ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠬᠦᠨᠳᠦᠲᠦ ᠶᠡᠷᠦᠩᠬᠡᠶ ᠰᠠᠶᠢᠳ ᠠᠨᠸᠠᠷ᠂ | ᠠᠪᠠᠭ᠋ᠠᠶ ᠨᠠᠷ᠂ ᠠᠪᠤᠭᠠᠶ ᠨᠠᠷ᠂ ᠨᠠᠶᠢᠵᠠ ᠨᠠᠷ ᠡ᠄ | ᠶᠡᠷᠦᠩᠬᠡᠢ ᠰᠠᠶᠢᠳ ᠠᠨᠸᠠᠷ ᠤᠨ ᠣᠷᠭᠢᠯᠤᠮ᠎ᠠ ᠬᠠᠯᠠᠭᠤᠨ ᠰᠡᠳᠭᠢᠯᠭᠡ ᠲᠠᠢ ᠶᠠᠷᠢᠶ᠎ᠠ ᠲᠠᠯᠪᠢᠭᠰᠠᠨ ᠳᠤ ᠲᠠᠯᠠᠷᠬᠠᠵᠤ | ᠪᠠᠶᠢᠨ᠎ᠠ᠃ ᠬᠠᠮᠤᠭ ᠤᠨ ᠳᠡᠭᠡᠳᠦ ᠲᠡᠷᠢᠭᠦᠨ ᠢᠪᠥ᠋ᠯᠠᠰᠢᠨ ᠤ ᠤᠷᠢᠯᠭ᠎ᠠ ᠪᠠᠷ ᠮᠠᠯᠠᠶᠢᠰᠢᠶ᠎ᠠ ᠳᠤ ᠲᠥᠷᠥ ᠶᠢᠨ | ᠠᠶᠢᠯᠴᠢᠯᠠᠯᠲᠠ ᠬᠢᠭᠰᠡᠨ ᠳᠡᠭᠡᠨ ᠮᠠᠰᠢ ᠪᠠᠶᠠᠷ ᠲᠠᠢ ᠪᠠᠶᠢᠨ᠎ᠠ᠃ ᠪᠢ ᠮᠠᠯᠠᠶᠢᠰᠢᠶ᠎ᠠ ᠶᠢᠨ ᠬᠢᠨ ᠤ ᠨᠠᠷᠢᠨ ᠨᠢᠮᠪᠠᠢ | ᠲᠤᠬᠢᠷᠠᠭᠤᠯᠤᠯᠳᠠ ᠪᠠ ᠬᠠᠯᠠᠭᠤᠮᠰᠤᠭ ᠢᠶᠠᠷ ᠵᠣᠴᠢᠯᠠᠭᠰᠠᠨ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ᠃ | ︽ᠠᠭᠤᠯᠵᠠᠵᠤ ᠦᠩᠭᠡᠷᠡᠭᠡ ᠦᠭᠡᠢ ᠴᠤ ᠳᠤᠳᠤᠨᠤᠰᠤᠭ ᠪᠤᠯ ᠤᠴᠢᠵᠤ ᠪᠣᠯᠤᠮᠤᠢ︔ ᠰᠠᠯᠤᠯᠴᠠᠭᠠᠳ ᠤᠳᠠᠲᠠᠯ᠎ᠠ | ᠮᠠᠷᠲᠠᠬᠤ ᠦᠭᠡᠢ ᠪᠤᠯ ᠢᠷᠡᠵᠦ ᠪᠣᠯᠤᠮᠤᠢ︾᠃ ᠪᠢ ᠳᠡᠭᠡᠷ᠎ᠡ ᠤᠳᠠᠭ᠎ᠠ ᠮᠠᠯᠠᠶᠢᠰᠢᠶ᠎ᠠ ᠳᠤ ᠠᠶᠢᠯᠴᠢᠯᠠᠭᠰᠠᠨ ᠨᠢ 2013 | ᠣᠨ ᠤ ᠶᠠᠪᠤᠳᠠᠯ ᠪᠣᠯᠤᠨ᠎ᠠ᠂ ᠡᠷᠬᠢᠮ ᠤᠯᠤᠰ ᠤᠨ ᠦᠩᠭᠡ ᠦᠵᠡᠮᠵᠢ ᠦᠵᠡᠰᠬᠦᠯᠡᠩᠳᠤ ᠰᠠᠶᠢᠬᠠᠨ᠂ ᠰᠣᠶᠣᠯ ᠤᠯᠠᠨ | ᠡᠰᠢᠵᠢᠭᠰᠡᠨ᠂ ᠠᠷᠠᠳ ᠲᠦᠮᠡᠨ ᠨᠥᠬᠦᠷᠰᠡᠭ᠂ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ 12 ᠵᠢᠯ ᠤᠨ ᠲᠠᠷᠠᠭ᠎ᠠ | ᠳᠠᠬᠢᠨᠲᠠ ᠠᠶᠢᠯᠴᠢᠯᠠᠵᠤ᠂ ᠮᠠᠯᠠᠶᠢᠰᠢᠶ᠎ᠠ ᠡᠳᠦᠷ ᠠᠴᠠ ᠡᠳᠦᠷ ᠬᠥᠭᠵᠢᠨ ᠮᠠᠨᠳᠤᠵᠤ᠂ ᠣᠳᠣᠬᠢᠴᠢᠯᠠᠯᠲᠠ ᠶᠢᠨ ᠪᠦᠳᠦᠭᠡᠨ | ᠪᠠᠶᠢᠭᠤᠯᠤᠯᠲᠠ ᠢᠯᠡᠳᠲᠡ ᠠᠮᠵᠢᠯᠲᠠ ᠣᠯᠤᠭᠰᠠᠨ ᠢ ᠦᠵᠡᠭᠡᠳ ᠪᠢ ᠴᠢᠩ ᠰᠡᠳᠭᠢᠯ ᠠᠴᠠ ᠪᠠᠨ ᠪᠠᠶᠠᠷᠯᠠᠵᠤ ᠪᠠᠶᠢᠨ᠎ᠠ᠃ | ᠬᠠᠮᠤᠭ ᠤᠨ ᠳᠡᠭᠡᠳᠦ ᠲᠡᠷᠢᠭᠦᠨ ᠬᠠᠭᠠᠨᠳᠠᠨ ᠪᠠ ᠶᠡᠷᠦᠩᠬᠡᠶ ᠰᠠᠶᠢᠳ ᠠᠨᠸᠠᠷ ᠤᠨ ᠳᠠᠭᠠᠭᠤᠯᠭ᠎ᠠ ᠳᠤᠤᠷ᠎ᠠ᠂ ᠮᠠᠯᠠᠶᠢᠰᠢᠶ᠎ᠠ | ᠯᠠᠪᠲᠠᠶ ᠬᠥᠭᠵᠢᠯᠲᠡ ᠶᠢᠨ ᠠᠮᠢᠵᠢᠷᠠᠯ ᠤᠨ ᠬᠦᠴᠦᠨ ᠢᠶᠠᠨ ᠲᠠᠰᠤᠷᠠᠯᠲᠠ ᠥᠬᠡᠶ ᠪᠠᠳᠠᠷᠠᠭᠤᠯᠵᠤ᠂ ︽ᠬᠦᠭᠵᠢᠭᠰᠡᠨ | ᠪᠠᠳᠠᠷᠠᠬᠰᠠᠨ ᠮᠠᠯᠠᠶᠢᠰᠢᠶ᠎ᠠ︾ ᠶᠢ ᠪᠠᠶᠢᠭᠤᠯᠬᠤ ᠵᠠᠮ ᠢᠶᠠᠷ ᠵᠠᠮᠨᠠᠵᠤ ᠨᠠᠩ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ | ᠤᠯᠬᠤ ᠶᠢ ᠢᠲᠡᠭᠡᠵᠦ ᠪᠠᠶᠢᠨ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠳᠠᠯᠠᠢ ᠠᠯᠤᠰᠯᠠᠨ ᠬᠠᠷᠢᠯᠴᠠᠨ ᠪᠠᠷᠠᠯᠠᠵᠤ᠂ ᠤᠯᠠᠮᠵᠢᠯᠠᠯᠲᠤ ᠨᠥᠬᠦᠷᠯᠡᠯ | ᠮᠢᠩᠭᠠᠨ ᠤᠨ ᠢ ᠲᠤᠭᠤᠯᠤᠬᠰᠠᠨ ᠶᠤᠮ᠃ ᠮᠠᠯᠠᠶᠢᠰᠢᠶ᠎ᠠ ᠶᠢᠨ ᠵᠦᠢᠷ ᠦᠭᠡᠨ ᠳᠤ᠄ ︽ᠴᠥᠬᠦᠷᠡᠰᠢ ᠦᠭᠡᠢ ᠴᠢᠷᠮᠠᠶᠢᠪᠠᠯ᠂ | ᠡᠳᠦᠷ ᠤᠨ ᠤᠳᠠᠭᠠᠨ ᠳᠤ ᠠᠭᠤᠯᠠ ᠪᠤᠯᠵᠤ ᠰᠦᠨᠳᠡᠷᠯᠡᠮᠤᠢ︾ ᠭᠡᠳᠡᠭ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 50 ᠭᠠᠷᠤᠢ ᠵᠢᠯ ᠤᠨ ᠲᠤᠷᠰᠢ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠮᠠᠯᠠᠶᠢᠰᠢᠶ᠎ᠠ ᠶᠢᠨ | ᠬᠠᠷᠢᠯᠴᠠᠭ᠎ᠠ ᠬᠠᠳᠠ ᠴᠢᠯᠠᠭᠤ ᠮᠡᠲᠦ ᠪᠠᠲᠤ ᠪᠠᠬᠢ ᠪᠣᠯᠵᠤ᠂ ᠤᠯᠤᠰ ᠲᠦᠷᠦ ᠶᠢᠨ ᠲᠠᠯ᠎ᠠ ᠪᠠᠷ ᠬᠠᠷᠢᠯᠴᠠᠨ | ᠬᠦᠨᠳᠦᠳᠬᠡᠵᠦ ᠬᠠᠷᠢᠯᠴᠠᠨ ᠢᠲᠡᠭᠡᠯᠴᠡᠭᠰᠡᠨ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠠᠰᠢᠭᠲᠠᠢ ᠬᠠᠮᠲᠤ ᠪᠠᠷ | ᠠᠰᠢᠭ ᠭᠥᠷᠳᠡᠭᠰᠡᠨ᠂ ᠰᠣᠶᠣᠯ ᠤᠨ ᠲᠠᠯ᠎ᠠ ᠪᠠᠷ ᠬᠠᠷᠢᠯᠴᠠᠨ ᠲᠣᠯᠢ ᠪᠣᠯᠭᠠᠵᠤ ᠬᠠᠮᠲᠤ ᠪᠠᠷ ᠠᠬᠢᠭᠤᠯᠤᠭᠰᠠᠨ ᠳᠣᠲᠣᠨᠣ | ᠨᠠᠶᠢᠵᠠ ᠪᠠ ᠬᠠᠨᠢᠲᠠᠨ ᠪᠣᠯᠵᠤ᠂ ᠬᠤᠶᠠᠷ ᠤᠯᠤᠰ ᠤᠨ ᠠᠷᠠᠳ ᠲᠦᠮᠡᠨ ᠳᠤ ᠦᠨᠡᠨ ᠪᠣᠳᠠᠲᠠᠢ ᠠᠰᠢᠭ ᠬᠦᠷᠲᠡᠭᠡᠭᠰᠡᠨ | ᠪᠠᠶᠢᠨ᠎ᠠ᠃ 2023 ᠣᠨ ᠳᠤ᠂ ᠪᠢ ᠶᠡᠷᠦᠩᠬᠡᠢ ᠰᠠᠶᠢᠳ ᠠᠪᠤᠭᠠᠢ ᠲᠠᠢ ᠳᠤᠮᠳᠠᠳᠤ ᠮᠠᠯᠠᠶᠢᠰᠢᠶ᠎ᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠪᠠᠷ ᠨᠡᠶᠢᠲᠡᠯᠡᠵᠦ᠂ ᠬᠤᠶᠠᠷ ᠲᠠᠯ᠎ᠠ ᠶᠢᠨ | ᠬᠠᠷᠢᠯᠴᠠᠭᠠᠨ ᠤ ᠰᠢᠨ᠎ᠡ ᠲᠡᠦᠬᠡ ᠶᠢᠨ ᠬᠠᠭᠤᠳᠠᠰᠤ ᠶᠢ ᠨᠡᠭᠡᠭᠡᠭᠰᠡᠨ ᠶᠤᠮ᠃ | ᠰᠠᠶ᠋ᠢᠬᠠᠨ ᠪᠢ ᠶᠡᠷᠦᠩᠬᠡᠢ ᠰᠠᠶᠢᠳ ᠠᠨᠸᠠᠷ ᠲᠠᠢ ᠳᠣᠲᠣᠨᠣ ᠨᠥᠬᠦᠷᠰᠡᠭ ᠬᠡᠯᠡᠯᠴᠡᠭᠡ ᠬᠢᠵᠡᠢ᠂ ᠪᠢᠳᠡ ᠬᠤᠶᠠᠷ | ᠤᠯᠤᠰ ᠤᠨ ᠡᠯ᠎ᠡ ᠬᠦᠷᠢᠶᠡᠨ ᠳᠠᠬᠢ ᠶᠠᠪᠤᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠠᠯᠢ ᠤᠯᠠᠨ | ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠠᠢ᠃ ᠣᠳᠣᠬᠠᠨ ᠤ ᠤᠯᠠᠨ ᠤᠯᠤᠰ ᠤᠨ ᠡᠮᠬᠢ ᠳᠢᠭᠯᠢᠮ ᠪᠣᠯᠣᠨ ᠠᠵᠤ | ᠠᠬᠤᠢ ᠶᠢᠨ ᠳᠡᠯᠡᠬᠡᠶᠢᠵᠢᠯᠲᠡ ᠴᠤᠬᠢᠯᠳᠠ ᠳᠤ ᠤᠴᠠᠷᠠᠵᠤ ᠪᠠᠶᠢᠭ᠎ᠠ ᠪᠠᠶᠢᠳᠠᠯ ᠤᠨ ᠡᠮᠦᠨ᠎ᠡ᠂ ᠬᠤᠶᠠᠷ ᠤᠯᠤᠰ ᠢᠶᠠᠷ ᠢᠶᠠᠨ | ᠭᠠᠵᠠᠷ ᠣᠷᠣᠨ ᠤ ᠤᠯᠤᠰ ᠤᠳ ᠲᠠᠢ ᠪᠦᠯᠬᠦᠮᠳᠡᠨ ᠨᠢᠭᠡᠳᠴᠦ᠂ ᠬᠠᠮᠲᠤ ᠪᠠᠷ ᠭᠠᠵᠠᠷ ᠣᠷᠣᠨ ᠤ ᠤᠯᠤᠰ ᠲᠦᠷᠦ | ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ ᠡᠰᠡᠷᠭᠦᠴᠡᠵᠦ᠂ ᠭᠠᠭᠴᠠ ᠲᠠᠯᠠᠲᠦ ᠦᠵᠡᠯ ᠪᠣᠯᠣᠨ | ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠠᠽᠢᠶ᠎ᠠ ᠲᠢᠪ ᠤᠨ ᠭᠡᠷ ᠣᠷᠣᠨ ᠤ ᠰᠠᠶᠢᠨ ᠰᠠᠶᠢᠬᠠᠨ | ᠬᠥᠭᠵᠢᠯᠲᠡ ᠶᠢᠨ ᠢᠷᠡᠭᠡᠳᠦᠢ ᠶᠢ ᠰᠠᠶᠢᠲᠤᠷ ᠰᠠᠬᠢᠨ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠲᠡᠦᠬᠡ ᠶᠢᠨ ᠤᠷᠤᠰᠬᠠᠯ ᠳᠤ ᠵᠤᠬᠢᠴᠠᠵᠤ᠂ ᠢᠷᠡᠭᠡᠳᠦᠢ ᠬᠡᠬᠡᠨ | ᠰᠠᠷᠠᠭᠤᠯ ᠪᠤᠯᠬᠤ ᠶᠤᠮ᠃ ᠳᠤᠮᠳᠠᠳᠤ ᠶᠢᠨ ᠲᠠᠯ᠎ᠠ ᠶᠢᠨ ᠬᠢᠨ ᠮᠠᠯᠠᠶᠢᠰᠢᠶ᠎ᠠ ᠶᠢᠨ ᠲᠠᠯ᠎ᠠ ᠲᠠᠢ ᠬᠠᠮᠲᠤ ᠪᠠᠷ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠵᠤ᠂ ᠳᠤᠮᠳᠠᠳᠤ ᠮᠠᠯᠠᠶᠢᠰᠢᠶ᠎ᠠ ᠶᠢᠨ ᠬᠠᠷᠢᠯᠴᠠᠭᠠᠨ ᠤ ᠰᠢᠨ᠎ᠡ ︽ | ᠰᠢᠵᠢᠷ ᠠᠯᠳᠠᠨ 50 ᠵᠢᠯ︾ ᠢ ᠴᠣᠭᠴᠠᠯᠠᠵᠤ᠂ ᠬᠤᠶᠠᠷ ᠤᠯᠤᠰ ᠤᠨ ᠲᠤᠰ ᠲᠤᠰ ᠤᠨ ᠣᠳᠣᠬᠢᠴᠢᠯᠠᠯᠲᠠ ᠶᠢᠨ | ᠠᠬᠢᠴᠠ ᠳᠤ ᠨᠡᠩ ᠶᠡᠭᠡ ᠬᠦᠴᠦᠨ ᠨᠡᠮᠡᠷᠢᠯᠡᠵᠦ᠂ ᠪᠦᠬᠦ ᠪᠥᠮᠪᠥᠷᠴᠡᠭ ᠤᠨ ᠭᠦᠭᠵᠢᠵᠦ ᠪᠠᠶᠢᠭ᠎ᠠ ᠤᠯᠤᠰ ᠤᠳ ᠲᠤ | ᠪᠦᠯᠬᠦᠮᠳᠡᠯ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠢ ᠪᠤᠢ ᠪᠣᠯᠭᠠᠵᠤ᠂ ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ | ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠶᠢ ᠬᠦᠰᠡᠵᠦ ᠪᠠᠶᠢᠨ᠎ᠠ᠃ | ᠬᠠᠮᠤᠭ ᠤᠨ ᠰᠡᠭᠦᠯ ᠳᠤ᠂ ᠮᠠᠯᠠᠶᠢᠰᠢᠶ᠎ᠠ ᠶᠢᠨ ᠬᠦᠭᠵᠢᠨ ᠮᠠᠨᠳᠤᠵᠤ᠂ ᠠᠷᠠᠳ ᠲᠦᠮᠡᠨ ᠵᠣᠯ ᠵᠢᠷᠭᠠᠯ ᠲᠠᠢ ᠠᠮᠤᠷ | ᠠᠮᠤᠭᠤᠯᠠᠩ ᠪᠠᠶᠢᠬᠤ ᠶᠢ ᠵᠥᠩᠨᠡᠶ᠎ᠡ︕ | ᠶᠡᠷᠦᠩᠬᠡᠢ ᠰᠠᠶᠢᠳ ᠠᠨᠸᠠᠷ ᠪᠣᠯᠣᠨ ᠠᠳᠡ ᠰᠠᠭᠤᠵᠤ ᠪᠠᠶᠢᠭ᠎ᠠ ᠨᠠᠶᠢᠵᠠ ᠨᠠᠷ ᠤᠨ ᠪᠡᠶ᠎ᠡ ᠮᠠᠬᠠᠪᠤᠳ ᠡᠷᠡᠭᠦᠯ | ᠴᠢᠭᠢᠷᠠᠭ᠂ ᠠᠯᠢᠪᠠ ᠪᠦᠬᠦᠨ ᠤᠷᠤᠭᠰᠢᠲᠠᠢ ᠪᠠᠶᠢᠬᠤ ᠶᠢ ᠵᠦᠡᠭᠨᠡᠶ᠎ᠡ︕ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠥᠨᠢ ᠮᠥᠩᠬᠡ ᠪᠠᠶᠢᠬᠤ ᠶᠢ ᠵᠥᠩᠨᠡᠶ᠎ᠡ︕ | ᠤᠯᠠᠨ ᠳᠤ ᠪᠠᠶᠠᠷᠯᠠᠯ᠎ᠠ︕ | ︵ᠰᠢᠨᠬᠤᠸᠠ ᠬᠤᠷᠢᠶ᠎ᠠ ᠶᠢᠨ ᠮᠠᠯᠠᠶᠢᠰᠢᠶ᠎ᠠ ᠶᠢᠨ ᠪᠦᠲ᠋ᠧᠯᠠᠵᠢᠶᠠᠶᠠ ᠶᠢᠨ 4 ᠰᠠᠷ᠎ᠠ ᠶᠢᠨ 16 ᠤ ᠴᠠᠬᠢᠯᠭᠠᠨ ᠮᠡᠳᠡᠭᠡ︶ | |