ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 15 ᠤ ᠡᠳᠦᠷ ᠤᠨ ᠴᠠᠬᠢᠯᠭᠠᠨ ᠮᠡᠳᠡᠭᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ | ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ | ᠰᠠᠷ᠎ᠠ ᠶᠢᠨ 15 ᠤ ᠡᠳᠦᠷ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ | ᠴᠢᠬᠤᠯᠠᠴᠢᠯᠠᠬᠤ ᠳᠤ ᠪᠠᠨ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠪᠦᠬᠦ ᠲᠠᠯ᠎ᠠ ᠪᠠᠷ ᠥᠷᠭᠡᠳᠬᠡᠬᠦ ᠲᠤᠬᠠᠢ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠭᠠᠳᠠᠭᠠᠳᠤ ᠶᠢᠨ ᠳᠠᠭᠠᠷᠢᠯᠲᠠ ᠠᠴᠠ ᠪᠣᠯᠤᠭᠰᠠᠨ ᠬᠦᠴᠢᠷᠳᠡᠯ ᠪᠠ ᠥᠷᠢᠰᠦᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ | ᠨᠡᠩ ᠶᠡᠭᠡ ᠡᠷᠴᠢᠮ ᠢᠶᠠᠷ ᠬᠡᠷᠡᠭᠯᠡᠭᠡ ᠶᠢ ᠠᠬᠢᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠨ᠂ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠵᠦ᠂ ᠮᠠᠨ ᠤ ᠤᠯᠤᠰ ᠤᠨ ᠬᠡᠳᠦ ᠶᠡᠭᠡ ᠬᠡᠪᠴᠢᠶᠡᠨ ᠤ ᠵᠠᠬ᠎ᠠ | ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ | ᠭᠡᠵᠡᠢ᠃ | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠵᠢᠷᠤᠭ ᠪᠣᠯ ᠯᠢ ᠴᠢᠶᠠᠩ ᠭᠠᠳᠠᠭᠠᠳᠤ | ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠤ ᠵᠥᠩ ᠬᠤᠸᠠ ᠬᠠᠩ ᠤᠨ ᠰᠢ ᠳ᠋ᠠᠨ ᠳ᠋ᠠ ᠶᠤᠸᠠᠢ ᠴᠧᠩ ᠤᠨ ᠳᠡᠯᠭᠡᠨ | ᠪᠣᠷᠣᠯᠠᠭᠤᠯᠬᠤ ᠲᠤᠬᠠᠢ ᠶᠢᠨ ᠲᠠᠯᠠᠪᠤᠷ ᠲᠤ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠵᠤ ᠪᠠᠶᠢᠭ᠎ᠠ ᠪᠠ | ᠳᠣᠲᠣᠭᠠᠳᠤ ᠳᠤ ᠪᠠᠨ ᠪᠣᠷᠣᠯᠠᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠪᠠᠶᠢᠭ᠎ᠠ ᠨᠢ᠃ | | | | | ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | ᠯᠢ ᠴᠢᠶᠠᠩ ᠵᠢᠭᠠᠵᠤ ᠭᠠᠷᠭᠠᠬᠤ ᠳᠤ ᠪᠠᠨ᠂ ᠣᠳᠣᠬᠠᠨ ᠳᠤ ᠭᠠᠳᠠᠭᠠᠳᠤ ᠣᠷᠴᠢᠨ ᠨᠥᠬᠦᠴᠡᠯ ᠳᠤ ᠭᠦᠨᠵᠡᠭᠡᠢ | ᠬᠤᠪᠢᠷᠠᠯᠲᠠ ᠭᠠᠷᠴᠤ᠂ ᠮᠠᠨ ᠤ ᠤᠯᠤᠰ ᠤᠨ ᠭᠠᠳᠠᠭᠠᠳᠤ ᠭᠠᠷᠭᠠᠯᠲᠠ ᠳᠤ ᠠᠰᠢᠭ ᠦᠭᠡᠢ ᠨᠥᠯᠥᠭᠡ ᠦᠵᠡᠭᠦᠯᠵᠦ | ᠪᠠᠶᠢᠨ᠎ᠠ᠃ ᠤᠯᠠᠨ ᠢᠶᠠᠷ ᠢᠶᠠᠨ ᠪᠦᠯᠬᠦᠮᠳᠡᠨ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠦᠴᠢᠷ ᠪᠡᠷᠬᠡ ᠶᠢ | ᠢᠯᠠᠨ ᠳᠠᠪᠠᠵᠤ ᠡᠷᠡᠯᠬᠡᠭᠯᠡᠨ ᠤᠷᠤᠭᠰᠢᠯᠠᠵᠤ᠂ ᠤᠯᠠᠨ ᠡᠰᠢᠴᠢᠯᠡᠭᠰᠡᠨ ᠵᠠᠬ᠎ᠠ ᠳᠡᠯᠭᠡᠭᠦᠷ ᠢ ᠢᠳᠡᠪᠬᠢᠲᠡᠢ ᠪᠠᠷ ᠨᠡᠭᠡᠭᠡᠵᠦ᠂ | ᠠᠷᠠᠯᠵᠢᠶᠠᠨ ᠤ ᠠᠷᠭ᠎ᠠ ᠵᠠᠮ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠭᠠᠳᠠᠭᠠᠳᠤ ᠠᠷᠠᠯᠵᠢᠶᠠᠨ ᠤ ᠦᠨᠳᠦᠰᠦᠨ | ᠪᠠᠶᠢᠳᠠᠯ ᠢ ᠴᠢᠷᠮᠠᠶᠢᠨ ᠲᠣᠭᠲᠠᠪᠤᠷᠢᠵᠢᠭᠤᠯᠬᠤ ᠬᠡᠷᠡᠭᠲᠡᠢ᠃ ᠡᠯ᠎ᠡ ᠲᠦᠷᠦᠯ ᠤᠨ ᠲᠦᠷᠦ ᠶᠢᠨ ᠪᠣᠳᠣᠯᠭ᠎ᠠ ᠶᠢ ᠭᠦᠢᠴᠡᠳ | ᠰᠠᠶᠢᠲᠤᠷ ᠬᠡᠷᠡᠭᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ ᠵᠣᠯᠭᠠᠭᠤᠯᠬᠤ ᠶᠢ ᠰᠠᠶᠢᠲᠤᠷ ᠬᠢᠵᠦ᠂ | ᠭᠠᠳᠠᠭᠠᠳᠤ ᠠᠷᠠᠯᠵᠢᠶᠠᠨ ᠤ ᠰᠢᠯᠢᠳᠡᠭ ᠪᠦᠲᠦᠭᠡᠭᠳᠡᠬᠦᠨ ᠢᠶᠠᠷ ᠳᠣᠲᠣᠭᠠᠳᠤ ᠪᠣᠷᠤᠯᠠᠭᠤᠯᠭ᠎ᠠ ᠶᠢ ᠥᠷᠭᠡᠳᠬᠡᠬᠦ ᠲᠠᠪᠴᠠᠩ ᠢ | ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢ | ᠪᠤᠶᠢᠵᠢᠭᠤᠯᠵᠤ᠂ ᠠᠵᠤ ᠠᠬᠤᠶᠢᠯᠠᠯ ᠳᠤ ᠰᠢᠭᠤᠳ ᠬᠦᠷᠬᠦ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ | ᠲᠣᠭᠲᠠᠴᠠ ᠶᠢ ᠪᠠᠶᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ | ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠬᠡᠷᠡᠭᠯᠡᠭᠡ ᠶᠢ ᠬᠥᠭᠵᠢᠭᠡᠬᠦ ᠲᠤᠰᠬᠠᠢ ᠠᠵᠢᠯᠯᠠᠭᠠᠨ ᠢ ᠭᠦᠨᠵᠡᠭᠡᠢ | ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢᠨ ᠨᠡᠮᠡᠭᠳᠡᠯ ᠢ ᠠᠬᠢᠭᠤᠯᠬᠤ᠂ | ᠪᠠᠲᠤᠯᠠᠭ᠎ᠠ ᠶᠢ ᠴᠢᠩᠭᠠᠳᠬᠠᠬᠤ ᠵᠡᠷᠭᠡ ᠲᠠᠯ᠎ᠠ ᠪᠠᠷ ᠨᠡᠩ ᠶᠡᠭᠡ ᠬᠦᠴᠦ ᠣᠷᠣᠭᠤᠯᠵᠤ᠂ ᠬᠡᠷᠡᠭᠯᠡᠭᠡ ᠶᠢᠨ ᠴᠢᠳᠠᠪᠤᠷᠢ ᠶᠢ | ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠡᠷᠡᠭᠯᠡᠭᠡ ᠶᠢᠨ ᠬᠦᠰᠡᠯᠲᠡ ᠶᠢ ᠨᠡᠮᠡᠭᠳᠡᠭᠦᠯᠵᠦ᠂ ᠳᠣᠲᠣᠭᠠᠳᠤ | ᠬᠡᠷᠡᠭᠴᠡᠭᠡ ᠶᠢᠨ ᠨᠡᠮᠡᠭᠳᠡᠯ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠰᠠᠶᠢᠨ ᠲᠠᠯ᠎ᠠ ᠶᠢᠨ | ᠥᠷᠢᠰᠦᠯᠳᠦᠭᠡᠨ ᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ | ᠲᠠᠯ᠎ᠠ ᠳᠤ ᠪᠠᠨ ᠰᠠᠭᠤᠷᠢᠯᠠᠨ ᠵᠥᠷᠢᠶ᠎ᠡ ᠲᠠᠢ ᠪᠠᠷ ᠬᠥᠭᠵᠢᠭᠦᠯᠵᠦ᠂ ᠦᠢᠯᠡᠳᠬᠦᠨ ᠪᠠ ᠦᠢᠯᠡᠴᠢᠯᠡᠭᠡ ᠶᠢᠨ ᠲᠠᠯ᠎ᠠ ᠪᠠᠷ | ᠲᠠᠰᠤᠷᠠᠯᠳᠠ ᠦᠭᠡᠢ ᠰᠢᠨ᠎ᠡ ᠶᠢ ᠡᠭᠦᠳᠬᠦ ᠪᠠᠷ ᠳᠠᠮᠵᠢᠭᠤᠯᠤᠨ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠵᠦ᠂ ᠴᠢᠨᠠᠷ | ᠰᠠᠶᠢᠲᠠᠢ ᠬᠠᠩᠭᠠᠯᠭ᠎ᠠ ᠪᠠᠷ ᠰᠢᠨ᠎ᠡ ᠬᠡᠷᠡᠭᠴᠡᠭᠡ ᠶᠢ ᠪᠤᠢ ᠪᠣᠯᠭᠠᠬᠤ ᠬᠡᠷᠡᠭᠲᠡᠢ ᠭᠡᠵᠡᠢ᠃ | 4 ᠳ᠋ᠦ᠋ᠭᠡᠷ ᠰᠠᠷ᠎ᠠ ᠶᠢᠨ 15 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ ᠪᠡᠭᠡᠵᠢᠩ ᠬᠤᠲᠠ ᠳᠤ ᠪᠠᠶᠢᠴᠠᠭᠠᠨ ᠰᠤᠳᠤᠯᠤᠯᠲᠠ ᠬᠢᠪᠡ᠃ ᠡᠨᠡ ᠪᠣᠯ ᠯᠢ ᠴᠢᠶᠠᠩ ᠪᠧᠢ ᠲᠧᠦ | ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ ᠵᠦᠢᠯ ᠤᠨ ᠲᠤᠬᠠᠢ ᠶᠢᠨ | ᠲᠠᠯᠠᠪᠤᠷ ᠲᠤ ᠦᠯᠡᠳᠡᠭᠡᠯ ᠭᠡᠷ ᠪᠠᠶᠢᠰᠢᠩ ᠢ ᠭᠦᠢᠯᠭᠡᠭᠡᠨ ᠳᠤ ᠣᠷᠣᠭᠤᠯᠵᠤ ᠳᠠᠬᠢᠨ ᠠᠰᠢᠭᠯᠠᠬᠤ᠂ ᠲᠠᠸᠠᠷ ᠤᠨ ᠣᠷᠣᠨ | ᠰᠠᠭᠤᠴᠠ ᠶᠢ ᠴᠢᠳᠠᠪᠤᠷᠢᠲᠠᠨ ᠤ ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠢ | ᠪᠠᠶᠢᠴᠠᠭᠠᠨ ᠰᠤᠳᠤᠯᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠷᠣᠣ ᠠᠢ ᠮᠢᠨ ᠰᠡᠭᠦᠳᠡᠷᠯᠡᠪᠡ | ᠪᠧᠢ ᠲᠧᠦ ᠺᠧ ᠴᠤᠸᠠᠩ ᠨᠡᠶᠢᠭᠡᠮ ᠲᠣᠭᠤᠷᠢᠭ ᠤᠨ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢᠨ ᠲᠥᠷᠥᠯ | ᠵᠦᠢᠯ ᠤᠨ ᠲᠤᠬᠠᠢ ᠶᠢᠨ ᠲᠠᠯᠠᠪᠤᠷ ᠲᠤ᠂ ᠯᠢ ᠴᠢᠶᠠᠩ ᠪᠡᠭᠡᠵᠢᠩ ᠬᠤᠲᠠ ᠶᠢᠨ ᠦᠯᠡᠳᠡᠭᠡᠯ ᠭᠡᠷ ᠪᠠᠶᠢᠰᠢᠩ ᠢ | ᠭᠦᠢᠯᠭᠡᠭᠡᠨ ᠳᠤ ᠣᠷᠣᠭᠤᠯᠤᠨ ᠳᠠᠬᠢᠨ ᠠᠰᠢᠭᠯᠠᠬᠤ᠂ ᠲᠠᠸᠠᠷ ᠤᠨ ᠣᠷᠣᠨ ᠰᠠᠭᠤᠴᠠ ᠶᠢ ᠴᠢᠳᠠᠪᠤᠷᠢᠲᠠᠨ ᠤ | ᠨᠡᠶᠢᠲᠡ ᠶᠢᠨ ᠪᠠᠶᠢᠷᠢ ᠪᠣᠯᠭᠠᠨ ᠬᠤᠪᠢᠷᠠᠭᠤᠯᠬᠤ ᠲᠥᠷᠥᠯ ᠵᠦᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠥᠯᠢᠭᠡᠷ ᠶᠠᠩᠵᠤᠲᠤ ᠥᠷᠥᠭᠡ ᠪᠠ ᠣᠶᠢᠷ᠎ᠠ ᠬᠠᠪᠢ ᠶᠢᠨ ᠣᠷᠴᠢᠨ ᠲᠣᠭᠤᠷᠢᠨ ᠢ ᠨᠢ ᠪᠠᠶᠢᠴᠠᠭᠠᠨ | ᠦᠵᠡᠵᠦ᠂ ᠨᠡᠶᠢᠲᠡ ᠶᠢᠨ ᠪᠠᠶᠢᠷᠢ ᠳᠤ ᠣᠷᠣᠵᠤ ᠰᠠᠭᠤᠭᠰᠠᠨ ᠲᠤᠰᠬᠠᠢ ᠮᠡᠷᠭᠡᠵᠢᠯᠲᠡᠨ ᠯᠦᠭᠡ ᠶᠠᠷᠢᠯᠴᠠᠵᠤ᠂ ᠪᠡᠭᠡᠵᠢᠩ | ᠬᠤᠲᠠ ᠶᠢᠨ ᠬᠠᠮᠢᠶ᠎ᠠ ᠪᠦᠬᠦᠢ ᠠᠷᠭ᠎ᠠ ᠬᠢᠳᠡᠯ ᠢ ᠨᠤᠲᠠᠯᠠᠪᠠ᠃ | |