ ᠪᠣᠯᠪᠠ᠃ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠠᠵᠤ ᠦᠢᠯᠡᠰ᠂ | ᠵᠣᠬᠢᠶᠠᠮᠠᠯ ᠣᠶᠤᠨ ᠴᠢᠳᠠᠪᠤᠷᠢ ᠪᠠ ᠺᠠᠷᠲ᠋ᠣᠨ ᠺᠢᠨᠣ᠋ ᠲᠧᠯᠸᠢᠰ ᠪᠦᠭᠦ ᠳᠡᠯᠡᠬᠡᠢ ᠶᠢᠨ ᠠᠩᠬᠠᠷᠤᠯ ᠢ ᠲᠠᠲᠠᠪᠠ᠃ ᠳᠤᠮᠳᠠᠳᠤ | ᠤᠯᠤᠰ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠳᠡᠯᠡᠬᠡᠢ ᠳ᠋ᠠᠬᠢᠨ ᠳᠤ ᠨᠡᠩ ᠤᠯᠠᠨ ᠠᠵᠠ ᠲᠣᠭᠢᠶᠠᠯ | ᠬᠠᠩᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠴᠢᠨᠠᠷ ᠰᠠᠶᠢᠲᠠᠢ ᠬᠥᠭᠵᠢᠯᠲᠡ ᠪᠠᠷ ᠡᠯ᠎ᠡ ᠤᠯᠤᠰ ᠤᠨ ᠬᠠᠮᠲᠤ ᠶᠢᠨ | ᠬᠥᠭᠵᠢᠯᠲᠡ ᠶᠢ ᠠᠬᠢᠭᠤᠯᠤᠨ᠎ᠠ᠃ | ᠠᠽᠢᠶ᠎ᠠ ᠲᠢᠪ ᠪᠣᠯ ᠪᠦᠭᠦ ᠪᠥᠮᠪᠥᠷᠴᠡᠭ ᠤᠨ ᠬᠠᠮᠲᠤᠷᠠᠯᠴᠠᠨ ᠬᠥᠭᠵᠢᠬᠦ ᠥᠨᠳᠦᠷᠯᠢᠭ ᠮᠥᠨ᠂ ᠶᠠᠭ ᠪᠦᠬᠦᠯᠢ | ᠴᠣᠭᠴᠠ ᠶᠢᠨ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠤᠷᠢᠳ ᠡᠮᠦᠨ᠎ᠡ ᠪᠠᠶᠢᠭ᠎ᠠ | ᠦᠭᠡᠢ ᠠᠵᠠ ᠲᠣᠭᠢᠶᠠᠯ ᠪᠠ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠳᠤᠮᠳᠠᠳᠤ ᠤᠯᠤᠰ ᠬᠥᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ | ᠴᠢᠨᠠᠷ ᠢ ᠪᠠᠲᠤᠯᠠᠵᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ | ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ | ᠴᠢᠭᠯᠡᠯᠲᠡ ᠶᠢ ᠪᠠᠷᠢᠮᠲᠠᠯᠠᠨ᠂ ᠬᠥᠷᠰᠢ ᠵᠡᠷᠭᠡᠯᠡᠳᠡᠭᠡ ᠶᠢᠨ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠤᠨ᠎ᠠ᠃ | ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠵᠤ ᠪᠠᠶᠢᠨ᠎ᠠ᠃ ᠸᠢᠶᠧᠳ᠋ᠨᠠᠮ ᠤᠳᠠᠯ ᠦᠭᠡᠢ ᠦᠨᠳᠦᠰᠦᠲᠡᠨ ᠤ ᠬᠥᠭᠵᠢᠯᠲᠡ ᠶᠢᠨ ᠰᠢᠨ᠎ᠡ ᠡᠷᠡᠨ ᠢ ᠡᠬᠢᠯᠡᠭᠦᠯᠵᠦ᠂ | ᠨᠠᠮ ᠪᠠᠶᠢᠭᠤᠯᠤᠭᠳᠠᠭᠰᠠᠨ ᠤᠯᠤᠰ ᠪᠠᠶᠢᠭᠤᠯᠤᠭᠳᠠᠭᠰᠠᠨ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠶᠢᠰᠢ | ᠤᠷᠤᠭᠰᠢᠯᠠᠬᠤ ᠪᠣᠯᠣᠨ᠎ᠠ᠃ ᠳᠤᠮᠳᠠᠳᠤ ᠤᠯᠤᠰ ᠸᠢᠶᠧᠳ᠋ᠨᠠᠮ ᠢ ᠢᠮᠠᠭᠲᠠ ᠬᠥᠷᠰᠢ ᠵᠡᠷᠭᠡᠯᠡᠳᠡᠭᠡ ᠶᠢᠨ ᠭᠠᠳᠠᠭᠠᠳᠤ | ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠭᠰᠡᠭᠡᠷ ᠢᠷᠡᠵᠠᠢ᠃ ᠪᠢᠳᠡ ᠳᠤᠮᠳᠠᠳᠤ ᠸᠢᠶᠧᠳ᠋ᠨᠠᠮ ᠤᠨ | ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠠᠽᠢᠶ᠎ᠠ | ᠲᠢᠪ ᠴᠢᠨᠠᠭᠰᠢᠯᠠᠪᠠᠯ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠ ᠬᠥᠭᠵᠢᠯ ᠴᠡᠴᠡᠭᠯᠡᠯ ᠳᠤ ᠢᠳᠡᠪᠬᠢᠲᠡᠢ ᠬᠤᠪᠢ | ᠨᠡᠮᠡᠷᠢ ᠦᠵᠡᠭᠦᠯᠦᠶ᠎ᠡ᠃ | — ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠦᠢᠯᠡᠰ ᠤᠨ | ᠬᠥᠭᠵᠢᠨ ᠪᠤᠵᠠᠭᠠᠶᠢᠷᠠᠬᠤ ᠶᠢ ᠠᠬᠢᠭᠤᠯᠤᠶ᠎ᠠ᠃ ᠳᠡᠭᠡᠳᠦ ᠳᠠᠪᠬᠤᠷᠭ᠎ᠠ ᠠᠴᠠ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ | ᠳᠤᠮᠳᠠᠳᠤ ᠸᠢᠶᠧᠳ᠋ᠨᠠᠮ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠵᠢᠯᠤᠭᠤᠳᠬᠤ ᠵᠥᠪᠯᠡᠯ ᠤᠨ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠬᠤᠭᠤᠷᠣᠨᠳᠣᠭᠢ᠂ ᠵᠠᠰᠠᠭ ᠤᠨ ᠣᠷᠳᠣᠨ᠂ | ᠴᠡᠷᠢᠭ ᠠᠩᠭᠢ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠵᠡᠷᠭᠡ ᠠᠵᠢᠯ ᠲᠥᠷᠥᠯ ᠵᠣᠬᠢᠴᠠᠯᠳᠤᠭᠰᠠᠨ ᠰᠠᠯᠠᠭ᠎ᠠ | ᠮᠥᠴᠢᠷ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠳᠠᠭᠠᠳᠤ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ | ᠬᠤᠯᠪᠣᠨ ᠠᠷᠭᠠᠴᠠᠭᠠᠵᠤ᠂ ᠤᠯᠤᠰ ᠲᠥᠷᠥ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ | ᠳᠤᠷᠠᠲᠠᠶ᠎ᠠ ᠸᠢᠶᠧᠳ᠋ᠨᠠᠮ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ | ᠭᠦᠨᠵᠡᠭᠡᠶᠢᠷᠡᠭᠦᠯᠵᠦ᠂ ᠨᠡᠶᠢᠭᠡᠮ ᠵᠢᠷᠤᠮ ᠤᠨ ᠤᠨᠤᠯ ᠪᠠ ᠦᠢᠯᠡᠳᠦᠯᠭᠡ ᠶᠢ ᠬᠠᠮᠲᠤ ᠪᠠᠷ ᠰᠦᠪᠡᠭᠴᠢᠯᠡᠨ | ᠪᠠᠶᠠᠯᠢᠭᠵᠢᠭᠤᠯᠵᠤ᠂ ᠬᠤᠶᠠᠷ ᠤᠯᠤᠰ ᠤᠨ ᠨᠡᠶᠢᠭᠡᠮ ᠵᠢᠷᠤᠮ ᠤᠨ ᠦᠢᠯᠡᠰ ᠤᠨ ᠲᠣᠭᠲᠠᠭᠤᠨ ᠢᠶᠠᠷ ᠬᠤᠯᠠ ᠠᠶᠠᠯᠠᠬᠤ ᠶᠢ | ᠠᠬᠢᠭᠤᠯᠤᠨ᠎ᠠ᠃ | — ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠬᠤᠶᠠᠷ ᠤᠯᠤᠰ ᠤᠨ ᠠᠷᠠᠳ ᠲᠦᠮᠡᠨ ᠤ | ᠠᠵᠠ ᠵᠢᠷᠭᠠᠯ ᠢ ᠨᠡᠮᠡᠭᠳᠡᠭᠦᠯᠦᠶ᠎ᠡ᠃ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠬᠢᠭᠡᠳ ︽ᠬᠤᠶᠠᠷ ᠬᠤᠩᠭᠢᠯ ᠨᠢᠭᠡ ᠲᠣᠭᠤᠷᠢᠭ︾ ᠤᠨ ᠪᠣᠷᠣ ᠲᠥᠯᠥᠪ ᠢ ᠵᠣᠯᠭᠠᠭᠤᠯᠬᠤ | ᠲᠤᠬᠠᠢ ᠬᠠᠮᠲᠤᠷᠠᠯᠴᠠᠭᠠᠨ ᠤ ᠲᠥᠯᠦᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠨᠡᠩ ᠤᠯᠠᠨ ᠠᠵᠤ ᠠᠬᠤᠢ᠂ | ᠮᠡᠷᠭᠡᠵᠢᠯ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠶ᠎ᠠ᠃ ᠳᠤᠮᠳᠠᠳᠤ ᠤᠯᠤᠰ ᠳᠤᠷᠠᠲᠠᠶ᠎ᠠ | ᠸᠢᠶᠧᠳ᠋ᠨᠠᠮ ᠤᠨ ᠬᠢᠨ ᠲᠠᠢ ᠸᠢᠶᠧᠳ᠋ᠨᠠᠮ ᠤᠨ ᠤᠮᠠᠷᠠᠲᠤ ᠬᠡᠰᠡᠭ ᠤᠨ ᠪᠠᠷᠢᠮᠵᠢᠶᠠᠲᠤ ᠵᠢᠮᠲᠦ ᠲᠡᠮᠦᠷ ᠵᠠᠮ ᠤᠨ 3 ᠲᠦᠷᠦᠯ | ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠣᠶᠤᠨᠲᠤ ᠬᠢᠯᠢ ᠶᠢᠨ ᠪᠣᠭᠤᠮᠲᠠ ᠶᠢ ᠪᠠᠶᠢᠭᠤᠯᠤᠨ᠎ᠠ᠃ ᠳᠤᠮᠳᠠᠳᠤ | ᠤᠯᠤᠰ ᠸᠢᠶᠧᠳ᠋ᠨᠠᠮ ᠤᠨ ᠨᠡᠩ ᠤᠯᠠᠨ ᠴᠢᠨᠠᠷ ᠰᠠᠶᠢᠲᠠᠢ ᠲᠠᠸᠠᠷ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠵᠤ | ᠢᠷᠡᠬᠦ ᠶᠢ ᠪᠠᠶᠠᠷᠯᠠᠨ ᠤᠭᠲᠤᠵᠤ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠸᠢᠶᠧᠳ᠋ᠨᠠᠮ ᠳᠤ | ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ 5G᠂ | ᠵᠣᠬᠢᠶᠠᠮᠠᠯ ᠤᠶᠤᠨ ᠴᠢᠳᠠᠪᠤᠷᠢ᠂ ᠪᠣᠬᠢᠷᠳᠤᠯ ᠦᠭᠡᠢ ᠬᠥᠭᠵᠢᠯᠲᠡ ᠵᠡᠷᠭᠡ ᠰᠢᠨ᠎ᠡ ᠪᠠᠷ ᠮᠠᠨᠳᠤᠭᠰᠠᠨ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠲᠤᠷ ᠪᠤᠶᠠᠨ | ᠦᠢᠯᠡᠳᠦᠶ᠎ᠡ᠃ | — ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠠᠷᠠᠳ ᠤᠨ ᠰᠡᠳᠬᠢᠯ ᠢ ᠨᠡᠪᠲᠡᠷᠡᠭᠦᠯᠬᠦ | ᠬᠤᠯᠪᠣᠭᠠᠰᠤ ᠶᠢ ᠴᠢᠩᠭᠠᠯᠠᠶ᠎ᠠ᠃ ᠡᠨᠡ ᠵᠢᠯ ︽ᠳᠤᠮᠳᠠᠳᠤ ᠸᠢᠶᠧᠳ᠋ᠨᠠᠮ ᠤᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠣᠨ︾ ᠢ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠡᠯᠪᠡᠭ ᠪᠠᠶᠠᠯᠢᠭ ᠤᠯᠠᠨ ᠡᠰᠢᠲᠦ ᠰᠣᠶᠣᠯ ᠢᠷᠭᠡᠨᠰᠢᠯ ᠤᠨ | ᠰᠣᠯᠢᠯᠴᠠᠭ᠎ᠠ ᠶᠢ ᠥᠷᠨᠢᠭᠦᠯᠦᠶ᠎ᠡ᠃ ᠳᠤᠮᠳᠠᠳᠤ ᠤᠯᠤᠰ ᠸᠢᠶᠧᠳ᠋ᠨᠠᠮ ᠤᠨ ᠠᠷᠠᠳ ᠤᠯᠠᠨ ᠤ ᠳᠤᠮᠳᠠᠳᠤ ᠤᠯᠤᠰ ᠤᠨ ᠡᠯ᠎ᠡ | ᠭᠠᠵᠠᠷ ᠢᠶᠠᠷ ᠢᠯᠡᠭᠦᠬᠡᠨ ᠬᠦᠷᠴᠦ ︽ᠠᠶᠢᠯᠴᠢᠯᠠᠬᠤ︾ ᠶᠢ ᠪᠠᠶᠠᠷᠯᠠᠨ ᠤᠭᠲᠤᠵᠤ ᠪᠠᠶᠢᠬᠤ ᠪᠥᠭᠡᠳ ᠳᠤᠮᠳᠠᠳᠤ | ᠤᠯᠤᠰ ᠤᠨ ᠵᠢᠭᠤᠯᠴᠢᠯᠠᠬᠰᠡᠳ ᠤᠨ ᠸᠢᠶᠧᠳ᠋ᠨᠠᠮ ᠤᠨ ᠠᠯᠳᠠᠷᠲᠤ ᠦᠵᠡᠮᠵᠢ ᠶᠢᠨ ᠣᠷᠣᠨ ᠳᠤ ᠬᠦᠷᠴᠦ ︽ᠺᠠᠷᠳ᠋ᠯᠠᠨ | ᠵᠢᠭᠤᠯᠴᠢᠯᠠᠬᠤ︾ ᠶᠢ ᠵᠣᠷᠢᠭᠵᠢᠭᠤᠯᠤᠨ᠎ᠠ᠃ ᠳᠤᠮᠳᠠᠳᠤ ᠸᠢᠶᠧᠳ᠋ᠨᠠᠮ ᠤᠨ ᠵᠠᠯᠠᠭᠤᠴᠤᠳ ᠤᠨ ᠨᠥᠭᠦᠷᠰᠡᠭ ᠠᠭᠤᠯᠵᠠᠯᠲᠠ᠂ | ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠬᠠᠶᠢᠷ᠎ᠠ ᠰᠡᠳᠬᠢᠯᠭᠡ ᠲᠠᠢ᠂ ᠤᠯᠠᠨ ᠲᠦᠮᠡᠨ ᠲᠠᠢ | ᠣᠶᠢᠷᠠᠲᠤᠭᠰᠠᠨ᠂ ᠠᠷᠠᠳ ᠤᠨ ᠰᠡᠳᠬᠢᠯ ᠢ ᠨᠢᠭᠲᠠᠷᠠᠭᠤᠯᠤᠭᠰᠠᠨ ᠰᠣᠶᠣᠯ ᠢᠷᠭᠡᠨᠰᠢᠯ ᠤᠨ ᠰᠣᠯᠢᠯᠴᠠᠭᠠᠨ ᠤ | ᠠᠵᠢᠯᠯᠠᠭ᠎ᠠ ᠶᠢ ᠬᠠᠮᠲᠤ ᠪᠠᠷ ᠰᠠᠶᠢᠲᠤᠷ ᠬᠢᠵᠦ᠂ ᠬᠤᠪᠢᠰᠬᠠᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠬᠤᠶᠠᠷ | ᠤᠯᠤᠰ ᠤᠨ ᠠᠷᠠᠳ ᠲᠦᠮᠡᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠸᠢᠶᠧᠳ᠋ᠨᠠᠮ ᠤᠨ | ᠨᠥᠬᠦᠷᠯᠡᠯ ᠤᠨ ᠪᠤᠤᠬᠢᠶ᠎ᠠ ᠶᠢ ᠦᠶ᠎ᠡ ᠶᠢᠨ ᠦᠶ᠎ᠡ ᠳᠤ ᠳᠠᠮᠵᠢᠭᠤᠯᠤᠶ᠎ᠠ᠃ | — ᠣᠯᠠᠨ ᠲᠠᠯ᠎ᠠ ᠶᠢᠨ ᠬᠠᠮᠵᠢᠯᠴᠠᠭ᠎ᠠ ᠶᠢ ᠨᠢᠭᠲᠠᠷᠠᠭᠤᠯᠵᠤ᠂ ᠠᠽᠢᠶ᠎ᠠ ᠲᠢᠪ ᠤᠨ ᠴᠡᠴᠡᠭᠯᠡᠯ ᠬᠥᠭᠵᠢᠯ ᠢ | ᠠᠬᠢᠭᠤᠯᠤᠶ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ | ᠳᠡᠯᠡᠬᠡᠢ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠤᠯᠬᠤ ᠪᠥᠭᠡᠳ ᠪᠠᠰᠠ ᠴᠤ | ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠪᠣᠯᠣᠨ ᠤᠯᠠᠨ | ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠡᠷᠬᠡ ᠲᠡᠭᠰᠢ ᠡᠮᠬᠢ | ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠳᠠ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ | ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠶ᠎ᠠ᠃ ᠠᠷᠠᠯᠵᠢᠶᠠᠨ ᠤ ᠲᠡᠶᠢᠨ᠂ | ᠪᠣᠭᠤᠮᠲᠠ ᠶᠢᠨ ᠭᠠᠶᠢᠯᠢ ᠶᠢᠨ ᠲᠡᠶᠢᠨ ᠳᠤ ᠢᠯᠠᠭᠴᠢ ᠦᠭᠡᠢ᠂ ᠬᠠᠮᠠᠭᠠᠯᠠᠬᠤ ᠦᠵᠡᠯ ᠳᠤ ᠭᠠᠷᠬᠤ ᠵᠠᠮ ᠦᠭᠡᠢ᠃ ᠤᠯᠠᠨ | ᠲᠠᠯᠠᠲᠤ ᠠᠷᠠᠯᠵᠢᠶᠠᠨ ᠤ ᠪᠠᠶᠢᠭᠤᠯᠤᠯ ᠢ ᠡᠷᠡᠰ ᠬᠠᠮᠠᠭᠠᠯᠠᠵᠤ᠂ ᠪᠦᠭᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ ᠬᠠᠮᠠᠭᠠᠯᠠᠵᠤ᠂ ᠨᠡᠭᠡᠭᠡᠯᠲᠡᠲᠡᠢ ᠬᠠᠮᠲᠤᠷᠠᠯᠴᠠᠭ᠎ᠠ ᠬᠢᠬᠦ ᠤᠯᠠᠨ | ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ ᠵᠡᠭᠦᠨ ᠠᠽᠢᠶ᠎ᠠ ᠶᠢᠨ ᠬᠠᠮᠲᠤᠷᠠᠯᠴᠠᠭ᠎ᠠ᠂ ᠯᠠᠨᠼᠠᠩᠵᠢᠶᠠᠩ ᠮᠥᠷᠡᠨ | ᠮᠦᠢᠭᠤᠩ ᠮᠥᠷᠡᠨ ᠤ ᠬᠠᠮᠲᠤᠷᠠᠯᠴᠠᠭ᠎ᠠ ᠵᠡᠷᠭᠡ ᠲᠣᠭᠲᠠᠴᠠ ᠶᠢᠨ ᠳᠣᠲᠣᠷᠠᠬᠢ ᠵᠣᠬᠢᠴᠠᠭᠤᠯᠭ᠎ᠠ ᠬᠠᠮᠵᠢᠯᠴᠠᠭ᠎ᠠ ᠪᠠᠨ | ᠴᠢᠩᠭᠠᠳᠬᠠᠵᠤ᠂ ᠡᠭᠡᠳᠡᠷᠡᠭᠡᠨ ᠪᠤᠳᠤᠯᠢᠶᠠᠨᠲᠠᠢ ᠳᠡᠯᠡᠬᠡᠢ ᠶᠢᠷᠲᠢᠨᠴᠦ ᠳᠤ ᠨᠡᠩ ᠤᠯᠠᠨ ᠲᠣᠬᠲᠠᠭᠠᠯᠳᠤ ᠴᠢᠨᠠᠷ ᠪᠠ | ᠢᠳᠡᠪᠬᠢ ᠬᠦᠴᠦᠨ ᠨᠡᠮᠡᠷᠢᠯᠡᠶ᠎ᠡ᠃ | — ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠶ᠎ᠠ᠃ ᠳᠤᠮᠳᠠᠳᠤ ᠸᠢᠶᠧᠳ᠋ᠨᠠᠮ ᠬᠤᠶᠠᠷ ᠤᠯᠤᠰ ᠤᠨ ᠡᠬᠡ ᠬᠠᠭᠤᠷᠠᠢ ᠶᠢᠨ ᠬᠢᠯᠢ ᠶᠢᠨ ᠵᠠᠭᠠᠭ ᠪᠣᠯᠣᠨ | ᠤᠮᠠᠷᠠᠲᠤ ᠶᠢᠨ ᠪᠤᠯᠤᠩ ᠤᠨ ᠵᠠᠭᠠᠭ ᠬᠢᠵᠠᠭᠠᠷ ᠢ ᠰᠢᠢᠳᠪᠦᠷᠢᠯᠡᠭᠰᠡᠨ ᠠᠮᠵᠢᠯᠲᠠ ᠲᠠᠢ ᠦᠢᠯᠡᠳᠦᠯᠭᠡ ᠨᠢ᠂ ᠬᠤᠶᠠᠷ | ᠲᠠᠯ᠎ᠠ ᠪᠠᠷ ᠢᠶᠠᠨ ᠵᠥᠪᠳᠡᠯᠴᠡᠵᠦ ᠬᠡᠯᠡᠯᠴᠡᠭᠡ ᠬᠢᠬᠦ ᠪᠠᠷ ᠳᠠᠮᠵᠢᠨ ᠳᠠᠯᠠᠢ ᠳᠡᠭᠡᠷᠡᠬᠢ ᠠᠰᠠᠭᠤᠳᠠᠯ ᠢ ᠰᠠᠶᠢᠲᠤᠷ | ᠰᠢᠢᠳᠪᠦᠷᠢᠯᠡᠬᠦ ᠴᠢᠳᠠᠪᠤᠷᠢ᠂ ᠤᠶᠤᠨ ᠤᠬᠠᠭᠠᠨ ᠪᠦᠷᠢᠨ ᠪᠠᠶᠢᠨ᠎ᠠ ᠭᠡᠳᠡᠭ ᠢ ᠬᠠᠷᠠᠭᠤᠯᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠶᠢᠨ ᠬᠠᠮᠲᠤ ᠶᠢᠨ ᠲᠠᠨᠢᠯᠲᠠ ᠶᠢ | ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠬᠡᠯᠡᠯᠴᠡᠭᠡ ᠶᠢᠨ ᠲᠣᠭᠲᠠᠴᠠ ᠶᠢᠨ ᠦᠢᠯᠡᠳᠦᠯ ᠢ ᠰᠠᠶᠢᠲᠤᠷ | ᠪᠠᠳᠠᠷᠠᠭᠤᠯᠵᠤ᠂ ᠳᠠᠯᠠᠢ ᠳᠡᠭᠡᠷᠡᠬᠢ ᠶᠠᠪᠤᠳᠠᠯ ᠤᠨ ᠵᠥᠷᠢᠯᠳᠦᠭᠡᠨ ᠢ ᠵᠣᠬᠢᠰᠲᠠᠢ ᠬᠠᠮᠢᠶᠠᠷᠤᠨ ᠡᠵᠡᠮᠳᠡᠵᠦ᠂ ᠳᠠᠯᠠᠢ | ᠳᠡᠭᠡᠷᠡᠬᠢ ᠬᠠᠮᠲᠤᠷᠠᠯᠴᠠᠭ᠎ᠠ ᠶᠢ ᠦᠷᠭᠦᠯᠵᠢᠯᠡᠨ ᠥᠷᠭᠡᠳᠬᠡᠵᠦ᠂ ᠡᠴᠦᠰ ᠲᠡᠭᠡᠨ ᠮᠠᠷᠭᠤᠭᠠᠨ ᠢ ᠰᠢᠢᠳᠪᠦᠷᠢᠯᠡᠬᠦ ᠳᠤ | ᠨᠥᠬᠦᠴᠡᠯ ᠬᠤᠷᠠᠮᠳᠤᠭᠤᠯᠤᠶ᠎ᠠ᠃ ︽ᠡᠮᠦᠨᠡᠲᠦ ᠲᠠᠩᠭᠢᠰ ᠤᠨ ᠡᠯ᠎ᠡ ᠲᠠᠯ᠎ᠠ ᠶᠢᠨ ᠠᠵᠢᠯᠯᠠᠭᠠᠨ ᠤ ᠲᠤᠩᠬᠠᠭ︾ ᠢ ᠪᠦᠭᠦ | ᠲᠠᠯ᠎ᠠ ᠪᠠᠷ ᠪᠦᠲᠦᠮᠵᠢᠲᠡᠢ ᠨᠠᠶᠢᠳᠠᠪᠤᠷᠢᠵᠢᠭᠤᠯᠵᠤ᠂ ︽ᠡᠮᠦᠨᠡᠲᠦ ᠲᠠᠩᠭᠢᠰ ᠤᠨ ᠠᠵᠢᠯᠯᠠᠭᠠᠨ ᠤ ᠪᠠᠷᠢᠮᠵᠢᠶ᠎ᠠ︾ ᠶᠢᠨ | ᠵᠥᠪᠳᠡᠯᠴᠡᠭᠡ ᠶᠢ ᠢᠳᠡᠪᠬᠢᠲᠡᠢ ᠠᠬᠢᠭᠤᠯᠵᠤ᠂ ᠬᠠᠷᠰᠢᠯᠠᠯ ᠢ ᠠᠷᠢᠯᠭᠠᠵᠤ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ | ᠠᠷᠢᠯᠭᠠᠵᠤ᠂ ᠡᠮᠦᠨᠡᠲᠦ ᠲᠠᠩᠭᠢᠰ ᠢ ᠵᠢᠩᠬᠢᠨᠢ ᠡᠩᠬᠡ ᠲᠠᠶᠢᠪᠤᠩ ᠤᠨ ᠲᠠᠩᠭᠢᠰ᠂ ᠨᠥᠬᠦᠷᠯᠡᠯ ᠤᠨ ᠲᠠᠩᠭᠢᠰ᠂ | ᠬᠠᠮᠲᠤᠷᠠᠯᠴᠠᠭᠠᠨ ᠤ ᠲᠠᠩᠭᠢᠰ ᠪᠣᠯᠭᠠᠶ᠎ᠠ᠃ | ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠲᠠᠢ ᠬᠠᠮᠲᠤ ᠪᠠᠷ | ᠭᠠᠷ ᠬᠤᠯᠪᠣᠨ ᠤᠷᠤᠭᠰᠢᠯᠠᠵᠤ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠦᠷᠭᠦᠯᠵᠢᠯᠡᠨ | ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠢᠨ᠎ᠡ | ᠬᠠᠭᠤᠳᠠᠰᠤ ᠶᠢ ᠪᠢᠴᠢᠭᠯᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃ | |