ᠰᠢᠨᠬᠤᠸᠠ ᠬᠤᠷᠢᠶ᠎ᠠ ᠶᠢᠨ ᠺᠤᠸᠠᠯᠠ ᠯᠦᠮᠫᠦ᠋ᠷ ᠤᠨ 4 ᠰᠠᠷ᠎ᠠ ᠶᠢᠨ 15 ᠤ ᠴᠠᠬᠢᠯᠭᠠᠨ ᠮᠡᠳᠡᠭᠡ 4 ᠰᠠᠷ᠎ᠠ ᠶᠢᠨ | 15 ᠤ ᠡᠳᠦᠷ᠂ ᠺᠤᠸᠠᠯᠠ ᠯᠦᠮᠫᠦ᠋ᠷ ᠲᠤ ᠬᠦᠷᠴᠦ ᠮᠠᠯᠠᠶᠢᠰᠢᠶ᠎ᠠ ᠳᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ | ᠲᠠᠰᠢᠷᠠᠮ ᠢᠶᠠᠷ ᠤᠯᠤᠰ ᠤᠨ ᠲᠡᠷᠢᠭᠦᠯᠡᠭᠴᠢ ᠰᠢ ᠶᠢᠨ ᠫᠢᠩ ᠮᠠᠯᠠᠶᠢᠰᠢᠶ᠎ᠠ ᠶᠢᠨ ︽ᠣᠳᠣᠨ ᠲᠢᠪ ᠡᠳᠦᠷ ᠤᠨ ᠰᠣᠨᠢᠨ︾᠂ | ︽ᠣᠳᠣᠨ ᠰᠣᠨᠢᠨ︾᠂ ︽ᠨᠡᠷᠡᠨ ᠭᠡᠷᠡᠯᠲᠦ ᠡᠳᠦᠷ ᠤᠨ ᠰᠣᠨᠢᠨ︾ ᠳᠤ ︽ᠳᠤᠮᠳᠠᠳᠤ ᠮᠠᠯᠠᠶᠢᠰᠢᠶ᠎ᠠ ᠶᠢᠨ | ᠨᠥᠬᠦᠷᠯᠡᠯ ᠤᠨ ᠣᠩᠭᠤᠴᠠ ᠶᠢ ᠨᠠᠩ ᠰᠠᠶᠢᠨ ᠰᠠᠶᠢᠬᠠᠨ ᠢᠷᠡᠭᠡᠳᠦᠶ ᠲᠡᠶᠢᠰᠢ ᠠᠶᠠᠯᠠᠭᠤᠯᠤᠶ᠎ᠠ︾ ᠭᠡᠬᠦ ᠭᠠᠷᠴᠠᠭ ᠲᠠᠢ | ᠨᠡᠷ᠎ᠡ ᠬᠠᠳᠠᠭᠰᠠᠨ ᠵᠣᠬᠢᠶᠠᠯ ᠨᠡᠶᠢᠲᠡᠯᠡᠪᠡ᠃ ᠵᠣᠬᠢᠶᠠᠯ ᠤᠨ ᠪᠦᠬᠦ ᠠᠭᠤᠯᠭ᠎ᠠ ᠨᠢ ᠳᠣᠣᠷᠠᠬᠢ ᠮᠡᠲᠦ᠄ | ᠳᠤᠮᠳᠠᠳᠤ ᠮᠠᠯᠠᠶᠢᠰᠢᠶ᠎ᠠ ᠶᠢᠨ ᠨᠥᠬᠦᠷᠯᠡᠯ ᠤᠨ ᠣᠩᠭᠤᠴᠠ ᠶᠢ ᠨᠡᠩ ᠰᠠᠶᠢᠨ ᠰᠠᠶᠢᠬᠠᠨ ᠢᠷᠡᠭᠡᠳᠦᠶ ᠲᠡᠶᠢᠰᠢ | ᠠᠶᠠᠯᠠᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠮᠠᠯᠠᠶᠢᠰᠢᠶ᠎ᠠ ᠶᠢᠨ ᠬᠠᠮᠤᠭ ᠤᠨ ᠳᠡᠭᠡᠳᠦ ᠲᠡᠷᠢᠭᠦᠨ ᠢᠪᠦ᠋ᠯᠠᠰᠢᠨ ᠬᠠᠭᠠᠨᠲᠠᠨ ᠤ ᠤᠷᠢᠯᠭ᠎ᠠ ᠪᠠᠷ᠂ ᠪᠢ | ᠮᠠᠯᠠᠶᠢᠰᠢᠶ᠎ᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠪᠤᠢ᠃ ᠡᠨᠡ ᠪᠣᠯ ᠮᠢᠨᠦ 12 ᠵᠢᠯ ᠤᠨ ᠲᠠᠷᠠᠭ᠎ᠠ | ᠡᠨᠡ ᠬᠦ ᠦᠵᠡᠰᠭᠦᠯᠡᠩᠲᠦ ᠰᠠᠶᠢᠬᠠᠨ ᠤᠯᠤᠰ ᠲᠤ ᠳᠠᠬᠢᠨᠲᠠ ᠠᠶᠢᠯᠴᠢᠯᠠᠬᠤ ᠶᠠᠪᠤᠳᠠᠯ ᠪᠣᠯᠤᠨ᠎ᠠ᠃ ᠮᠠᠯᠠᠶᠢᠰᠢᠶ᠎ᠠ ᠶᠢᠨ | ᠰᠢᠨ᠎ᠡ ᠬᠥᠭᠵᠢᠯᠲᠡ ᠰᠢᠨ᠎ᠡ ᠬᠤᠪᠢᠷᠠᠯᠲᠠ ᠶᠢ ᠪᠡᠶᠡᠴᠢᠯᠡᠨ ᠣᠶᠢᠯᠠᠭᠠᠵᠤ᠂ ᠮᠠᠯᠠᠶᠢᠰᠢᠶ᠎ᠠ ᠶᠢᠨ ᠨᠠᠶᠢᠵᠠ ᠨᠠᠷ ᠲᠠᠢ | ᠨᠥᠬᠦᠷᠯᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠬᠠᠮᠲᠤᠷᠠᠯᠴᠠᠭ᠎ᠠ ᠬᠢᠬᠦ ᠲᠤᠬᠠᠢ ᠬᠠᠮᠲᠤ ᠪᠠᠷ ᠶᠠᠷᠢᠯᠴᠠᠬᠤ ᠶᠢ ᠪᠢ | ᠬᠦᠰᠡᠵᠦ ᠪᠠᠶᠢᠨ᠎ᠠ᠃ | ᠳᠤᠮᠳᠠᠳᠤ ᠤᠯᠤᠰ ᠪᠣᠯᠤᠨ ᠮᠠᠯᠠᠶᠢᠰᠢᠶ᠎ᠠ ᠪᠣᠯ ᠲᠠᠯᠠᠢ ᠲᠡᠩᠬᠢᠰ ᠠᠯᠤᠰᠯᠠᠨ ᠰᠠᠭᠤᠬᠰᠠᠨ ᠨᠥᠬᠦᠷᠰᠡᠭ ᠬᠥᠷᠰᠢ | ᠤᠯᠤᠰ ᠪᠣᠯᠤᠨ᠎ᠠ᠃ ᠳᠠᠯᠠᠢ ᠳᠡᠭᠡᠷᠡᠬᠢ ᠲᠣᠷᠭᠠᠨ ᠵᠠᠮ ᠨᠢ ᠬᠤᠶᠠᠷ ᠤᠯᠤᠰ ᠤᠨ ᠮᠢᠩᠭᠠᠨ ᠤᠨ ᠢ ᠰᠤᠨᠳᠠᠯᠠᠭᠰᠠᠨ | ᠨᠥᠬᠦᠷᠰᠡᠭ ᠶᠠᠪᠤᠯᠴᠠᠭ᠎ᠠ ᠶᠢ ᠭᠡᠷᠡᠴᠢᠯᠡᠵᠦ᠂ ︽ᠤᠰᠤ ᠶᠢ ᠲᠠᠰᠤᠯᠵᠤ ᠲᠡᠶᠢᠯᠦᠰᠢ ᠦᠭᠡᠢ︾ ᠦᠶ᠎ᠡ ᠶᠢᠨ ᠦᠶ᠎ᠡ ᠶᠢᠨ | ᠨᠥᠬᠦᠷᠯᠡᠯ ᠨᠢ ᠲᠡᠦᠬᠡ ᠶᠢᠨ ᠬᠤᠪᠢᠰᠤᠯᠲᠠ ᠶᠢ ᠳᠠᠭᠠᠯᠳᠤᠨ ᠤᠯᠠᠮ ᠠᠴᠠ ᠤᠯᠠᠮ ᠭᠦᠨ ᠵᠤᠵᠠᠭᠠᠨ ᠪᠣᠯᠵᠠᠢ᠃ 1300 | ᠭᠠᠷᠤᠶ ᠵᠢᠯ ᠤᠨ ᠡᠮᠦᠨ᠎ᠡ᠂ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠶᠢᠨ ᠢ ᠵᠢᠩ ᠨᠣᠮᠴᠢ ᠲᠡᠯᠡᠶ ᠭᠠᠲᠤᠯᠵᠤ | ᠨᠤᠮ ᠵᠠᠯᠠᠬᠤ ᠳᠠᠭᠠᠨ ᠮᠠᠯᠠᠶ ᠬᠤᠶᠢᠭ ᠢᠶᠠᠷ ᠥᠩᠭᠡᠷᠡᠵᠤ ᠠᠩᠬ᠎ᠠ ᠤᠳᠠᠭ᠎ᠠ ᠥᠰᠥᠭ ᠪᠢᠴᠢᠭ ᠢᠶᠠᠷ ᠡᠷᠲᠡᠨ ᠤ ᠺᠢᠳ᠋ᠨ | ᠸᠠᠩᠲᠤ ᠤᠯᠤᠰ ᠤᠨ ᠲᠡᠦᠬᠡ ᠶᠢ ᠲᠡᠮᠳᠡᠭᠯᠡᠪᠡ᠃ 600 ᠭᠠᠷᠤᠢ ᠵᠢᠯ ᠤᠨ ᠡᠮᠦᠨ᠎ᠡ᠂ ᠳᠤᠮᠳᠠᠳᠤ ᠤᠯᠤᠰ ᠤᠨ ᠮᠢᠩ | ᠤᠯᠤᠰ ᠤᠨ ᠦᠶ᠎ᠡ ᠶᠢᠨ ᠳᠠᠯᠠᠶᠢᠴᠢᠨ ᠵᠧᠩ ᠾᠧ 7 ᠤᠳᠠᠭ᠎ᠠ ᠠᠯᠤᠰ ᠲᠠᠯᠠᠢ ᠪᠠᠷ ᠠᠶᠠᠯᠠᠬᠤ ᠳᠠᠭᠠᠨ ᠮᠠᠯᠠᠺᠠ ᠳᠤ 5 | ᠤᠳᠠᠭ᠎ᠠ ᠠᠶᠢᠯᠴᠢᠯᠠᠵᠤ᠂ ᠡᠩᠬᠡ ᠲᠠᠶᠢᠪᠤᠩ ᠨᠥᠬᠦᠷᠯᠡᠯ ᠤᠨ ᠦᠷ᠎ᠡ ᠶᠢ ᠰᠠᠴᠤᠵᠤ᠂ ᠮᠠᠯᠠᠺᠠ ᠶᠢᠨ ᠰᠠᠨ ᠪᠦᠦ ᠮᠢᠶᠣᠣ | ᠰᠦᠮ᠎ᠡ᠂ ᠰᠠᠨ ᠪᠦᠦ ᠱᠠᠨ ᠠᠭᠤᠯᠠ᠂ ᠰᠠᠨ ᠪᠦᠦ ᠵᠢᠩ ᠬᠤᠳᠳᠤᠭ ᠲᠤ ᠲᠤᠬᠠᠢ ᠶᠢᠨ ᠭᠠᠵᠠᠷ ᠤᠨ ᠠᠷᠠᠳ ᠲᠦᠮᠡᠨ ᠤ | ᠵᠧᠩ ᠾᠧ ᠶᠢᠨ ᠲᠤᠬᠠᠢ ᠭᠦᠨ ᠮᠥᠷᠥᠭᠡᠳᠦᠯ ᠢ ᠠᠴᠢᠶᠡᠯᠡᠵᠤ ᠪᠠᠶᠢᠨ᠎ᠠ᠃ 80 ᠭᠠᠷᠤᠢ ᠵᠢᠯ ᠤᠨ ᠡᠮᠦᠨ᠎ᠡ᠂ | ᠮᠠᠯᠠᠶᠢᠰᠢᠶ᠎ᠠ ᠶᠢᠨ ᠡᠮᠦᠨᠡᠲᠦ ᠲᠠᠯᠠᠢ ᠶᠢᠨ ᠲᠤᠮᠳᠠᠳᠤ ᠶᠢᠨ ᠬᠠᠷᠢᠶᠠᠲᠤ ᠨᠠᠷ ᠤᠨ ᠮᠠᠰᠢᠨ ᠤ ᠠᠵᠢᠯᠴᠢᠳ ᠳᠤᠮᠳᠠᠳᠤ | ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠲᠠᠶᠢᠨ ᠤ ᠵᠠᠩᠭᠢᠯᠠᠭ᠎ᠠ ᠶᠢᠨ ᠦᠶ᠎ᠡ ᠳᠤ ᠶᠦᠨᠨᠠᠨ ᠳᠤ ᠬᠦᠷᠴᠦ᠂ | ᠶᠦᠨᠨᠠᠨ ᠪᠢᠷᠮᠠ ᠶᠢᠨ ᠵᠠᠰᠠᠮᠠᠯ ᠵᠠᠮ ᠭᠡᠬᠦ ᠡᠨᠡ ᠬᠦ ᠠᠮᠢᠨ ᠰᠤᠳᠠᠰᠤ ᠪᠤᠯᠤᠬᠰᠠᠨ ᠵᠠᠮ ᠱᠤᠭᠤᠮ ᠢ ᠬᠠᠪᠰᠤᠷᠤᠨ | ᠨᠡᠪᠲᠡᠷᠡᠭᠦᠯᠪᠡ᠃ ᠡᠳᠡᠭᠡᠷ ᠲᠠᠭᠤᠷᠢᠰᠬᠠᠯ ᠨᠢ ᠣᠳᠣ ᠪᠣᠯᠲᠠᠯ᠎ᠠ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠠᠷᠠᠳ | ᠲᠦᠮᠡᠨ ᠤ ᠳᠤᠮᠳᠠ ᠥᠷᠭᠡᠨ ᠢᠶᠠᠷ ᠤᠯᠠᠮᠵᠢᠯᠠᠭᠳᠠᠭᠰᠠᠭᠠᠷ ᠪᠠᠶᠢᠨ᠎ᠠ᠃ ᠥᠨᠥᠳᠦᠷ ᠤᠨ ᠶᠠᠪᠤᠳᠠᠯ ᠠᠴᠠ | ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ ᠬᠠᠮᠲᠤ ᠪᠠᠷ ᠴᠢᠷᠮᠠᠶᠢᠵᠤ᠂ | ᠡᠨᠡ ᠬᠦ ᠲᠡᠦᠬᠡ ᠶᠢᠨ ᠤᠷᠳᠤ ᠤᠷᠤᠰᠬᠠᠯ ᠲᠠᠭᠠᠵᠤ ᠠᠶᠠᠯᠠᠨ ᠢᠷᠡᠭᠰᠡᠨ ᠨᠥᠬᠦᠷᠯᠡᠯ ᠤᠨ ᠣᠩᠭᠤᠴᠠ ᠳᠤ ᠲᠠᠬᠢᠨ | ᠬᠥᠳᠡᠯᠭᠡᠬᠦ ᠬᠦᠴᠦᠨ ᠨᠡᠮᠡᠷᠢᠯᠡᠵᠦ᠂ ᠯᠠᠪᠳᠠᠭᠤᠨ ᠢᠶᠠᠷ ᠬᠤᠯᠠ ᠠᠶᠠᠯᠠᠭᠤᠯᠤᠶ᠎ᠠ᠃ | ᠪᠢᠳᠡ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠶᠢᠨ ᠤᠩᠭᠤᠴᠠᠨ ᠤ ᠵᠠᠯᠠᠭᠤᠷ ᠢ ᠪᠠᠲᠤ ᠡᠵᠡᠮᠳᠡᠶ᠎ᠡ᠃ | 51 ᠵᠢᠯ ᠤᠨ ᠡᠮᠦᠨ᠎ᠡ᠂ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠤᠳᠤᠷᠢᠳᠬᠤ ᠬᠥᠮᠦᠨ ᠬᠦᠢᠳᠡᠨ ᠲᠠᠶᠢᠨ ᠤ | ᠤᠨᠢᠶᠠᠷ ᠬᠦᠳᠡᠩ ᠢ ᠰᠢᠪᠲᠤᠯᠤᠨ ᠭᠠᠳᠠᠭᠠᠳᠤ ᠬᠠᠷᠢᠯᠴᠠᠭ᠎ᠠ ᠪᠠᠶᠢᠭᠤᠯᠬᠤ ᠪᠠᠷ ᠲᠣᠭᠲᠠᠵᠤ᠂ ᠳᠤᠮᠳᠠᠳᠤ ᠤᠯᠤᠰ ᠪᠣᠯᠤᠨ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠤᠳ ᠤᠨ ᠬᠠᠷᠢᠯᠴᠠᠭ᠎ᠠ ᠶᠢᠨ ᠵᠠᠮ ᠢ | ᠨᠡᠭᠡᠭᠡᠪᠠ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ᠂ ᠳᠤᠮᠳᠠᠳᠤ ᠮᠠᠯᠠᠶᠢᠰᠢᠶ᠎ᠠ ᠬᠤᠶᠠᠷ ᠲᠠᠯ᠎ᠠ ᠪᠠᠷ ᠢᠶᠠᠨ | ᠢᠮᠠᠭᠲᠠ ᠪᠠᠶᠢᠯᠳᠤᠬᠤ ᠪᠤᠳᠤᠯᠭ᠎ᠠ ᠶᠢᠨ ᠪᠡᠶ᠎ᠡ ᠪᠠᠨ ᠳᠠᠭᠠᠭᠠᠬᠤ ᠳᠤ ᠰᠠᠭᠤᠷᠢᠯᠠᠵᠤ᠂ ᠲᠤᠰ ᠲᠤᠰ ᠤᠨ ᠢᠶᠠᠨ | ᠬᠥᠭᠵᠢᠯᠲᠡ ᠶᠢᠨ ᠵᠠᠮ ᠢ ᠬᠦᠨᠳᠦᠳᠭᠡᠵᠦ᠂ ᠨᠦᠬᠦᠭᠡ ᠡᠲᠡᠭᠡᠳ ᠤᠨ ᠢᠶᠠᠨ ᠭᠤᠣᠯᠯᠠᠭᠴᠢ ᠠᠰᠢᠭ ᠲᠤᠰᠠ ᠪᠣᠯᠤᠨ | ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠲᠡᠮᠵᠢᠵᠥ᠂ ᠤᠯᠤᠰ ᠪᠣᠯᠤᠨ ᠤᠯᠤᠰ ᠤᠨ | ᠬᠠᠷᠢᠯᠴᠠᠨ ᠠᠮᠵᠢᠯᠲᠠ ᠤᠯᠬᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠬᠡᠪ ᠳᠠᠭᠤᠷᠢᠶᠠᠯ ᠢ ᠪᠤᠢ | ᠪᠣᠯᠭᠠᠪᠠ᠃ 2023 ᠣᠨ ᠳᠤ᠂ ᠪᠢ ᠶᠡᠷᠦᠩᠬᠡᠢ ᠰᠠᠶᠢᠳ ᠠᠨᠸᠠᠷ ᠯᠤᠭ᠎ᠠ ᠳᠤᠮᠳᠠᠳᠤ ᠮᠠᠯᠠᠶᠢᠰᠢᠶ᠎ᠠ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠲᠤᠬᠠᠢ ᠴᠢᠬᠤᠯᠠ ᠬᠠᠮᠲᠤ ᠶᠢᠨ | ᠲᠠᠨᠢᠯᠲᠠ ᠲᠠᠢ ᠪᠤᠯᠵᠤ᠂ ᠬᠤᠶᠠᠷ ᠲᠠᠯ᠎ᠠ ᠶᠢᠨ ᠬᠠᠷᠢᠯᠴᠠᠭ᠎ᠠ ᠲᠡᠦᠬᠡ ᠶᠢᠨ ᠰᠢᠨ᠎ᠡ ᠬᠠᠭᠤᠳᠠᠰᠤ ᠶᠢ ᠨᠡᠭᠡᠭᠡᠪᠡ᠃ | ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠨᠢᠭᠲᠠᠷᠠᠭᠤᠯᠵᠤ᠂ ᠤᠯᠤᠰ ᠲᠦᠷᠦ ᠶᠢᠨ | ᠢᠲᠡᠭᠡᠯᠴᠡᠭᠡ ᠪᠠᠨ ᠨᠡᠮᠡᠭᠳᠡᠭᠦᠯᠵᠦ᠂ ᠬᠤᠶᠠᠷ ᠤᠯᠤᠰ ᠤᠨ ᠵᠠᠰᠠᠭ ᠤᠨ ᠣᠷᠳᠣᠨ ᠤ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠳᠦᠭᠡᠨ ᠪᠠᠶᠢᠭᠤᠯᠬᠤ ᠬᠠᠮᠲᠤᠷᠠᠯᠴᠠᠭᠠᠨ ᠤ ᠲᠥᠯᠥᠪᠵᠢᠭᠦᠯᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠵᠣᠯᠭᠠᠯᠴᠠᠭ᠎ᠠ ᠪᠣᠯᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠪᠠᠶᠢᠯᠳᠤᠬᠤ ᠪᠤᠳᠤᠯᠭ᠎ᠠ ᠶᠢᠨ | ᠬᠠᠮᠲᠤᠷᠠᠯᠴᠠᠭ᠎ᠠ ᠪᠠᠷ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠤᠶ᠎ᠡ᠃ | ᠪᠢᠳᠠ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭᠠᠨ ᠤ ᠰᠠᠭᠤᠷᠢ ᠶᠢ ᠪᠠᠬᠢᠵᠢᠭᠦᠯᠦᠶ᠎ᠡ᠃ 2024 ᠣᠨ ᠳᠤ᠂ | ᠳᠤᠮᠳᠠᠳᠤ ᠮᠠᠯᠠᠶᠢᠰᠢᠶ᠎ᠠ ᠶᠢᠨ ᠬᠤᠶᠠᠷ ᠲᠠᠯ᠎ᠠ ᠶᠢᠨ ᠠᠷᠠᠯᠵᠢᠶᠠᠨ ᠤ ᠬᠡᠮᠵᠢᠶ᠎ᠡ 2120 ᠳ᠋ᠦᠩᠰᠢᠭᠤᠷ ᠳ᠋ᠣᠯᠯᠠᠷ ᠲᠤ | ᠬᠦᠷᠴᠦ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠬᠤ ᠦᠶ᠎ᠡ ᠶᠢᠨ ᠬᠢ ᠠᠴᠠ ᠮᠢᠩᠭᠠᠨ ᠲᠠᠬᠢᠨ ᠰᠢᠬᠠᠮ ᠨᠡᠮᠡᠭᠳᠡᠵᠦ᠂ | ᠳᠤᠮᠳᠠᠳᠤ ᠤᠯᠤᠰ 16 ᠵᠢᠯ ᠳᠠᠷᠠᠭᠠᠯᠠᠨ ᠮᠠᠯᠠᠶᠢᠰᠢᠶ᠎ᠠ ᠶᠢᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠣᠯᠪᠠ᠃ | ᠮᠠᠯᠠᠶᠢᠰᠢᠶ᠎ᠠ ᠶᠢᠨ ᠰᠢᠨ᠎ᠠ ᠰᠤᠷᠭᠤᠭ ᠳ᠋ᠦᠷᠢᠤ ᠨᠢ ᠨᠢᠭᠡ ᠡᠳᠦᠷ ᠤᠨ ᠳᠣᠲᠣᠷ᠎ᠠ ᠵᠢᠮᠢᠰ ᠤᠨ ᠬᠦᠷᠢᠶᠡᠯᠡᠩ ᠠᠴᠠ ᠳᠤᠮᠳᠠᠳᠤ | ᠤᠯᠤᠰ ᠤᠨ ᠬᠠᠮ ᠳᠡᠯᠭᠡᠭᠦᠷ ᠲᠤ ᠬᠦᠷᠴᠦ ᠳᠡᠶᠢᠯᠬᠦ ᠪᠤᠯᠵᠤ᠂ ᠳᠤᠮᠳᠠᠳᠤ ᠤᠯᠤᠰ ᠤᠨ ᠠᠷᠠᠳ ᠣᠯᠠᠨ ᠳᠤ ᠮᠠᠰᠢ | ᠲᠠᠭᠠᠰᠢᠶᠠᠭᠳᠠᠪᠠ᠃ ᠮᠠᠯᠠᠶᠢᠰᠢᠶ᠎ᠠ ᠳᠤᠮᠳᠠᠳᠤ ᠤᠯᠤᠰ ᠤᠨ ᠭᠤᠸᠠᠨ ᠳ᠋ᠠᠨ ᠠᠵᠤ ᠦᠢᠯᠡᠰ ᠤᠨ ᠬᠦᠷᠢᠶᠡᠯᠡᠩ ᠲᠣᠭᠤᠷᠢᠭ | ᠨᠡᠶᠢᠳᠡ 110 ᠳ᠋ᠦᠩᠰᠢᠭᠤᠷ ᠲᠥᠭᠦᠷᠢᠭ ᠤᠨ ᠠᠷᠠᠳ ᠤᠨ ᠵᠣᠭᠤᠰ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ | ᠬᠦᠷᠢᠶᠡᠯᠡᠩ ᠳᠤ ᠣᠷᠣᠬᠤ ᠲᠦᠷᠦᠯ ᠵᠦᠢᠯ ᠪᠦᠬᠦᠨ ᠢᠶᠠᠷ ᠢᠶᠠᠨ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠤ | ᠳᠠᠷᠠᠭ᠎ᠠ ᠮᠠᠰᠢ ᠤᠯᠠᠨ ᠤᠷᠳᠤ ᠬᠤᠭᠤᠴᠠᠭᠠᠨ ᠤ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠡᠭᠦᠳᠬᠦ ᠪᠣᠯᠤᠨ᠎ᠠ᠃ | ᠬᠤᠶᠠᠷ ᠤᠯᠤᠰ ᠤᠨ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠬᠥᠭᠵᠢᠯᠲᠡ᠂ ᠠᠵᠤ ᠦᠢᠯᠡᠰ ᠤᠨ ᠪᠠᠯᠠ | ᠣᠷᠣᠭᠤᠯᠤᠯᠲᠠ᠂ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠳᠠᠯᠳᠠ ᠬᠦᠴᠦᠨ ᠲᠠᠰᠤᠷᠠᠯᠲᠠ ᠥᠬᠡᠶ ᠪᠠᠳᠠᠷᠠᠵᠤ ᠪᠠᠶᠢᠨ᠎ᠠ᠃ ᠬᠤᠶᠠᠷ | ᠲᠠᠯ᠎ᠠ ᠪᠠᠷ ᠢᠶᠠᠨ ᠬᠠᠷᠢᠯᠴᠠᠨ ᠠᠰᠢᠭᠲᠠᠶ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠴᠢᠨᠠᠷ ᠰᠠᠶᠢᠲᠠᠶ ᠪᠥᠲᠥᠭᠡᠨ ᠪᠠᠶᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠶ᠂ ᠪᠣᠬᠢᠷᠲᠤᠯ ᠥᠬᠡᠶ ᠠᠵᠤ | ᠠᠬᠤᠶ᠂ ᠳᠠᠯᠠᠢ ᠳᠠᠩᠬᠢᠰ ᠤᠨ ᠠᠵᠤ ᠠᠬᠤᠶ᠂ ᠵᠢᠭᠤᠯᠴᠢᠯᠠᠯ ᠤᠨ ᠠᠵᠤ ᠠᠬᠤᠶ ᠶᠢᠨ ᠬᠠᠮᠲᠤᠷᠠᠯᠴᠠᠭ᠎ᠠ ᠶᠢ | ᠭᠤᠤᠯᠳᠠᠯᠭ᠎ᠠ ᠲᠠᠢ ᠠᠬᠢᠭᠤᠯᠵᠤ᠂ ᠲᠣᠰ ᠲᠣᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | ᠪᠢᠳᠡ ᠰᠣᠶᠣᠯ ᠢᠷᠭᠡᠨᠰᠢᠯ ᠤᠨ ᠰᠣᠯᠢᠯᠴᠠᠭᠠᠨ ᠤ ᠣᠩᠭᠤᠴᠠᠨ ᠤ ᠰᠡᠯᠢᠭᠦᠷ ᠢ ᠰᠠᠶᠢᠲᠤᠷ ᠰᠡᠯᠢᠶᠡ᠃ ᠳᠤᠮᠳᠠᠳᠤ | ᠤᠯᠤᠰ ᠪᠣᠯᠤᠨ ᠮᠠᠯᠠᠶᠢᠰᠢᠶ᠎ᠠ ᠬᠠᠷᠢᠯᠴᠠᠨ ᠨᠥᠭᠦᠭᠡ ᠤᠯᠤᠰ ᠤᠨ ᠢᠶᠠᠨ ᠠᠷᠠᠳ ᠢᠷᠭᠡᠨ ᠳᠤ ᠸᠢᠰᠠ ᠶᠢ ᠬᠡᠯᠲᠦᠷᠢᠭᠦᠯᠬᠦ | ᠬᠠᠷᠠᠭᠠᠯᠵᠠᠯ ᠦᠵᠡᠭᠦᠯᠪᠡ᠃ 2024 ᠣᠨ ᠳᠤ᠂ ᠬᠤᠶᠠᠷ ᠤᠯᠤᠰ ᠤᠨ ᠬᠥᠮᠦᠰ ᠤᠨ ᠶᠠᠪᠤᠯᠴᠠᠭ᠎ᠠ 600 ᠲᠦᠮᠡ | ᠰᠢᠬᠠᠮ ᠬᠥᠮᠦᠨ ᠤᠳᠠᠭ᠎ᠠ ᠳᠤ ᠬᠦᠷᠴᠦ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ | ᠡᠮᠦᠨᠡᠬᠢ ᠲᠦᠪᠰᠢᠨ ᠠᠴᠠ ᠳᠠᠪᠠᠪᠠ᠃ ︽ᠮᠠᠯᠠᠶᠢᠰᠢᠶ᠎ᠠ ᠪᠤᠯ ᠠᠽᠢᠶ᠎ᠠ ᠲᠢᠪ ᠤᠨ ᠭᠠᠶᠢᠬᠠᠮᠰᠢᠭ︾ ᠭᠡᠬᠦ ᠵᠠᠷ ᠨᠢ | ᠮᠠᠯᠠᠶᠢᠰᠢᠶ᠎ᠠ ᠶᠢᠨ ᠰᠣᠶᠣᠯ᠂ ᠲᠡᠦᠬᠡ᠂ ᠦᠵᠡᠮᠵᠢ ᠶᠢᠨ ᠥᠪᠡᠷᠮᠢᠴᠡ ᠭᠠᠶᠢᠬᠠᠮᠰᠢᠭ ᠢ ᠬᠠᠷᠠᠭᠤᠯᠵᠤ᠂ ᠮᠠᠰᠢ ᠤᠯᠠᠨ | ᠳᠤᠮᠳᠠᠳᠤ ᠤᠯᠤᠰ ᠤᠨ ᠵᠢᠭᠤᠯᠴᠢᠯᠠᠭᠰᠠᠳ ᠢ ᠲᠠᠲᠠᠵᠤ ᠵᠢᠭᠤᠯᠴᠢᠯᠠᠨ ᠲᠣᠭᠤᠷᠢᠬᠤ ᠶᠢ ᠲᠠᠶᠢᠴᠢᠯᠠᠪᠠ᠃ ᠡᠭᠦᠨ ᠤ | ᠬᠠᠮᠲᠤ᠂ ᠨᠡᠩ ᠤᠯᠠᠨ ᠮᠠᠯᠠᠶᠢᠰᠢᠶ᠎ᠠ ᠶᠢᠨ ᠵᠢᠭᠤᠯᠴᠢᠯᠠᠭᠰᠠᠳ ᠳᠤᠮᠳᠠᠳᠤ ᠤᠯᠤᠰ ᠲᠤ ᠠᠶᠢᠯᠴᠢᠯᠠᠵᠤ᠂ ᠡᠯᠪᠡᠭ ᠪᠠᠶᠠᠯᠢᠭ | ︽ᠡᠷᠲᠡᠨ ᠤ ᠬᠡᠪ ᠨᠠᠮᠪᠠ︾ ᠪᠠ ᠦᠡᠭᠭᠡ ᠢᠯᠭᠠᠷᠠᠭᠰᠠᠨ ︽ᠤᠳᠤ ᠴᠠᠭ ᠤᠨ ᠤᠷᠤᠰᠬᠠᠯ︾ ᠢ ᠣᠶᠢᠯᠠᠭᠠᠨ ᠮᠡᠳᠡᠷᠡᠵᠦ | ᠪᠠᠶᠢᠨ᠎ᠠ᠃ ᠳᠤᠮᠳᠠᠳᠤ ᠮᠠᠯᠠᠶᠢᠰᠢᠶ᠎ᠠ ᠬᠤᠶᠠᠷ ᠤᠯᠤᠰ ᠤᠨ ᠠᠷᠠᠳ ᠲᠦᠮᠡᠨ ᠲᠦᠷᠦᠯ ᠰᠠᠳᠤᠨ ᠰᠢᠭ᠋ ᠢᠶᠠᠷ ᠦᠷᠭᠦᠯᠵᠢ | ᠶᠠᠪᠤᠯᠴᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠣᠯᠤᠨ ᠪᠣᠯᠪᠠᠰᠤᠨ ᠢᠶᠠᠨ ᠬᠠᠷᠢᠯᠴᠠᠨ ᠲᠤᠯᠢ ᠪᠤᠯᠭᠠᠬᠤ ᠶᠢ | ᠠᠬᠢᠭᠤᠯᠵᠤ᠂ ᠬᠠᠷᠢᠯᠴᠠᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ | ᠳᠣᠲᠣᠨᠣ ᠪᠠᠶᠢᠬᠤ ᠶᠢ ᠠᠬᠢᠭᠤᠯᠤᠶ᠎ᠠ᠃ | ᠪᠢᠳᠡ ᠣᠯᠠᠨ ᠲᠠᠯ᠎ᠠ ᠶᠢᠨ ᠬᠠᠮᠵᠢᠯᠴᠠᠭ᠎ᠠ ᠶᠢᠨ ᠳᠠᠷᠪᠠᠭᠤᠯ ᠢ ᠬᠡᠶᠢᠰᠭᠡᠶᠡ᠃ ᠳᠤᠮᠳᠠᠳᠤ ᠮᠠᠯᠠᠶᠢᠰᠢᠶ᠎ᠠ ᠬᠤᠶᠠᠷ | ᠤᠯᠤᠰ ᠴᠥᠮ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠬᠤᠯᠠ ᠬᠥᠭᠵᠢᠵᠦ ᠪᠠᠶᠢᠭ᠎ᠠ ᠤᠯᠤᠰ᠂ ᠰᠢᠨ᠎ᠡ ᠪᠠᠷ | ᠮᠠᠨᠳᠤᠭᠰᠠᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠴᠣᠭᠴᠠ᠂ ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ | ᠤᠯᠤᠰ ᠤᠳ ᠤᠨ ᠪᠦᠷᠢᠯᠳᠦᠬᠦᠨ ᠮᠥᠨ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ | ᠨᠡᠭᠡᠭᠡᠯᠲᠡᠲᠡᠢ ᠪᠠᠭᠲᠠᠭᠠᠮᠵᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠵᠣᠭᠰᠣᠯᠲᠠ ᠠᠳᠠᠯᠢᠪᠲᠤᠷ᠂ ᠵᠡᠭᠦᠨ | ᠠᠽᠢᠶ᠎ᠠ ᠶᠢᠨ ᠬᠠᠮᠲᠤᠷᠠᠯᠴᠠᠭ᠎ᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠪᠣᠷᠣ | ᠲᠥᠯᠥᠪ ᠤᠨ ᠳᠣᠲᠣᠷ᠎ᠠ ᠨᠢᠭᠲᠠ ᠬᠠᠮᠵᠢᠯᠴᠠᠪᠠ᠃ ᠳᠤᠮᠳᠠᠳᠤ ᠤᠯᠤᠰ ᠮᠠᠯᠠᠶᠢᠰᠢᠶ᠎ᠠ ᠶᠢᠨ ᠠᠯᠳᠠᠨ ᠲᠣᠭᠤᠰᠬ᠎ᠠ | ᠤᠯᠤᠰ ᠤᠳ ᠤᠨ ᠬᠠᠨᠢᠲᠠᠨ ᠤᠯᠤᠰ ᠪᠤᠯᠬᠤ ᠶᠢ ᠪᠠᠶᠠᠷᠯᠠᠨ ᠤᠭᠲᠤᠵᠤ ᠪᠠᠶᠢᠨ᠎ᠠ᠂ ᠡᠨᠡ ᠨᠢ ᠪᠦᠬᠦ ᠪᠥᠮᠪᠥᠷᠴᠡᠭ ᠤᠨ | ᠬᠦᠭᠵᠢᠵᠦ ᠪᠠᠶᠢᠭ᠎ᠠ ᠤᠯᠤᠰ ᠤᠳ ᠬᠤᠯᠪᠣᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠴᠠᠭ ᠦᠶ᠎ᠡ ᠶᠢᠨ ᠶᠡᠭᠡ | ᠬᠠᠨᠳᠤᠰᠢ ᠳᠤ ᠨᠡᠶᠢᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠬᠤ ᠳᠤ | ᠠᠰᠢᠭᠲᠠᠢ ᠶᠤᠮ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ | ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 80 ᠵᠢᠯ ᠤᠨ ᠣᠶ᠂ ᠣᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠬᠤ ᠪᠥᠭᠡᠳ ᠪᠠᠨᠳᠥ᠋ᠩ ᠤᠨ ᠬᠤᠷᠠᠯᠳᠤᠭᠠᠨ | ᠬᠤᠷᠠᠯᠳᠤᠭᠰᠠᠨ 70 ᠵᠢᠯ ᠤᠨ ᠣᠶ ᠪᠣᠯᠤᠨ᠎ᠠ᠃ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ | ᠶᠠᠪᠤᠳᠠᠯ ᠳᠠᠬᠢ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ | ᠪᠣᠯᠤᠨ ᠪᠠᠨᠳᠦ᠋ᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠣᠯᠭᠠᠭᠰᠠᠨ ᠤᠯᠠᠨ ᠤᠯᠤᠰ ᠤᠨ ᠰᠢᠰᠲ᠋ᠧᠮ ᠪᠣᠯᠤᠨ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ | ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ | ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠶ᠎ᠠ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ | ᠬᠠᠮᠠᠭᠠᠯᠠᠵᠤ᠂ ᠪᠦᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠢ | ᠬᠠᠮᠠᠭᠠᠯᠠᠵᠤ᠂ ᠨᠡᠭᠡᠭᠡᠯᠲᠡᠳᠠᠢ ᠬᠠᠮᠲᠤᠷᠠᠯᠴᠠᠭ᠎ᠠ ᠬᠢᠬᠦ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ | ᠳᠤᠮᠳᠠᠳᠤ ᠮᠠᠯᠠᠶᠢᠰᠢᠶ᠎ᠠ ᠬᠤᠶᠠᠷ ᠤᠯᠤᠰ ᠪᠣᠯ ᠠᠮᠤᠷ ᠲᠦᠪᠰᠢᠨ ᠠᠶᠤᠯ ᠲᠦᠭᠰᠢᠭᠦᠷᠢ ᠪᠠᠨ ᠬᠠᠮᠲᠤᠳᠬᠠᠭᠰᠠᠨ᠂ | ᠠᠯᠳᠠᠷ ᠭᠤᠲᠤᠮᠰᠢᠭ ᠢᠶᠠᠨ ᠬᠠᠮᠲᠤᠳᠬᠠᠭᠰᠠᠨ᠂ ᠭᠠᠰᠠᠯᠠᠩ ᠵᠤᠪᠠᠯᠠᠩ ᠢᠶᠠᠨ ᠬᠠᠮᠳᠤᠳᠬᠠᠭᠰᠠᠨ ᠬᠤᠪᠢ ᠵᠠᠶᠠᠭᠠᠨ ᠤ | ᠬᠠᠮᠲᠤ ᠶᠢᠨ ᠴᠣᠭᠴᠠ ᠮᠥᠨ᠃ ︽ᠵᠢᠷᠭᠠᠯ ᠢ ᠬᠠᠮᠳᠤᠳᠠ ᠡᠳ᠋ᠯᠡᠵᠤ ᠵᠣᠪᠠᠯᠠᠩ ᠢ ᠬᠠᠮᠲᠤᠳᠠ ᠲᠤᠭᠤᠯᠬᠤ︾ ᠪᠣᠯ | ᠬᠤᠶᠠᠷ ᠤᠯᠤᠰ ᠤᠨ ᠬᠠᠮᠲᠤ ᠶᠢᠨ ᠵᠦᠢᠷ ᠰᠡᠴᠡᠨ ᠦᠭᠡ ᠪᠠᠶᠢᠵᠤ᠂ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠦᠨᠡᠨ ᠶᠣᠰᠣ ᠶᠢ ᠢᠯᠡᠷᠡᠭᠦᠯᠪᠡ᠃ ᠬᠤᠶᠠᠷ ᠲᠠᠯ᠎ᠠ ᠪᠠᠷ ᠢᠶᠠᠨ ᠤᠷᠤᠰᠬᠠᠯ ᠤᠨ ᠡᠮᠦᠨ᠎ᠡ | ᠵᠣᠷᠢᠭᠲᠠᠢ ᠵᠣᠭᠰᠣᠵᠤ᠂ ᠭᠠᠪᠰᠢᠭᠠᠶᠢᠯᠠᠨ ᠲᠡᠮᠡᠴᠡᠵᠦ᠂ ᠬᠦᠭᠵᠢᠭᠰᠡᠨ᠂ ᠪᠤᠵᠠᠭᠠᠶᠢᠷᠠᠭᠰᠠᠨ᠂ ᠴᠡᠴᠡᠭᠯᠡᠨ ᠬᠦᠭᠵᠢᠭᠰᠡᠨ | ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠨᠡᠭᠡᠭᠡᠶ᠎ᠡ᠃ ᠳᠤᠮᠳᠠᠳᠤ ᠤᠯᠤᠰ ᠪᠣᠯᠤᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠡᠯ᠎ᠡ ᠤᠯᠤᠰ ᠤᠨ ᠨᠥᠬᠦᠷᠰᠡᠭ ᠬᠠᠮᠲᠤᠷᠠᠯᠴᠠᠭ᠎ᠠ ᠴᠠᠭ ᠦᠶ᠎ᠡ ᠶᠢᠨ ᠰᠠᠯᠬᠢ | ᠪᠣᠷᠣᠭᠠᠨ ᠢ ᠲᠤᠭᠤᠯᠵᠤ᠂ ᠶᠠᠪᠤᠬᠤ ᠲᠤᠳᠤᠮ ᠪᠠᠬᠢᠵᠢᠪᠡ᠃ ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠶᠢᠨ ᠶᠠᠷᠢᠯᠴᠠᠭᠠᠨ ᠤ ᠬᠠᠨᠢᠲᠠᠨ ᠤ ᠲᠤᠳᠤᠷ᠎ᠠ ᠬᠠᠮᠤᠭ ᠤᠨ ᠲᠦᠷᠦᠭᠦᠨ ᠳᠤ ︽ᠵᠡᠭᠦᠨ | ᠡᠮᠦᠨᠡᠲᠦ ᠠᠽᠢᠶ᠎ᠠ ᠶᠢᠨ ᠨᠥᠬᠦᠷᠰᠡᠭ ᠬᠠᠮᠲᠤᠷᠠᠯᠴᠠᠭᠠᠨ ᠤ ᠭᠡᠷ᠎ᠡ︾ ᠳᠤ ᠣᠷᠣᠯᠴᠠᠵᠤ᠂ ᠬᠠᠮᠤᠭ ᠤᠨ ᠲᠥᠷᠥᠬᠦᠨ ᠳᠤ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠲᠠᠢ ᠴᠢᠯᠥᠭᠡᠲᠦ ᠠᠷᠠᠯᠵᠢᠶᠠᠨ ᠤ ᠣᠷᠣᠨ ᠪᠣᠯᠤᠨ ᠪᠦᠬᠦ | ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ᠂ ᠳᠤᠮᠳᠠᠳᠤ ᠤᠯᠤᠰ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤᠷᠠᠯᠴᠠᠭ᠎ᠠ ᠨᠢ ᠣᠷᠣᠨ ᠪᠦᠰᠡ ᠶᠢᠨ ᠬᠠᠮᠲᠤᠷᠠᠯᠴᠠᠭ᠎ᠠ | ᠳᠤᠮᠳᠠ ᠬᠠᠮᠤᠭ ᠤᠨ ᠪᠣᠳᠠᠲᠠᠢ ᠶᠢ ᠡᠷᠬᠢᠮᠯᠡᠵᠦ᠂ ᠬᠠᠮᠤᠭ ᠤᠨ ᠦᠯᠡᠮᠵᠢ ᠦᠷ᠎ᠡ ᠪᠦᠲᠦᠭᠡᠯ ᠤᠯᠪᠠ᠃ ᠠᠽᠢᠶ᠎ᠠ | ᠲᠢᠪ ᠤᠨ ᠮᠥᠩᠭᠦᠨ ᠭᠦᠢᠯᠭᠡᠭᠡᠨ ᠤ ᠬᠢᠮᠤᠷᠠᠯ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠮᠤᠷᠠᠯ᠂ ᠰᠢᠨ᠎ᠡ | ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠥᠷᠢᠰᠥᠯᠳᠦᠭᠡᠨ ᠪᠣᠯᠤᠨ ᠠᠵᠤ ᠠᠬᠤᠢ ᠶᠢᠨ | ᠳᠡᠯᠡᠬᠡᠶᠢᠵᠢᠯᠲᠡ ᠶᠢᠨ ᠰᠥᠷᠭᠡᠦ ᠤᠷᠤᠰᠬᠠᠯ ᠤᠨ ᠡᠮᠦᠨ᠎ᠡ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠠᠪᠰᠤᠷᠤᠯᠴᠠᠵᠤ᠂ | ᠬᠤᠶᠠᠷ ᠲᠠᠯ᠎ᠠ ᠶᠢᠨ ᠬᠠᠮᠲᠤᠷᠠᠯᠴᠠᠭ᠎ᠠ ᠤᠯᠠᠮ ᠡᠷᠡᠰ ᠪᠠᠲᠤ ᠪᠣᠯᠪᠠ᠃ 2024 ᠣᠨ ᠳᠤ᠂ ᠳᠤᠮᠳᠠᠳᠤ ᠤᠯᠤᠰ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠠᠷᠠᠯᠵᠢᠶᠠᠨ ᠤ ᠬᠡᠮᠵᠢᠶ᠎ᠡ 9800 ᠳ᠋ᠦᠩᠰᠢᠭᠤᠷ ᠳ᠋ᠣᠯᠯᠠᠷ ᠢ | ᠳᠠᠪᠠᠵᠤ᠂ 5 ᠵᠢᠯ ᠳᠠᠷᠠᠭᠠᠯᠠᠨ ᠬᠠᠷᠢᠯᠴᠠᠨ ᠨᠢᠭᠡᠳᠦᠭᠡᠷ ᠲᠤᠮᠤ ᠠᠷᠠᠯᠵᠢᠶᠠᠨ ᠤ ᠬᠠᠨᠢᠲᠠᠨ ᠪᠤᠯᠵᠤ᠂ ᠳᠤᠮᠳᠠᠳᠤ ᠤᠯᠤᠰ | - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠴᠢᠯᠥᠭᠡᠲᠦ ᠠᠷᠠᠯᠵᠢᠶᠠᠨ ᠤ ᠣᠷᠣᠨ ᠤ 3.0 | ᠬᠡᠪᠯᠡᠯ ᠤᠨ ᠬᠡᠯᠡᠯᠴᠡᠭᠡ ᠦᠨᠡᠨ ᠪᠣᠳᠠᠲᠠᠢ ᠳᠠᠭᠤᠰᠪᠠ᠃ ᠨᠡᠩ ᠤᠯᠠᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ | ᠬᠤᠯᠪᠣᠭ᠎ᠠ ᠶᠢᠨ ᠤᠯᠤᠰ ᠤᠨ ᠰᠢᠯᠢᠳᠡᠭ ᠤᠨᠴᠠᠯᠢᠬᠳᠤ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ | ᠡᠷᠦᠬᠡ ᠳᠤ ᠬᠦᠷᠭᠡᠭᠳᠡᠵᠦ᠂ ᠳᠤᠮᠳᠠᠳᠤ ᠤᠯᠤᠰ ᠤᠨ ᠤᠳᠬ᠎ᠠ ᠵᠣᠬᠢᠶᠠᠯ᠂ ᠺᠠᠷᠲ᠋ᠣᠨ ᠵᠢᠷᠤᠭ᠂ ᠺᠢᠨᠣ᠋ ᠲᠧᠯᠸᠢᠰ ᠤᠨ | ᠪᠦᠲᠦᠭᠡᠯ ᠵᠡᠷᠭᠡ ᠲᠠᠰᠤᠷᠠᠯᠳᠠ ᠦᠬᠡᠢ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠤᠯᠤᠰ ᠲᠤ | ᠲᠠᠮᠵᠢᠭᠳᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠪᠣᠯᠤᠨ ᠲᠠᠲᠠᠬᠤ ᠬᠦᠴᠦᠨ ᠢᠶᠠᠷ ᠪᠢᠯᠬᠠᠬᠰᠠᠨ | ᠤᠳᠤ ᠦᠶ᠎ᠡ ᠶᠢᠨ ᠠᠮᠢᠳᠤᠷᠠᠯ ᠤᠨ ᠠᠭᠤᠷ ᠠᠮᠢᠰᠬᠤᠯ ᠢ ᠬᠦᠷᠭᠡᠵᠦ ᠤᠴᠢᠪᠠ᠃ | ᠳᠤᠮᠳᠠᠳᠤ ᠤᠯᠤᠰ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ ᠵᠡᠭᠦᠨ | ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠡᠷᠡᠰ | ᠲᠡᠮᠵᠢᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠤᠷᠤᠨ ᠪᠦᠰᠡ ᠶᠢᠨ ᠪᠦᠲᠦᠴᠡ | ᠳᠤᠮᠳᠠᠬᠢ ᠭᠤᠤᠯᠯᠠᠬᠤ ᠪᠠᠶᠢᠷᠢ ᠰᠠᠭᠤᠷᠢ ᠶᠢ ᠳᠡᠮᠵᠢᠨ᠎ᠡ᠃ ᠳᠤᠮᠳᠠᠳᠤ ᠤᠯᠤᠰ ᠮᠠᠯᠠᠶᠢᠰᠢᠶ᠎ᠠ ᠶᠢᠨ 2025 ᠣᠨ ᠤ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠮᠠᠯᠠᠶᠢᠰᠢᠶ᠎ᠠ ᠨᠢ ᠳᠤᠮᠳᠠᠳᠤ ᠤᠯᠤᠰ ᠪᠠ | ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠠᠷᠢᠯᠴᠠᠭ᠎ᠠ ᠶᠢ ᠵᠣᠬᠢᠴᠠᠭᠤᠯᠤᠭᠴᠢ ᠤᠯᠤᠰ | ᠪᠣᠯᠤᠭᠰᠠᠨ ᠤ ᠬᠤᠪᠢ ᠳᠤ ᠬᠦᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠨᠡᠩ ᠰᠠᠶᠢᠳᠦᠷ ᠪᠠᠳᠠᠷᠠᠭᠤᠯᠬᠤ ᠶᠢ ᠬᠦᠰᠡᠵᠤ | ᠪᠠᠶᠢᠨ᠎ᠠ᠃ ᠳᠤᠮᠳᠠᠳᠤ ᠤᠯᠤᠰ ᠤᠳᠤ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ | ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ | ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠂ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠡᠩᠬᠡ | ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ ᠬᠠᠮᠲᠤᠷᠠᠯᠴᠠᠬᠤ᠂ ᠬᠠᠮᠲᠤ ᠪᠠᠷ ᠴᠡᠴᠡᠭᠯᠡᠨ ᠬᠥᠭᠵᠢᠬᠦ ᠶᠢ | ᠪᠡᠶᠡᠯᠡᠭᠦᠯᠦᠨ᠎ᠡ᠃ ᠳᠤᠮᠳᠠᠳᠤ ᠤᠯᠤᠰ ᠤᠨ ᠠᠵᠤ ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠤᠯᠠᠨ᠂ ᠤᠶᠠᠨ | ᠬᠠᠳᠠᠨ ᠴᠢᠨᠠᠷ ᠢᠶᠠᠷ ᠴᠢᠩᠭ᠎ᠠ᠂ ᠲᠠᠯᠳᠠ ᠬᠦᠴᠦᠨ ᠢᠶᠠᠷ ᠶᠡᠭᠡ ᠪᠠᠶᠢᠵᠤ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠶᠢ | ᠲᠤᠯᠭᠠᠭᠤᠷᠢᠯᠠᠬᠤ ᠨᠥᠬᠦᠴᠡᠯ ᠪᠣᠯᠣᠨ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠃ ᠳᠤᠮᠳᠠᠳᠤ ᠤᠯᠤᠰ | 2025 ᠣᠨ ᠤ ᠠᠵᠤ ᠠᠬᠤᠢ ᠶᠢᠨ ᠨᠡᠮᠡᠭᠳᠡᠯ ᠤᠨ ᠵᠢᠱᠢᠭᠰᠡᠨ ᠬᠠᠷᠠᠯᠲᠠ ᠶᠢ 5% ᠣᠷᠴᠢᠮ ᠢᠶᠠᠷ ᠲᠣᠭᠲᠠᠭᠠᠵᠤ᠂ | ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠥᠷᠭᠡᠳᠬᠡᠵᠦ᠂ ᠡᠯ᠎ᠡ ᠤᠯᠤᠰ ᠲᠠᠢ ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ | ᠭᠠᠵᠠᠷ ᠣᠷᠣᠨ ᠴᠢᠨᠠᠭᠰᠢᠯᠠᠪᠠᠯ ᠳᠡᠯᠡᠬᠡᠢ ᠶᠢᠨ ᠠᠵᠤ ᠠᠬᠤᠢ ᠳᠤ ᠨᠡᠩ ᠤᠯᠠᠨ ᠲᠣᠭᠲᠠᠪᠤᠷᠢᠲᠤ ᠴᠢᠨᠠᠷ ᠪᠠ | ᠲᠣᠭᠲᠠᠭᠠᠯᠲᠦ ᠴᠢᠨᠠᠷ ᠢ ᠨᠡᠮᠡᠷᠢᠯᠡᠬᠦ ᠪᠣᠯᠣᠨ᠎ᠠ᠃ | ᠪᠦᠯᠬᠦᠮᠳᠡᠯ ᠪᠣᠯ ᠳᠠᠷᠤᠢ ᠬᠦᠴᠦᠨ ᠮᠥᠨ᠂ ᠬᠠᠮᠲᠤᠷᠠᠯᠴᠠᠪᠠᠯ ᠰᠠᠶ᠋ᠢ ᠬᠠᠮᠲᠤ ᠪᠠᠷ ᠠᠰᠢᠭ ᠬᠦᠷᠲᠡᠵᠦ ᠴᠢᠳᠠᠨ᠎ᠠ᠃ | ᠳᠤᠮᠳᠠᠳᠤ ᠤᠯᠤᠰ ᠳᠤᠷᠠᠲᠠᠶ᠎ᠠ ᠮᠠᠯᠠᠶᠢᠰᠢᠶ᠎ᠠ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ | ᠪᠤᠰᠤᠳ ᠤᠯᠤᠰ ᠤᠳ ᠲᠠᠢ ᠬᠠᠮᠲᠤ ᠪᠠᠷ ᠡᠩᠬᠡ ᠲᠠᠶᠢᠪᠤᠩ ᠪᠣᠯᠣᠨ ᠬᠥᠭᠵᠢᠯᠲᠡ ᠶᠢᠨ ᠲᠡᠦᠬᠡ ᠶᠢᠨ ᠤᠷᠤᠰᠬᠠᠯ ᠢ | ᠲᠠᠭᠠᠵᠤ᠂ ᠭᠠᠵᠠᠷ ᠣᠷᠣᠨ ᠤ ᠤᠯᠤᠰ ᠲᠦᠷᠦ ᠪᠣᠯᠣᠨ ᠯᠡᠭᠧᠷ ᠤᠨ ᠡᠰᠡᠷᠭᠦᠴᠡᠯᠳᠦᠯ ᠤᠨ ᠳᠠᠯᠳᠠ ᠤᠷᠤᠰᠬᠠᠯ ᠢ | ᠡᠰᠡᠷᠭᠦᠴᠡᠵᠦ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠨ ᠰᠥᠷᠭᠡᠦ ᠤᠷᠤᠰᠬᠠᠯ ᠢ ᠰᠢᠪᠲᠤᠯᠵᠤ᠂ ᠥᠨᠳᠥᠷ | ᠲᠦᠪᠰᠢᠨ ᠪᠦᠬᠦᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠤᠮᠳᠠᠳᠤ ᠮᠠᠯᠠᠶᠢᠰᠢᠶ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠳᠠᠪᠠᠯᠭᠠᠨ ᠢ ᠰᠥᠷᠦᠨ ᠤᠷᠤᠭᠰᠢᠯᠠᠬᠤ ᠶᠢ ᠠᠬᠢᠭᠤᠯᠵᠤ᠂ ᠭᠠᠷ ᠬᠤᠯᠪᠣᠨ ᠨᠡᠩ ᠨᠢᠭᠲᠠ | ᠳᠤᠮᠳᠠᠳᠤ ᠤᠯᠤᠰ - ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠤᠨ᠎ᠠ᠃ | |