ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ 17 ᠤ | ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ ᠠᠷᠠᠳ ᠤᠨ ᠨᠠᠮ ᠤᠨ | ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ ᠲᠠᠶᠢᠪᠤᠩ ᠲᠣᠮᠣ | ᠠᠰᠠᠷ ᠲᠤ ᠠᠭᠤᠯᠵᠠᠯᠲᠠ ᠬᠢᠪᠡ᠃ | 4 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠮᠪᠤᠵᠠ ᠶᠢᠨ | ᠠᠷᠠᠳ ᠤᠨ ᠨᠠᠮ ᠤᠨ ᠲᠡᠷᠢᠭᠦᠯᠡᠭᠴᠢ᠂ ᠳᠡᠭᠡᠳᠦ ᠵᠥᠪᠯᠡᠯ ᠤᠨ ᠲᠡᠷᠢᠭᠦᠯᠡᠭᠴᠢ ᠬᠤᠩᠰᠧᠨ ᠲᠠᠢ ᠫᠨᠤᠮ ᠪᠧᠩ ᠤᠨ ᠡᠩᠬᠡ | ᠲᠠᠶᠢᠪᠤᠩ ᠲᠣᠮᠣ ᠠᠰᠠᠷ ᠲᠤ ᠠᠭᠤᠯᠵᠠᠯᠲᠠ ᠬᠢᠪᠡ᠃ | | ︵ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ︶ | ᠰᠢ ᠶᠢᠨ ᠫᠢᠩ᠂ ᠳᠤᠮᠳᠠᠳᠤ ᠺᠠᠮᠪᠤᠵᠠ ᠬᠤᠶᠠᠷ ᠤᠯᠤᠰ ᠪᠣᠯ ᠨᠥᠭᠦᠷᠰᠡᠭ ᠬᠥᠷᠰᠢ ᠤᠯᠤᠰ ᠮᠥᠨ᠂ ᠨᠡᠩ ᠴᠤ | ᠰᠡᠳᠬᠢᠯ ᠤᠨ ᠨᠠᠶᠢᠵᠠ ᠮᠥᠨ᠃ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ | ᠪᠣᠯ ᠲᠡᠦᠬᠡ ᠶᠢᠨ ᠰᠣᠩᠭᠤᠯᠲᠠ᠂ ᠠᠷᠠᠳ ᠲᠦᠮᠡᠨ ᠤ ᠰᠣᠩᠭᠤᠯᠲᠠ ᠮᠥᠨ᠃ ᠣᠳᠣᠬᠠᠨ ᠳᠤ ᠳᠤᠮᠳᠠᠳᠤ ᠺᠠᠮᠪᠤᠵᠠ | ᠬᠤᠶᠠᠷ ᠤᠯᠤᠰ ᠴᠥᠮ ᠬᠥᠭᠵᠢᠯᠲᠡ ᠶᠢᠨ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠬᠤᠶᠠᠷ | ᠲᠠᠯ᠎ᠠ ᠪᠠᠷ ᠢᠶᠠᠨ ᠠᠷᠠᠳ ᠲᠦᠮᠡᠨ ᠤ ᠪᠤᠶᠠᠨ ᠵᠢᠷᠭᠠᠯ ᠳᠤ ᠰᠡᠳᠬᠢᠯ ᠲᠠᠯᠪᠢᠵᠤ᠂ ᠬᠡᠬᠦᠳᠡᠭ ᠴᠡᠭᠡᠵᠢᠨ ᠳᠡᠭᠡᠨ ᠬᠥᠮᠥᠨ | ᠲᠥᠷᠥᠯᠬᠢᠲᠡᠨ ᠤ ᠲᠠᠪᠰᠢᠯᠳᠠ ᠶᠢ ᠪᠠᠭᠲᠠᠭᠠᠵᠤ᠂ ᠲᠤᠰ ᠲᠤᠰ ᠤᠨ ᠢᠶᠠᠨ ᠣᠳᠣᠬᠢᠴᠢᠯᠠᠯᠲᠠ ᠶᠢ ᠠᠬᠢᠭᠤᠯᠬᠤ ᠠᠬᠢᠴᠠ | ᠳᠤᠮᠳᠠ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠦᠯᠢᠭᠡᠷ ᠵᠢᠱᠢᠶ᠎ᠡ | ᠦᠵᠡᠭᠦᠯᠵᠦ᠂ ᠭᠠᠷ ᠬᠤᠯᠪᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠳᠤᠮᠳᠠ | ᠡᠩᠬᠡ ᠲᠠᠶᠢᠪᠤᠩ ᠤᠨ ᠬᠦᠴᠦᠨ᠂ ᠲᠣᠭᠲᠠᠭᠤᠨ ᠤ ᠬᠦᠴᠦᠨ᠂ ᠲᠠᠪᠰᠢᠯᠳᠠ ᠶᠢᠨ ᠬᠦᠴᠦᠨ ᠪᠣᠯᠣᠶ᠎ᠠ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠲᠠᠯ᠎ᠠ ᠶᠢᠨ ᠬᠢᠨ ᠺᠠᠮᠪᠤᠵᠠ ᠶᠢᠨ ᠤᠯᠤᠰ ᠤᠨ ᠬᠥᠭᠵᠢᠯ ᠮᠠᠨᠳᠤᠯ ᠤᠨ ᠵᠠᠮ | ᠯᠠᠪᠲᠠᠢ ᠶᠠᠪᠤᠬᠤ ᠳᠤᠳᠤᠮ ᠥᠷᠭᠡᠨ ᠳᠠᠷᠳᠠᠩ ᠪᠤᠯᠬᠤ ᠶᠢ ᠢᠲᠡᠭᠡᠵᠦ ᠪᠠᠶᠢᠨ᠎ᠠ᠂ ᠺᠠᠮᠪᠤᠵᠠ ᠶᠢᠨ ᠠᠷᠠᠳ ᠤᠨ ᠨᠠᠮ ᠤᠨ | ᠺᠠᠮᠪᠤᠵᠠ ᠶᠢᠨ ᠠᠷᠠᠳ ᠲᠦᠮᠡᠨ ᠢ ᠳᠠᠭᠠᠭᠤᠯᠤᠨ ᠤᠯᠤᠰ ᠤᠨ ᠲᠣᠭᠲᠠᠭᠤᠨ ᠪᠣᠯᠣᠨ ᠠᠵᠤ ᠠᠬᠤᠢ ᠶᠢᠨ | ᠬᠥᠭᠵᠢᠯᠲᠡ ᠪᠠᠨ ᠪᠠᠲᠤᠯᠠᠬᠤ ᠶᠢ ᠥᠩᠭᠡᠷᠡᠭᠰᠡᠨ ᠲᠠᠢ ᠪᠠᠨ ᠠᠳᠠᠯᠢ ᠪᠠᠷ ᠳᠡᠮᠵᠢᠵᠦ᠂ ᠺᠠᠮᠪᠤᠵᠠ ᠶᠢᠨ ᠭᠠᠵᠠᠷ ᠣᠷᠣᠨ | ᠪᠣᠯᠣᠨ ᠤᠯᠠᠨ ᠤᠯᠤᠰ ᠤᠨ ᠲᠠᠪᠴᠠᠩ ᠳᠡᠭᠡᠷ᠎ᠡ ᠨᠡᠩ ᠴᠢᠬᠤᠯᠠ ᠦᠢᠯᠡᠳᠦᠯ ᠦᠵᠡᠭᠦᠯᠭᠦ ᠶᠢ ᠳᠡᠮᠵᠢᠨ᠎ᠠ᠃ ᠬᠤᠶᠠᠷ | ᠲᠠᠯ᠎ᠠ ᠪᠠᠷ ᠢᠶᠠᠨ ᠰᠢᠨ᠎ᠡ ᠪᠠᠷ ᠪᠠᠶᠢᠭᠤᠯᠤᠭᠰᠠᠨ ᠬᠤᠶᠠᠷ ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ᠂ | ᠪᠠᠲᠤᠯᠠᠨ ᠬᠠᠮᠠᠭᠠᠯᠠᠯᠲᠠ ᠶᠢᠨ ᠶᠠᠮᠤᠨ ᠤ ᠰᠠᠶᠢᠳ ᠤᠨ ︽2 + 2︾ ᠪᠠᠶᠢᠯᠳᠤᠬᠤ ᠪᠣᠳᠣᠯᠭ᠎ᠠ ᠶᠢᠨ ᠶᠠᠷᠢᠯᠴᠠᠭᠠᠨ ᠤ | ᠲᠣᠭᠲᠠᠴᠠ ᠶᠢ ᠰᠠᠶᠢᠲᠤᠷ ᠠᠰᠢᠭᠯᠠᠵᠤ᠂ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠶ᠎ᠠ᠃ ᠡᠯ᠎ᠡ | ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠺᠠᠮᠪᠤᠵᠠ ᠶᠢᠨ ︽ᠠᠵᠤ | ᠦᠢᠯᠡᠳᠪᠦᠷᠢ ᠶᠢᠨ ᠬᠥᠭᠵᠢᠯᠲᠡ ᠶᠢᠨ ᠬᠤᠩᠭᠢᠯ︾᠂ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ | ᠪᠠᠶᠢᠭᠤᠯᠤᠯᠲᠠ ᠪᠠ ᠡᠨᠧᠷᠭᠢ᠂ ᠵᠠᠮ ᠬᠠᠷᠢᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠰᠠᠶᠢᠲᠤᠷ | ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠺᠠᠮᠪᠤᠵᠠ ᠳᠤ ᠨᠡᠩ ᠤᠯᠠᠨ ᠡᠳ᠋ᠯᠡᠭᠦᠯᠦᠶ᠎ᠡ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠨᠠᠮ ᠤᠨ ᠪᠠᠶᠢᠭᠤᠯᠤᠯᠲᠠ ᠶᠢ ᠴᠢᠩᠭᠠᠳᠬᠠᠬᠤ᠂ | ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠰᠡᠳᠦᠪ ᠤᠨ ᠲᠤᠬᠠᠢ ᠺᠠᠮᠪᠤᠵᠠ ᠯᠤᠭ᠎ᠠ | ᠰᠣᠯᠢᠯᠴᠠᠭ᠎ᠠ ᠬᠢᠵᠦ ᠲᠣᠯᠢ ᠪᠤᠯᠭᠠᠵᠤ᠂ ᠳᠤᠮᠳᠠᠳᠤ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠣᠯᠣᠨ ᠺᠠᠮᠪᠤᠵᠠ ᠶᠢᠨ ᠳᠡᠭᠡᠳᠦ ᠵᠥᠪᠯᠡᠯ᠂ | ᠤᠯᠤᠰ ᠤᠨ ᠬᠤᠷᠠᠯ ᠤᠨ ᠨᠥᠭᠦᠷᠰᠡᠭ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠡᠯᠡᠬᠡᠢ ᠶᠢᠨ ᠤᠯᠠᠨ ᠲᠦᠢᠯᠵᠢᠯᠲᠡ᠂ ᠠᠵᠤ ᠠᠬᠤᠢ ᠶᠢᠨ ᠳᠡᠯᠡᠬᠡᠶᠢᠵᠢᠯᠲᠡ᠂ ᠪᠣᠯᠪᠠᠰᠤᠨ ᠤ ᠤᠯᠠᠨ | ᠶᠠᠩᠵᠤᠵᠢᠯᠳᠠ ᠶᠢᠨ ᠴᠠᠭ ᠦᠶ᠎ᠡ ᠶᠢᠨ ᠤᠷᠤᠰᠬᠠᠯ ᠬᠤᠷᠢᠭᠯᠠᠭᠳᠠᠰᠢ ᠦᠭᠡᠢ᠂ ᠭᠠᠭᠴᠠ ᠲᠠᠯᠠᠲᠤ ᠦᠵᠡᠯ ᠪᠣᠯᠣᠨ | ᠡᠵᠡᠷᠬᠡᠬᠦ ᠦᠵᠡᠯ ᠬᠥᠮᠥᠰ ᠤᠨ ᠰᠡᠳᠬᠢᠯ ᠢ ᠣᠯᠬᠤ ᠦᠭᠡᠢ᠂ ᠠᠯᠢ ᠴᠤ ᠤᠯᠤᠰ ᠭᠡᠳ ᠪᠢᠲᠡᠭᠦᠮᠵᠢᠯᠡᠭᠰᠡᠨ ᠲᠦᠭᠵᠢᠮᠡᠯ | ᠪᠠᠶᠢᠳᠠᠯ ᠳᠠᠭᠠᠨ ᠪᠤᠴᠠᠬᠤ ᠳᠤᠷ᠎ᠠ ᠦᠭᠡᠢ ᠶᠤᠮ ᠭᠡᠳᠡᠭ ᠢ ᠲᠡᠦᠬᠡ ᠭᠡᠷᠡᠴᠢᠯᠡᠭᠰᠡᠨ ᠪᠠᠶᠢᠨ᠎ᠠ᠃ ᠠᠷᠠᠯᠵᠢᠶᠠᠨ ᠤ ᠲᠠᠶᠢᠨ ᠨᠢ | ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠡᠪᠳᠡᠬᠦ ᠪᠥᠭᠡᠳ ᠳᠡᠯᠡᠬᠡᠢ ᠶᠢᠨ ᠠᠵᠤ ᠠᠬᠤᠢ ᠶᠢᠨ ᠡᠮᠬᠢ ᠳᠢᠭᠯᠢᠮ ᠳᠤ | ᠴᠣᠬᠢᠯᠲᠠ ᠦᠵᠡᠭᠦᠯᠳᠡᠭ᠂ ᠡᠯ᠎ᠡ ᠤᠯᠤᠰ ᠪᠦᠯᠬᠦᠮᠳᠡᠵᠡᠭᠡᠵᠦ᠂ ᠤᠯᠤᠰ ᠤᠨ ᠠᠮᠤᠷ ᠲᠦᠪᠰᠢᠨ ᠪᠣᠯᠣᠨ | ᠬᠥᠭᠵᠢᠯᠲᠡ ᠶᠢᠨ ᠭᠤᠣᠯᠯᠠᠬᠤ ᠡᠷᠬᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ᠂ ᠬᠠᠷᠢᠯᠴᠠᠨ ᠬᠦᠨᠳᠦᠳᠬᠡᠬᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠭᠠᠷ ᠬᠤᠯᠪᠣᠨ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ᠃ ᠠᠽᠢᠶ᠎ᠠ ᠲᠢᠪ ᠤᠨ ᠪᠦᠬᠦᠯᠢ | ᠴᠣᠭᠴᠠ ᠶᠢᠨ ᠬᠥᠭᠵᠢᠯ ᠮᠠᠨᠳᠤᠯ ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠳᠤᠮᠳᠠᠳᠤ ᠤᠯᠤᠰ ᠳᠣᠲᠣᠨᠣ | ᠦᠨᠡᠨᠴᠢ ᠠᠰᠢᠭ ᠬᠦᠷᠲᠡᠭᠡᠬᠦ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠣᠯᠣᠨ ᠬᠥᠷᠰᠢ ᠵᠡᠷᠭᠡᠯᠡᠳᠡᠭᠡ ᠲᠠᠢ ᠪᠠᠨ | ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠪᠠᠷᠢᠮᠲᠠᠯᠠᠵᠤ᠂ ᠬᠥᠷᠰᠢ | ᠵᠡᠷᠭᠡᠯᠡᠳᠡᠭᠡ ᠶᠢᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠣᠯᠣᠨ | ᠲᠣᠭᠲᠠᠭᠤᠨ ᠴᠢᠨᠠᠷ ᠢ ᠪᠠᠲᠤᠯᠠᠵᠤ᠂ ᠡᠷᠭᠢᠨ ᠲᠣᠭᠤᠷᠢᠨ ᠤ ᠤᠯᠤᠰ ᠤᠳ ᠯᠤᠭ᠎ᠠ ᠶᠢᠨ ᠨᠥᠭᠦᠷᠰᠡᠭ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠦᠷ᠎ᠡ | ᠪᠦᠲᠦᠭᠡᠯ ᠢᠶᠠᠷ ᠬᠥᠷᠰᠢ ᠵᠡᠷᠭᠡᠯᠡᠳᠡᠭᠡ ᠳᠡᠭᠡᠨ ᠨᠡᠩ ᠤᠯᠠᠨ ᠠᠰᠢᠭ ᠬᠦᠷᠲᠡᠭᠡᠵᠦ᠂ ᠬᠥᠷᠰᠢ ᠵᠡᠷᠭᠡᠯᠡᠳᠡᠭᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠠᠽᠢᠶ᠎ᠠ ᠲᠢᠪ ᠤᠨ ᠣᠳᠣᠬᠢᠴᠢᠯᠠᠯᠲᠠ ᠶᠢᠨ | ᠠᠬᠢᠴᠠ ᠶᠢ ᠭᠠᠷ ᠬᠤᠯᠪᠣᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠬᠤᠩᠰᠧᠨ᠂ ᠲᠡᠷᠢᠭᠦᠯᠡᠭᠴᠢ ᠰᠢ ᠶᠢᠨ ᠫᠢᠩ ᠤᠨ ᠺᠠᠮᠪᠤᠵᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ᠂ ᠲᠤᠰ ᠤᠳᠠᠭ᠎ᠠ ᠶᠢᠨ ᠠᠶᠢᠯᠴᠢᠯᠠᠯᠲᠠ ᠺᠠᠮᠪᠤᠵᠠ ᠶᠢᠨ ᠬᠢᠨ ᠳᠤ | ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠲᠡᠷᠢᠭᠦᠯᠡᠭᠴᠢ ᠰᠢ ᠶᠢᠨ ᠫᠢᠩ ᠪᠣᠯᠣᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠨᠢᠳᠤᠨᠤᠨ ᠤ ᠨᠡᠮᠡᠭᠳᠡᠯ ᠤᠨ | ᠬᠠᠷᠠᠯᠲᠠ ᠪᠠᠨ ᠤᠷᠤᠭᠰᠢᠲᠠᠢ ᠪᠡᠶᠡᠯᠡᠭᠦᠯᠦᠭᠰᠡᠨ ᠪᠥᠭᠡᠳ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ | ᠡᠭᠦᠳᠬᠦ ᠲᠠᠯ᠎ᠠ ᠪᠠᠷ ᠬᠥᠮᠥᠰ ᠤᠨ ᠠᠩᠬᠠᠷᠤᠯ ᠢ ᠲᠠᠲᠠᠭᠰᠠᠨ ᠠᠮᠵᠢᠯᠲᠠ ᠣᠯᠣᠭᠰᠠᠨ ᠳᠤ ᠺᠠᠮᠪᠤᠵᠠ ᠴᠢᠩ | ᠰᠡᠳᠬᠢᠯ ᠠᠴᠠ ᠪᠠᠨ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠤᠯᠤᠰ ᠪᠣᠯ ᠺᠠᠮᠪᠤᠵᠠ ᠶᠢᠨ ᠬᠠᠮᠤᠭ ᠤᠨ ᠡᠷᠡᠰ | ᠪᠠᠲᠤ ᠳᠡᠮᠵᠢᠭᠴᠢ᠂ ᠬᠠᠮᠤᠭ ᠤᠨ ᠨᠠᠶᠢᠳᠠᠪᠤᠷᠢᠲᠠᠢ ᠬᠠᠮᠲᠤᠷᠠᠯᠴᠠᠭᠠᠨ ᠤ ᠬᠠᠨᠢᠲᠠᠨ ᠮᠥᠨ᠂ ᠺᠠᠮᠪᠤᠵᠠ ᠶᠢᠨ ᠠᠵᠤ ᠠᠬᠤᠢ | ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠳᠤᠮᠳᠠᠳᠤ ᠤᠯᠤᠰ ᠤᠨ ᠳᠡᠮᠵᠢᠯᠭᠡ | ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠳᠤ ᠺᠠᠮᠪᠤᠵᠠ ᠭᠦᠨ ᠲᠠᠯᠠᠷᠬᠠᠵᠤ ᠪᠠᠶᠢᠨ᠎ᠠ᠃ ᠺᠠᠮᠪᠤᠵᠠ ᠶᠢᠨ ᠬᠢᠨ | ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠶᠢᠨ ᠲᠠᠯ᠎ᠠ ᠶᠢᠨ | ᠲᠠᠶᠢᠸᠠᠨ᠂ ᠰᠢᠨᠵᠢᠶᠠᠩ ᠳᠤ ᠬᠤᠯᠪᠣᠭᠳᠠᠬᠤ᠂ ᠲᠥᠪᠡᠳ ᠲᠤ ᠬᠤᠯᠪᠣᠭᠳᠠᠬᠤ ᠵᠡᠷᠭᠡ ᠠᠰᠠᠭᠤᠳᠠᠯ ᠳᠡᠭᠡᠷᠡᠬᠢ | ᠵᠣᠭᠰᠣᠯᠲᠠ ᠶᠢ ᠲᠡᠮᠵᠢᠵᠤ᠂ ᠶᠠᠮᠠᠷᠪᠠ ᠬᠦᠴᠦᠨ ᠤ ᠳᠤᠮᠳᠠᠳᠤ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠶᠢ | ᠡᠰᠡᠷᠭᠦᠴᠡᠨ᠎ᠡ᠃ ᠺᠠᠮᠪᠤᠵᠠ ᠳᠤᠮᠳᠠᠳᠤ ᠶᠢᠨ ᠬᠤᠭᠤᠷᠣᠨᠳᠤ ᠬᠠᠳᠠᠨ ᠪᠠᠲᠤ ᠨᠥᠬᠦᠷᠯᠡᠯ ᠢ ᠪᠠᠶᠢᠭᠤᠯᠤᠭᠰᠠᠨ ᠶᠤᠮ᠃ | ᠬᠤᠶᠠᠷ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠵᠤ᠂ ᠴᠢᠷᠮᠠᠶᠢᠭᠰᠠᠨ ᠳᠡᠭᠡᠷ᠎ᠡ ᠴᠢᠷᠮᠠᠶᠢᠵᠤ᠂ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠥᠨᠳᠥᠷ ᠲᠦᠪᠰᠢᠨ᠂ | ᠴᠢᠨᠠᠷ ᠰᠠᠶᠢᠲᠠᠢ᠂ ᠥᠨᠳᠥᠷ ᠪᠠᠷᠢᠮᠵᠢᠶ᠎ᠠ ᠪᠦᠬᠦᠢ ᠬᠥᠭᠵᠢᠯᠲᠡ ᠶᠢ ᠠᠬᠢᠭᠤᠯᠵᠤ᠂ ᠢᠮᠠᠭᠲᠠ ᠭᠠᠷ ᠬᠤᠯᠪᠣᠨ ᠵᠡᠷᠭᠡ ᠪᠠᠷ | ᠤᠷᠤᠭᠰᠢᠯᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠬᠤᠪᠢ ᠵᠠᠶᠠᠭ᠎ᠠ ᠪᠠᠨ ᠬᠠᠮᠲᠤᠳᠬᠠᠬᠤ ᠪᠠᠷ | ᠲᠣᠭᠲᠠᠪᠠ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠠᠶᠢᠯᠳᠤᠬᠤ ᠪᠣᠳᠣᠯᠭ᠎ᠠ ᠶᠢᠨ ᠠᠮᠤᠷ | ᠲᠦᠪᠰᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠯᠵᠢᠶ᠎ᠠ ᠪᠠᠨ ᠥᠷᠭᠡᠳᠬᠡᠨ᠎ᠡ᠃ ᠨᠡᠩ | ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠠᠮᠪᠤᠵᠠ ᠳᠤ ᠬᠦᠷᠴᠦ ᠪᠡᠯᠡ ᠣᠷᠣᠭᠤᠯᠬᠤ ᠶᠢ ᠪᠠᠶᠠᠷᠯᠠᠨ | ᠤᠭᠲᠤᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ | ᠵᠣᠭᠤᠰ ᠮᠥᠷᠦ᠋ᠢᠴᠡᠬᠦ ᠴᠠᠭᠢᠯᠭᠠᠨ ᠴᠢᠮᠡᠭᠡ ᠬᠤᠯᠪᠣᠭᠠᠨ ᠤ ᠮᠡᠬᠡᠯᠡᠯ ᠳᠤ ᠭᠦᠨᠵᠡᠭᠡᠢ ᠴᠣᠬᠢᠯᠲᠠ ᠥᠭᠭᠦᠨ᠎ᠡ᠃ | ᠺᠠᠮᠪᠤᠵᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠡᠩᠬᠡ ᠲᠠᠶᠢᠪᠤᠩ ᠪᠣᠯᠣᠨ ᠦᠷᠭᠦᠯᠵᠢᠯᠡᠬᠦ ᠬᠥᠭᠵᠢᠯᠲᠡ ᠳᠤ | ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ | ᠳᠤᠮᠳᠠᠳᠤ ᠶᠢᠨ ᠬᠢᠨ ᠤ ᠳᠤᠷᠠᠳᠤᠭᠰᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭ᠎ᠠ ᠪᠣᠯᠣᠨ ᠭᠤᠷᠪᠠᠨ ᠶᠡᠭᠡ ᠪᠦᠭᠦ ᠪᠥᠮᠪᠥᠷᠴᠡᠭ ᠤᠨ ᠰᠠᠨᠠᠭᠠᠴᠢᠯᠠᠭ᠎ᠠ ᠶᠢ ᠳᠡᠮᠵᠢᠨ᠎ᠠ᠃ ᠡᠨᠡ ᠨᠢ ᠳᠡᠯᠡᠬᠡᠢ | ᠨᠡᠶᠢᠭᠡᠮ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ | ᠠᠬᠢᠭᠤᠯᠬᠤ ᠳᠤ ᠠᠰᠢᠭᠲᠠᠢ ᠶᠤᠮ᠃ ᠠᠷᠠᠯᠵᠢᠶᠠᠨ ᠤ ᠲᠠᠶᠢᠨ᠂ ᠪᠣᠭᠤᠮᠲᠠ ᠶᠢᠨ ᠭᠠᠶᠢᠯᠢ ᠶᠢᠨ ᠲᠠᠶᠢᠨ ᠨᠢ ᠡᠯ᠎ᠡ | ᠤᠯᠤᠰ ᠤᠨ ᠵᠦᠢ ᠶᠣᠰᠣᠨ ᠤ ᠠᠰᠢᠭ ᠲᠤᠰᠠ ᠶᠢ ᠬᠤᠬᠢᠷᠠᠭᠤᠯᠵᠤ᠂ ᠳᠡᠯᠡᠬᠡᠢ ᠶᠢᠨ ᠪᠠᠶᠢᠳᠠᠯ ᠢ ᠲᠣᠭᠲᠠᠭᠤᠨ ᠪᠤᠰᠤ | ᠪᠣᠯᠭᠠᠪᠠ᠃ ᠺᠠᠮᠪᠤᠵᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠯ᠎ᠡ | ᠵᠦᠢᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠸᠠᠩ ᠰᠢᠶᠣᠣ ᠬᠤᠩ ᠨᠠᠷ ᠣᠷᠣᠯᠴᠠᠵᠠᠢ᠃ | |