ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 26 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 4 ᠰᠠᠷ᠎ᠠ ᠶᠢᠨ 25 ᠤ ᠦᠳᠡ ᠶᠢᠨ | ᠬᠤᠶᠢᠨ᠎ᠠ ᠵᠣᠬᠢᠶᠠᠮᠠᠯ ᠣᠶᠤᠨ ᠴᠢᠳᠠᠪᠤᠷᠢ ᠶᠢ ᠬᠥᠭᠵᠢᠭᠦᠯᠬᠦ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ | ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠰᠢᠨ᠎ᠡ ᠨᠢᠭᠡ | ᠦᠶ᠎ᠡ ᠶᠢᠨ ᠵᠣᠬᠢᠶᠠᠮᠠᠯ ᠣᠶᠤᠨ ᠴᠢᠳᠠᠪᠤᠷᠢ ᠶᠢᠨ ᠮᠡᠷᠭᠡᠵᠢᠯ ᠤᠨ ᠲᠦᠷᠭᠡᠨ ᠬᠤᠪᠢᠰᠤᠯᠲᠠ ᠶᠢᠨ ᠰᠢᠨ᠎ᠡ ᠪᠠᠶᠢᠳᠠᠯ ᠤᠨ | ᠡᠮᠦᠨ᠎ᠡ᠂ ᠰᠢᠨ᠎ᠡ ᠬᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠬᠡᠷᠡᠭᠯᠡᠭᠡᠨ ᠤ ᠤᠳᠤᠷᠢᠳᠤᠮᠵᠢ ᠶᠢ | ᠳᠣᠪᠤᠶᠢᠯᠭᠠᠵᠤ᠂ ᠮᠠᠨ ᠤ ᠤᠯᠤᠰ ᠤᠨ ᠵᠣᠬᠢᠶᠠᠮᠠᠯ ᠣᠶᠤᠨ ᠴᠢᠳᠠᠪᠤᠷᠢ ᠶᠢᠨ ᠠᠰᠢᠭᠲᠠᠢ᠂ ᠠᠮᠤᠷ ᠲᠦᠪᠰᠢᠨ᠂ ᠡᠷᠬᠡ | ᠲᠡᠭᠰᠢ ᠴᠢᠭᠯᠡᠯ ᠲᠡᠶᠢᠰᠢ ᠡᠷᠡᠭᠦᠯ ᠪᠥᠭᠡᠳ ᠡᠮᠬᠢ ᠳᠢᠭᠯᠢᠮ ᠲᠠᠢ ᠬᠥᠭᠵᠢᠬᠦ ᠶᠢ ᠠᠬᠢᠭᠤᠯᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠣᠹᠧᠰᠰᠣᠷ ᠵᠧᠩ ᠨᠠᠨ ᠨᠢᠩ ᠨᠥᠬᠦᠷ ᠡᠨᠡ | ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ | ᠤᠯᠤᠰ ᠲᠥᠷᠥ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ | ᠶᠠᠷᠢᠯᠴᠠᠪᠠ᠃ ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ | ᠲᠠᠯᠪᠢᠪᠠ᠃ ᠲᠡᠷᠡ᠂ ᠵᠣᠬᠢᠶᠠᠮᠠᠯ ᠣᠶᠤᠨ ᠴᠢᠳᠠᠪᠤᠷᠢ ᠨᠢ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢ ᠬᠥᠲᠥᠯᠥᠨ ᠳᠠᠭᠠᠭᠤᠯᠬᠤ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠮᠡᠷᠭᠡᠵᠢᠯ ᠪᠣᠯᠤᠭᠰᠠᠨ ᠤ ᠬᠤᠪᠢ ᠳᠤ᠂ ᠬᠥᠮᠥᠨ ᠲᠥᠷᠥᠯᠬᠢᠲᠡᠨ ᠤ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠭᠦᠨᠵᠡᠭᠡᠢ ᠬᠤᠪᠢᠷᠠᠭᠤᠯᠪᠠ᠃ ᠨᠠᠮ ᠤᠨ ᠲᠥᠪ ᠬᠤᠷᠢᠶ᠎ᠠ ᠵᠣᠬᠢᠶᠠᠮᠠᠯ ᠣᠶᠤᠨ | ᠴᠢᠳᠠᠪᠤᠷᠢ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠶᠢᠷ᠎ᠠ ᠶᠢᠨ ᠵᠢᠯ ᠳᠤ ᠦᠵᠦ | ᠲᠥᠯᠥᠪᠯᠡᠭᠡ ᠶᠢ ᠲᠡᠭᠦᠯᠳᠡᠷᠵᠢᠭᠦᠯᠦᠨ᠂ ᠠᠵᠢᠯ ᠤᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ | ᠵᠣᠬᠢᠶᠠᠮᠠᠯ ᠣᠶᠤᠨ ᠴᠢᠳᠠᠪᠤᠷᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠪᠦᠬᠦᠯᠢ ᠴᠣᠭᠴᠠᠲᠤ ᠴᠢᠨᠠᠷᠲᠠᠢ᠂ | ᠰᠢᠰᠲ᠋ᠧᠮᠲᠦ ᠴᠢᠨᠠᠷᠲᠠᠢ ᠳᠡᠭᠡᠭᠰᠢᠯᠡᠬᠦ ᠶᠢ ᠠᠬᠢᠭᠤᠯᠪᠠ᠃ ᠡᠭᠦᠨ ᠤ ᠬᠠᠮᠲᠤ ᠰᠠᠭᠤᠷᠢ ᠣᠨᠣᠯ᠂ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠵᠡᠷᠭᠡ ᠲᠠᠯ᠎ᠠ ᠪᠠᠷ ᠪᠠᠰᠠ ᠳᠤᠲᠠᠭᠤᠳᠠᠯ ᠪᠠ ᠪᠠᠭᠤᠷᠠᠢ ᠲᠠᠯ᠎ᠠ ᠣᠷᠣᠰᠢᠵᠤ ᠪᠠᠶᠢᠨ᠎ᠠ᠃ | ᠵᠥᠷᠢᠶ᠎ᠡ ᠳᠤ ᠵᠥᠪ ᠢᠶᠠᠷ ᠬᠠᠨᠳᠤᠵᠤ᠂ ᠨᠡᠩ ᠢᠯᠡᠭᠦᠦ ᠴᠢᠷᠮᠠᠶᠢᠵᠤ᠂ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠢ ᠬᠥᠭᠵᠢᠭᠦᠯᠬᠦ ᠪᠠ ᠡᠨᠧᠷᠭᠢ ᠣᠯᠭᠤᠨ | ᠬᠡᠷᠡᠭᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠪᠠ ᠵᠠᠰᠠᠯᠲᠠ ᠶᠢᠨ | ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠶᠢᠨ ᠬᠦᠷᠢᠶᠡᠨ ᠳᠤ ᠲᠡᠷᠢᠭᠦᠨ ᠠᠵᠠ ᠲᠣᠬᠢᠶᠠᠯ ᠢ ᠡᠵᠡᠮᠳᠡᠵᠦ᠂ | ᠳᠠᠪᠠᠭᠤᠯᠢᠭ ᠪᠠᠶᠢᠷᠢ ᠶᠢ ᠡᠵᠡᠯᠡᠬᠦ ᠳᠤ ᠡᠷᠬᠡᠪᠰᠢ ᠰᠠᠭᠤᠷᠢ ᠣᠨᠣᠯ᠂ ᠠᠷᠭ᠎ᠠ᠂ ᠪᠠᠭᠠᠵᠢ ᠵᠡᠷᠭᠡ ᠲᠠᠯ᠎ᠠ ᠪᠠᠷ ᠰᠢᠪᠲᠤᠯᠤᠯᠲᠠ | ᠭᠠᠷᠭᠠᠬᠤ ᠬᠡᠷᠡᠭᠲᠡᠢ᠃ ᠰᠠᠭᠤᠷᠢ ᠰᠤᠳᠤᠯᠭᠠᠨ ᠢ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ | ᠳᠡᠭᠡᠳᠦ ᠳᠡᠰ ᠤᠨ ᠴᠢᠫ᠂ ᠰᠠᠭᠤᠷᠢ ᠵᠥᠭᠡᠯᠡᠨ ᠲᠣᠨᠤᠭ ᠵᠡᠷᠭᠡ ᠭᠤᠣᠯᠯᠠᠬᠤ ᠮᠡᠷᠭᠡᠵᠢᠯ ᠤᠨ ᠪᠣᠭᠤᠮᠲᠠ ᠶᠢ ᠰᠢᠪᠲᠤᠯᠵᠤ᠂ | ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ᠂ ᠬᠠᠮᠵᠢᠯᠴᠠᠨ ᠠᠵᠢᠯᠯᠠᠬᠤ ᠵᠣᠬᠢᠶᠠᠮᠠᠯ ᠣᠶᠤᠨ ᠴᠢᠳᠠᠪᠤᠷᠢ ᠶᠢᠨ ᠰᠠᠭᠤᠷᠢ | ᠵᠥᠭᠡᠯᠡᠨ ᠬᠠᠲᠠᠭᠤ ᠲᠣᠨᠤᠭ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠰᠢᠨᠵᠢᠯᠡᠬᠦ | ᠤᠬᠠᠭᠠᠨ ᠤ ᠰᠤᠳᠤᠯᠭᠠᠨ ᠤ ᠬᠡᠪ ᠲᠣᠮᠢᠶ᠎ᠠ ᠶᠢᠨ ᠬᠤᠪᠢᠰᠤᠯᠲᠠ ᠶᠢ ᠬᠥᠲᠥᠯᠥᠨ ᠳᠠᠭᠠᠭᠤᠯᠵᠤ᠂ ᠡᠯ᠎ᠡ ᠬᠦᠷᠢᠶᠡᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠮᠠᠨ ᠤ ᠤᠯᠤᠰ ᠤᠨ ᠳ᠋ᠠᠶᠢᠲ᠋ᠠ ᠶᠢᠨ ᠡᠬᠢ ᠪᠠᠶᠠᠯᠢᠭ ᠡᠯᠪᠡᠭ᠂ ᠠᠵᠤ ᠦᠢᠯᠡᠰ ᠤᠨ ᠰᠢᠰᠲ᠋ᠧᠮ | ᠪᠦᠷᠢᠨ᠂ ᠬᠡᠷᠡᠭᠯᠡᠭᠡᠨ ᠤ ᠪᠠᠶᠢᠳᠠᠯ ᠥᠷᠭᠡᠨ ᠠᠭᠤᠳᠠᠮ᠂ ᠵᠠᠬ᠎ᠠ ᠳᠡᠯᠭᠡᠭᠦᠷ ᠤᠨ ᠣᠷᠣᠨ ᠵᠠᠢ ᠯᠤᠲᠤ ᠶᠡᠭᠡ ᠶᠤᠮ᠃ | ᠵᠣᠬᠢᠶᠠᠮᠠᠯ ᠣᠶᠣᠨ ᠴᠢᠳᠠᠪᠤᠷᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠪᠣᠯᠣᠨ ᠠᠵᠤ | ᠦᠢᠯᠡᠰ ᠤᠨ ᠰᠢᠨ᠎ᠡ ᠡᠭᠦᠳᠦᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ | ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠭᠡᠨ ᠢ ᠵᠣᠬᠢᠴᠠᠭᠤᠯᠤᠭᠰᠠᠨ | ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠰ ᠳᠡᠪᠰᠢᠭᠦᠯᠬᠦ ᠳᠤ | ᠬᠦᠴᠦᠨ ᠨᠡᠮᠡᠷᠢᠯᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ | ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠬᠦ ᠬᠡᠷᠡᠭᠲᠡᠢ᠃ ᠪᠣᠳᠣᠯᠲᠠ ᠶᠢᠨ | ᠬᠦᠴᠦᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨ᠊ ᠵᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠶᠢ | ᠭᠦᠨᠵᠡᠭᠡᠶᠢᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠮᠡᠷᠭᠡᠵᠢᠯ ᠰᠢᠨ᠎ᠡ ᠬᠦᠷᠢᠶ᠎ᠡ ᠪᠣᠯᠤᠭᠰᠠᠨ ᠤ ᠬᠤᠪᠢ ᠳᠤ᠂ ᠵᠣᠬᠢᠶᠠᠮᠠᠯ ᠣᠶᠤᠨ | ᠴᠢᠳᠠᠪᠤᠷᠢ ᠶᠢ ᠲᠥᠷᠥ ᠶᠢᠨ ᠪᠣᠳᠣᠯᠭ᠎ᠠ ᠪᠠᠷ ᠳᠡᠮᠵᠢᠬᠦ ᠨᠢ ᠮᠠᠰᠢ ᠴᠢᠬᠤᠯᠠ ᠶᠤᠮ᠃ ᠮᠡᠳᠡᠯᠭᠡ ᠶᠢᠨ | ᠥᠮᠴᠢᠯᠡᠯ ᠤᠨ ᠡᠷᠬᠡ᠂ ᠡᠳ᠋ ᠤᠨ ᠵᠠᠰᠠᠭ ᠭᠠᠶᠢᠯᠢ ᠲᠠᠲᠠᠪᠤᠷᠢ᠂ ᠵᠠᠰᠠᠭ ᠤᠨ ᠣᠷᠳᠣᠨ ᠬᠤᠳᠠᠯᠳᠤᠨ ᠠᠪᠬᠤ᠂ | ᠲᠥᠬᠦᠭᠡᠷᠦᠮᠵᠢ ᠶᠢ ᠴᠢᠯᠦᠭᠡᠲᠡᠢ ᠪᠣᠯᠭᠠᠬᠤ ᠵᠡᠷᠭᠡ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠮᠥᠩᠭᠦᠨ ᠭᠦᠢᠯᠭᠡᠭᠡᠨ ᠤ ᠠᠵᠢᠯ ᠢ ᠰᠠᠶᠢᠲᠤᠷ ᠬᠢᠬᠦ ᠬᠡᠷᠡᠭᠲᠡᠢ᠃ ᠵᠣᠬᠢᠶᠠᠮᠠᠯ ᠣᠶᠤᠨ | ᠴᠢᠳᠠᠪᠤᠷᠢ ᠶᠢᠨ ᠪᠦᠬᠦ ᠰᠤᠷᠤᠯᠭ᠎ᠠ ᠶᠢᠨ ᠱᠠᠲᠤᠨ ᠳᠠᠬᠢ ᠵᠢᠭᠠᠨ ᠰᠤᠷᠭᠠᠯᠲᠠ ᠪᠠ ᠪᠦᠬᠦ ᠨᠡᠶᠢᠭᠡᠮ ᠤᠨ ᠶᠡᠷᠦᠩᠬᠡᠶᠢᠯᠡᠭᠰᠡᠨ | ᠪᠣᠯᠪᠠᠰᠤᠷᠠᠯ ᠤᠨ ᠵᠢᠭᠠᠨ ᠰᠤᠷᠭᠠᠯᠲᠠ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ | ᠲᠠᠰᠤᠷᠠᠯᠲᠠ ᠦᠭᠡᠢ ᠬᠥᠮᠥᠵᠢᠭᠦᠯᠬᠦ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠲᠤᠯᠠᠭ᠎ᠠ᠂ ᠠᠵᠢᠯ ᠮᠡᠷᠭᠡᠵᠢᠯ ᠤᠨ ᠳᠡᠮᠵᠢᠯᠭᠡ ᠪᠠ ᠴᠢᠳᠠᠪᠤᠷᠢᠲᠠᠨ ᠢ ᠦᠨᠡᠯᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠲᠠᠪᠴᠠᠩ | ᠪᠠᠶᠢᠭᠤᠯᠵᠤ᠂ ᠨᠥᠬᠦᠴᠡᠯ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠤᠷᠢᠳ ᠡᠮᠦᠨ᠎ᠡ ᠪᠠᠶᠢᠭ᠎ᠠ ᠦᠭᠡᠢ ᠬᠥᠭᠵᠢᠯᠲᠡ ᠶᠢᠨ ᠠᠵᠠ | ᠲᠣᠬᠢᠶᠠᠯ ᠢ ᠠᠪᠴᠢᠷᠠᠭᠰᠠᠨ ᠪᠥᠭᠡᠳ ᠪᠠᠰᠠ ᠤᠷᠢᠳ ᠡᠮᠦᠨ᠎ᠡ ᠪᠠᠶᠢᠭ᠎ᠠ ᠦᠭᠡᠢ ᠠᠶᠤᠯ ᠲᠦᠭᠰᠢᠭᠦᠷᠢ ᠥᠷᠢᠰᠦᠯᠳᠦᠭᠡᠨ ᠢ | ᠠᠪᠴᠢᠷᠠᠭᠰᠠᠨ ᠪᠠᠶᠢᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠬᠥᠭᠵᠢᠯᠲᠡ ᠶᠢᠨ ᠬᠠᠨᠳᠤᠰᠢ ᠪᠣᠯᠣᠨ ᠵᠢᠮ᠎ᠡ ᠶᠣᠰᠣ ᠶᠢ | ᠡᠵᠡᠮᠳᠡᠵᠦ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ᠂ ᠲᠥᠷᠥ ᠶᠢᠨ ᠪᠣᠳᠣᠯᠭ᠎ᠠ ᠪᠠᠶᠢᠭᠤᠯᠤᠯ᠂ | ᠬᠡᠷᠡᠭᠯᠡᠭᠡᠨ ᠤ ᠵᠢᠷᠤᠮᠵᠢᠯ᠂ ᠶᠣᠰᠣ ᠰᠤᠷᠲᠠᠬᠤᠨ ᠤ ᠪᠠᠷᠢᠮᠵᠢᠶ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ | ᠮᠡᠷᠭᠡᠵᠢᠯ ᠤᠨ ᠬᠢᠨᠠᠨ ᠬᠡᠮᠵᠢᠬᠦ᠂ ᠠᠶᠤᠯ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠭᠠᠬᠤ ᠰᠢᠰᠲ᠋ᠧᠮ ᠢ ᠪᠠᠶᠢᠭᠤᠯᠵᠤ᠂ ᠵᠣᠬᠢᠶᠠᠮᠠᠯ ᠣᠶᠤᠨ ᠴᠢᠳᠠᠪᠤᠷᠢ ᠶᠢᠨ ᠠᠮᠤᠷ ᠲᠦᠪᠰᠢᠨ᠂ ᠨᠠᠶᠢᠳᠠᠪᠤᠷᠢᠲᠠᠢ᠂ | ᠡᠵᠡᠮᠳᠡᠵᠦ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠣᠬᠢᠶᠠᠮᠠᠯ ᠣᠶᠤᠨ ᠴᠢᠳᠠᠪᠤᠷᠢ ᠬᠥᠮᠥᠨ ᠲᠥᠷᠥᠯᠬᠢᠲᠡᠨ ᠳᠤ ᠪᠤᠶᠠᠨ ᠦᠢᠯᠡᠳᠬᠦ ᠣᠯᠠᠨ | ᠤᠯᠤᠰ ᠤᠨ ᠣᠯᠠᠨ ᠨᠡᠶᠢᠲᠡ ᠶᠢᠨ ᠦᠢᠯᠡᠳᠬᠦᠨ ᠪᠣᠯᠵᠤ ᠪᠣᠯᠣᠨ᠎ᠠ᠃ ᠵᠣᠬᠢᠶᠠᠮᠠᠯ ᠣᠶᠤᠨ ᠴᠢᠳᠠᠪᠤᠷᠢ ᠶᠢᠨ ᠣᠯᠠᠨ | ᠤᠯᠤᠰ ᠤᠨ ᠬᠠᠮᠲᠤᠷᠠᠯᠴᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠪᠥᠮᠪᠥᠷᠴᠡᠭ ᠤᠨ ᠬᠥᠭᠵᠢᠵᠦ ᠪᠠᠶᠢᠭ᠎ᠠ | ᠤᠯᠤᠰ ᠤᠳ ᠢ ᠬᠠᠪᠰᠤᠷᠤᠨ ᠮᠡᠷᠭᠡᠵᠢᠯ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠪᠥᠮᠪᠥᠷᠴᠡᠭ ᠤᠨ | ᠣᠶᠤᠨᠲᠤ ᠬᠡᠷᠡᠭᠯᠡᠭᠡᠨ ᠤ ᠵᠠᠪᠰᠠᠷ ᠵᠠᠭᠠᠭ ᠢ ᠨᠥᠬᠦᠪᠦᠷᠢᠯᠡᠬᠦ ᠳᠤ ᠳᠤᠮᠳᠠᠳᠤ ᠤᠯᠤᠰ ᠤᠨ ᠬᠤᠪᠢ ᠨᠡᠮᠡᠷᠢ ᠶᠢ ᠦᠵᠡᠭᠦᠯᠬᠦ | ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠵᠠᠰᠠᠯᠲᠠ ᠶᠢᠨ ᠳᠦᠷᠢᠮ᠂ | ᠮᠡᠷᠭᠡᠵᠢᠯ ᠤᠨ ᠪᠠᠷᠢᠮᠵᠢᠶ᠎ᠠ ᠪᠠᠨ ᠵᠣᠯᠭᠠᠭᠤᠯᠤᠨ ᠵᠣᠬᠢᠴᠠᠭᠤᠯᠬᠤ ᠶᠢ ᠠᠬᠢᠭᠤᠯᠵᠤ᠂ ᠥᠷᠭᠡᠨ ᠳᠡᠯᠭᠡᠷ ᠬᠠᠮᠲᠤ ᠶᠢᠨ | ᠲᠠᠨᠢᠯᠲᠠ ᠲᠠᠢ ᠪᠦᠬᠦ ᠪᠥᠮᠪᠥᠷᠴᠡᠭ ᠤᠨ ᠵᠠᠰᠠᠯᠲᠠ ᠶᠢᠨ ᠪᠣᠷᠣ ᠲᠥᠯᠥᠪ ᠪᠠ ᠪᠠᠷᠢᠮᠵᠢᠶ᠎ᠠ ᠵᠢᠷᠤᠮᠵᠢᠯ ᠢ ᠡᠷᠲᠡᠬᠡᠨ | ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | |