ᠰᠢᠨᠬᠤᠸᠠ ᠬᠤᠷᠢᠶ᠎ᠠ ᠶᠢᠨ ᠫᠨᠤᠮ ᠪᠧᠩ ᠤᠨ 4 ᠰᠠᠷ᠎ᠠ ᠶᠢᠨ 17 ᠤ ᠴᠠᠭᠢᠯᠭᠠᠨ ᠮᠡᠳᠡᠭᠡ 4 ᠰᠠᠷ᠎ᠠ ᠶᠢᠨ | 17 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠨᠤᠮ ᠪᠧᠩ ᠳᠤ ᠬᠦᠷᠴᠦ ᠺᠠᠮᠪᠤᠵᠠ ᠳᠤ ᠲᠥᠷᠥ ᠶᠢᠨ | ᠶᠠᠪᠤᠳᠠᠯ ᠤᠨ ᠠᠶᠢᠯᠴᠢᠯᠠᠯᠲᠠ ᠬᠢᠬᠦ ᠲᠠᠰᠢᠷᠠᠮ ᠢᠶᠠᠷ ᠺᠠᠮᠪᠤᠵᠠ ᠶᠢᠨ ︽ᠺᠮᠧᠷ ᠤᠨ ᠴᠠᠭ ᠰᠣᠨᠢᠨ︾᠂ ︽ᠺᠠᠮᠪᠤᠵᠠ | ᠳᠤᠮᠳᠠᠳᠤ ᠶᠢᠨ ᠡᠳᠦᠷ ᠤᠨ ᠰᠣᠨᠢᠨ︾ ᠪᠣᠯᠣᠨ ᠺᠠᠮᠪᠤᠵᠠ ᠶᠢᠨ ︽ᠰᠢᠨ᠎ᠡ ᠰᠡᠪᠡᠭᠦᠨ ᠰᠣᠨᠢᠨ ᠮᠡᠳᠡᠭᠡ︾ ᠰᠦᠯᠵᠢᠶ᠎ᠡ ᠳᠤ | ︽ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ ᠴᠠᠭ | ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ︾ ᠭᠡᠬᠦ ᠭᠠᠷᠴᠠᠭ ᠲᠠᠢ ᠨᠡᠷ᠎ᠡ ᠬᠠᠲᠠᠭᠰᠠᠨ ᠵᠣᠬᠢᠶᠠᠯ | ᠨᠡᠶᠢᠲᠡᠯᠡᠪᠡ᠃ ᠵᠣᠬᠢᠶᠠᠯ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠥᠭᠡᠳᠡ ᠥᠭᠡᠳᠡ ᠠᠴᠠ ᠪᠠᠨ ᠲᠡᠮᠡᠦᠯᠵᠦ ᠬᠠᠷᠢᠯᠴᠠᠨ ᠬᠠᠮᠵᠢᠯᠴᠠᠨ ᠠᠮᠵᠢᠯᠲᠠ ᠪᠦᠲᠦᠮᠵᠢ ᠡᠭᠦᠳᠴᠦ ᠰᠢᠨ᠎ᠡ | ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ | ᠺᠠᠮᠪᠤᠵᠠ ᠶᠢᠨ ᠤᠯᠠᠮᠵᠢᠯᠠᠯᠲᠤ ᠰᠢᠨ᠎ᠡ ᠵᠢᠯ ᠬᠦᠷᠴᠦ ᠢᠷᠡᠬᠦ ᠲᠠᠰᠢᠷᠠᠮ ᠢᠶᠠᠷ ᠤᠷᠢᠯᠭ᠎ᠠ ᠪᠠᠷ ᠰᠠᠶᠢᠨ ᠨᠠᠶᠢᠵᠠ ᠶᠢᠨ ᠳᠠᠭᠠᠨ | ᠠᠶᠢᠯᠴᠢᠯᠠᠬᠤ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠠᠬ᠎ᠠ ᠳᠡᠭᠦᠦ ᠺᠠᠮᠪᠤᠵᠠ ᠶᠢᠨ ᠠᠷᠠᠳ ᠲᠦᠮᠡᠨ ᠳᠤ | ᠬᠠᠮᠤᠭ ᠤᠨ ᠰᠠᠶᠢᠨ ᠰᠠᠶᠢᠬᠠᠨ ᠰᠢᠨ᠎ᠡ ᠵᠢᠯ ᠤᠨ ᠵᠥᠩᠨᠡᠯ ᠳᠡᠪᠰᠢᠭᠦᠯᠵᠦ ᠪᠠᠶᠢᠨ᠎ᠠ᠃ ᠡᠨᠡ ᠪᠣᠯ ᠮᠢᠨᠤ 9 ᠵᠢᠯ ᠤᠨ | ᠳᠠᠷᠠᠭ᠎ᠠ ᠺᠠᠮᠪᠤᠵᠠ ᠳᠤ ᠳᠠᠬᠢᠨᠲᠠ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ ᠡᠨᠡ ᠤᠳᠠᠭ᠎ᠠ ᠶᠢᠨ | ᠠᠶᠢᠯᠴᠢᠯᠠᠯᠲᠠ ᠪᠠᠷ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ | ᠨᠡᠩ ᠶᠡᠭᠡ ᠠᠬᠢᠴᠠ ᠲᠠᠢ ᠪᠤᠯᠬᠤ ᠶᠢ ᠬᠥᠲᠥᠯᠥᠨ ᠳᠠᠭᠠᠭᠤᠯᠵᠤ ᠶᠢ ᠬᠦᠰᠡᠵᠦ ᠪᠠᠶᠢᠨ᠎ᠠ᠃ | ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠲᠡᠦᠬᠡ ᠶᠢᠨ ᠳᠡᠪᠢᠰᠬᠡᠷ ᠥᠩᠭᠡ ᠮᠥᠨ᠃ ᠳᠤᠮᠳᠠᠳᠤ ᠤᠯᠤᠰ ᠪᠣᠯᠣᠨ ᠺᠠᠮᠪᠤᠵᠠ ᠶᠢᠨ | ᠭᠠᠵᠠᠷ ᠵᠦᠢ ᠶᠢᠨ ᠪᠠᠶᠢᠷᠢᠯᠠᠯ ᠤᠶᠢᠷᠠᠯᠴᠠᠭ᠎ᠠ ᠪᠠᠶᠢᠵᠤ᠂ ᠨᠥᠭᠦᠷᠰᠡᠭ ᠶᠠᠪᠤᠯᠴᠠᠭ᠎ᠠ ᠶᠢ 2000 ᠰᠢᠬᠠᠮ ᠵᠢᠯ ᠤᠨ | ᠡᠮᠦᠨ᠎ᠡ ᠭᠦᠷᠲᠡᠯ᠎ᠡ ᠮᠥᠷᠳᠡᠵᠦ ᠪᠣᠯᠣᠨ᠎ᠠ᠃ ᠳᠤᠮᠳᠠᠳᠤ ᠤᠯᠤᠰ ᠤᠨ ᠲᠠᠩ ᠤᠯᠤᠰ ᠤᠨ ᠦᠶ᠎ᠡ ᠳᠤ ᠺᠮᠧᠷ ᠸᠠᠩ ᠤᠨ | ᠤᠭᠰᠠᠭᠠᠨ ᠤ ᠪᠦᠷᠢᠯᠳᠦᠭᠦᠨ ᠳᠤᠮᠳᠠᠳᠤ ᠤᠯᠤᠰ ᠤᠨ ᠴᠠᠩ ᠠᠨ ᠳᠤ ᠠᠶᠢᠯᠴᠢᠯᠠᠵᠤ᠂ ︽ᠪᠢᠨ ᠬᠠᠨ︾ ᠭᠡᠵᠦ | ᠨᠡᠷᠡᠯᠡᠭᠳᠡᠨ ᠬᠦᠨᠳᠦᠳᠬᠡᠭᠳᠡᠪᠡ᠃ ᠲᠡᠷᠡ ᠦᠶ᠎ᠡ ᠠᠴᠠ ᠡᠬᠢᠯᠡᠨ ᠬᠤᠶᠠᠷ ᠤᠯᠤᠰ ᠨᠢᠭᠲᠠ ᠶᠠᠪᠤᠯᠴᠠᠭᠰᠠᠭᠠᠷ ᠢᠷᠡᠵᠡᠢ᠃ | ᠳᠤᠮᠳᠠᠳᠤ ᠤᠯᠤᠰ ᠤᠨ ᠱᠠᠭᠠᠵᠠᠩ ᠡᠳ᠋ᠯᠡᠯ᠂ ᠰᠢᠷᠳᠡᠮᠡᠯ ᠡᠳ᠋ᠯᠡᠯ ᠲᠡᠯᠡᠶ ᠳᠡᠭᠡᠷᠡᠬᠢ ᠲᠣᠷᠭᠠᠨ ᠵᠠᠮ ᠢᠶᠠᠷ ᠺᠠᠮᠪᠤᠵᠠ ᠳᠤ | ᠬᠦᠷᠭᠡᠭᠳᠡᠵᠦ᠂ ᠺᠠᠮᠪᠤᠵᠠ ᠶᠢᠨ ᠦᠨᠦᠷᠲᠦ ᠡᠳ᠋᠂ ᠲᠣᠷᠭ᠎ᠠ ᠶᠢᠨ ᠲᠦᠭᠦᠬᠡᠢ ᠮᠠᠲ᠋ᠧᠷᠢᠶᠠᠯ ᠵᠡᠷᠭᠡ ᠣᠨᠴᠠ ᠭᠠᠷᠤᠯᠲᠠ | ᠳᠤᠮᠳᠠᠳᠤ ᠤᠯᠤᠰ ᠤᠨ ᠠᠷᠠᠳ ᠲᠦᠮᠡᠨ ᠤ ᠪᠠᠭ᠋ᠠᠷᠬᠠᠯ ᠢ ᠶᠡᠬᠡᠳᠡ ᠣᠯᠵᠤ᠂ ᠪᠠᠶᠤᠨ ᠰᠦᠮ᠎ᠡ ᠶᠢᠨ ᠭᠦᠳᠦᠭᠦᠷ | ᠱᠤᠭᠤᠮᠠᠯ ᠨᠢ ᠲᠡᠦᠬᠡᠨ ᠳᠡᠭᠡᠷᠡᠬᠢ ᠬᠤᠶᠠᠷ ᠤᠯᠤᠰ ᠤᠨ ᠠᠷᠠᠯᠵᠢᠶᠠᠨ ᠤ ᠦᠪᠡᠳᠡᠭᠰᠢ ᠪᠠᠶᠢᠳᠠᠯ ᠢ ᠠᠮᠢᠯᠠᠭᠤᠯᠤᠨ | ᠢᠯᠡᠷᠡᠭᠦᠯᠪᠡ᠃ ᠺᠠᠮᠪᠤᠵᠠ ᠶᠢᠨ ᠣᠯᠠᠨ ᠬᠤᠲᠤᠭᠲᠤ ᠯᠠᠮᠠ ᠳᠤᠮᠳᠠᠳᠤ ᠤᠯᠤᠰ ᠲᠤ ᠬᠦᠷᠴᠦ ᠨᠣᠮ ᠤᠯᠠᠮᠵᠢᠯᠠᠨ ᠱᠠᠰᠢᠨ | ᠳᠡᠯᠭᠡᠷᠡᠭᠦᠯᠵᠦ᠂ ᠳᠤᠮᠳᠠᠳᠤ ᠤᠯᠤᠰ ᠤᠨ ᠶᠤᠸᠠᠨ ᠤᠯᠤᠰ ᠤᠨ ᠵᠧᠦ ᠳ᠋ᠡ ᠭᠤᠸᠠᠨ ᠤ ᠵᠣᠬᠢᠶᠠᠭᠰᠠᠨ ︽ᠺᠮᠧᠷ ᠤᠨ | ᠨᠤᠲᠤᠭ ᠤᠰᠤᠨ ᠤ ᠲᠡᠮᠳᠡᠭᠯᠡᠯ︾ ᠨᠢ ᠺᠠᠮᠪᠤᠵᠠ ᠶᠢᠨ ᠲᠡᠦᠬᠡ ᠶᠢ ᠰᠤᠳᠤᠯᠬᠤ ᠴᠢᠬᠤᠯᠠ ᠲᠤᠯᠭᠤᠷ ᠪᠢᠴᠢᠭ ᠪᠣᠯᠤᠭᠰᠠᠨ | ᠪᠠᠶᠢᠨ᠎ᠠ᠃ ᠠᠭᠤᠤ ᠶᠡᠭᠡ ᠳᠤᠮᠳᠠᠳᠤ ᠶᠢᠨ ᠪᠣᠯᠪᠠᠰᠤᠨ ᠪᠣᠯᠣᠨ ᠺᠮᠧᠷ ᠤᠨ ᠪᠣᠯᠪᠠᠰᠤᠨ ᠥᠨᠢ ᠤᠳᠠᠭᠠᠨ ᠲᠡᠦᠬᠡ ᠶᠢᠨ | ᠤᠷᠲᠤ ᠠᠶᠠᠨ ᠢ ᠳᠤᠭᠤᠯᠵᠤ᠂ ᠬᠠᠷᠢᠯᠴᠠᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ᠃ | ᠵᠢᠷᠤᠮ ᠡᠯᠪᠡᠷᠢᠯ ᠢ ᠬᠦᠨᠳᠦᠳᠬᠡᠬᠦ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠢᠯᠡ ᠲᠣᠳᠣ ᠣᠨᠴᠠᠯᠢᠭ ᠪᠣᠯᠣᠨ᠎ᠠ᠃ ᠲᠡᠷᠢᠭᠦᠯᠡᠭᠴᠢ ᠮᠠᠤ ᠽᠧ ᠳ᠋ᠦᠩ᠂ ᠶᠡᠷᠦᠩᠬᠡᠢ ᠰᠠᠶᠢᠳ ᠵᠧᠦ ᠧᠨ | ᠯᠠᠢ ᠵᠡᠷᠭᠡ ᠳᠤᠮᠳᠠᠳᠤ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠪᠣᠯᠣᠨ ᠰᠢᠬᠠᠨᠦ᠋ᠺᠧ ᠴᠢᠨ | ᠸᠠᠩ ᠪᠣᠯ ᠳᠤᠮᠳᠠᠳᠤ ᠺᠠᠮᠪᠤᠵᠠ ᠶᠢᠨ ᠨᠥᠬᠦᠷᠯᠡᠯ ᠤᠨ ᠦᠢᠯᠡᠰ ᠢ ᠬᠠᠮᠲᠤ ᠪᠠᠷ ᠴᠣᠭᠴᠠᠯᠠᠨ ᠪᠠᠶᠢᠭᠤᠯᠤᠭᠴᠢ ᠮᠥᠨ᠃ | 70 ᠵᠢᠯ ᠤᠨ ᠡᠮᠦᠨ᠎ᠡ ᠰᠢᠬᠠᠨᠥ᠋ᠺᠧ ᠴᠢᠨ ᠸᠠᠩ ᠪᠣᠯᠣᠨ ᠵᠧᠦ ᠧᠨ ᠯᠠᠢ ᠶᠡᠷᠦᠩᠬᠡᠢ ᠰᠠᠶᠢᠳ ᠪᠠᠨᠳᠥ᠋ᠩ ᠤᠨ ᠬᠤᠷᠠᠯ | ᠳᠡᠭᠡᠷ᠎ᠡ ᠠᠭᠤᠯᠵᠠᠮᠠᠭᠴᠠ ᠬᠠᠭᠤᠴᠢᠨ ᠲᠠᠨᠢᠯ ᠮᠡᠲᠦ ᠪᠠᠶᠢᠵᠤ᠂ ᠺᠠᠮᠪᠤᠵᠠ ᠶᠢᠨ ᠬᠢᠨ ᠳᠠᠪᠬᠤᠷ ᠳᠠᠪᠬᠤᠷ ᠬᠠᠷᠰᠢ | ᠰᠠᠭᠠᠳ ᠢ ᠢᠯᠠᠨ ᠳᠠᠪᠠᠵᠤ 1958 ᠣᠨ ᠳᠤ ᠰᠢᠨ᠎ᠡ ᠳᠤᠮᠳᠠᠳᠤ ᠤᠯᠤᠰ ᠲᠠᠢ ᠭᠠᠳᠠᠭᠠᠳᠤ ᠬᠠᠷᠢᠯᠴᠠᠭ᠎ᠠ ᠪᠠᠶᠢᠭᠤᠯᠵᠤ᠂ | ᠳᠤᠮᠳᠠᠳᠤ ᠤᠯᠤᠰ ᠤᠨ ᠬᠢᠨ ᠺᠠᠮᠪᠤᠵᠠ ᠶᠢᠨ ᠭᠠᠳᠠᠭᠠᠳᠤ ᠶᠢᠨ ᠲᠦᠷᠢᠮᠡᠬᠡᠶᠢᠯᠡᠯ ᠢ ᠡᠰᠡᠷᠭᠦᠴᠡᠬᠦ᠂ ᠤᠯᠤᠰ ᠤᠨ ᠡᠷᠬᠡ | ᠮᠡᠳᠡᠯ ᠲᠤᠰᠠᠭᠠᠷ ᠲᠣᠭᠲᠠᠨᠢᠯ ᠢᠶᠠᠨ ᠬᠠᠮᠠᠭᠠᠯᠠᠬᠤ ᠰᠢᠳᠤᠷᠭᠤ ᠶᠣᠰᠣᠨ ᠤ ᠲᠡᠮᠡᠴᠡᠯ ᠢ ᠪᠦᠭᠦ ᠬᠦᠴᠦ ᠪᠠᠷ | ᠢᠶᠠᠨ ᠳᠡᠮᠵᠢᠪᠡ᠃ ᠬᠤᠶᠠᠷ ᠲᠠᠯ᠎ᠠ ᠢᠶᠠᠨ ᠬᠠᠮᠤᠭ ᠠᠴᠠ ᠪᠠᠴᠢᠮ ᠬᠠᠪᠰᠤᠷᠤᠯᠭ᠎ᠠ ᠬᠦᠰᠡᠭᠰᠡᠨ ᠴᠠᠭ ᠮᠥᠴᠡ ᠳᠤ ᠵᠢᠷᠭᠠᠯ | ᠵᠣᠪᠠᠯᠠᠩ ᠢᠶᠠᠨ ᠬᠠᠮᠲᠤᠳᠬᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠪᠠ᠃ ᠰᠢᠬᠠᠨᠦ᠋ᠺᠧ ᠴᠢᠨ ᠸᠠᠩ | ᠳᠤᠮᠳᠠᠳᠤ ᠤᠯᠤᠰ ᠲᠤ 40 ᠰᠢᠬᠠᠮ ᠵᠢᠯ ᠠᠮᠢᠳᠤᠷᠠᠵᠤ᠂ ᠳᠤᠮᠳᠠᠳᠤ ᠤᠯᠤᠰ ᠢ ᠬᠤᠶᠠᠳᠠᠭᠢ ᠨᠤᠲᠤᠭ ᠢᠶᠠᠷ ᠦᠵᠡᠵᠦ᠂ | ᠲᠡᠭᠦᠨ ᠤ ᠵᠣᠬᠢᠶᠠᠨ ᠪᠦᠲᠦᠭᠡᠭᠰᠡᠨ ︽ᠳᠤᠮᠳᠠᠳᠤ ᠤᠯᠤᠰ ᠢ ᠳᠤᠷᠠᠰᠤᠨ ᠰᠠᠨᠠᠭᠠᠯᠵᠠᠬᠤᠢ︾ ᠵᠡᠷᠭᠡ ᠳᠤᠮᠳᠠᠳᠤ | ᠺᠠᠮᠪᠤᠵᠠ ᠶᠢᠨ ᠨᠥᠬᠦᠷᠯᠡᠯ ᠢ ᠮᠠᠭᠲᠠᠨ ᠳᠠᠭᠤᠯᠠᠭᠰᠠᠨ ᠳᠠᠭᠤᠤ ᠨᠢ ᠤᠳᠤ ᠪᠤᠯᠲᠠᠯ᠎ᠠ ᠤᠯᠠᠮᠵᠢᠯᠠᠭᠳᠠᠭᠰᠠᠭᠠᠷ ᠪᠠᠶᠢᠨ᠎ᠠ᠃ | ᠤᠯᠤᠰ ᠤᠨ ᠸᠠᠩ ᠰᠢᠬᠠᠮᠦᠨᠢ ᠪᠣᠯᠣᠨ ᠸᠠᠩ ᠤᠨ ᠡᠬᠡ ᠮᠤᠨᠢᠯᠢᠶᠧ ᠵᠢᠯ ᠪᠦᠷᠢ ᠳᠤᠮᠳᠠᠳᠤ ᠤᠯᠤᠰ ᠲᠤ ᠢᠷᠡᠳᠡᠭ | ᠪᠥᠭᠡᠳ ᠪᠢ ᠬᠤᠶᠠᠷ ᠬᠠᠭᠠᠨᠲᠠᠨ ᠲᠠᠢ ᠣᠯᠠᠨ ᠤᠳᠠᠭ᠎ᠠ ᠠᠭᠤᠯᠵᠠᠵᠤ ᠵᠣᠭᠤᠭ ᠳᠡᠯᠭᠡᠪᠡ᠃ 2020 ᠣᠨ ᠳᠤ ᠪᠢ | ᠸᠠᠩ ᠤᠨ ᠡᠬᠡ ᠮᠤᠨᠢᠯᠢᠶᠧ ᠳᠤ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ︽ᠨᠥᠬᠦᠷᠯᠡᠯ ᠤᠨ ᠭᠠᠪᠢᠶᠠᠨ | ᠲᠡᠮᠳᠡᠭ︾ ᠣᠯᠭᠤᠪᠠ᠃ ᠡᠨᠡ ᠬᠦ ᠬᠦᠨᠳᠦ ᠶᠢᠨ ᠵᠢᠩ ᠲᠠᠢ ᠭᠠᠪᠢᠶᠠᠨ ᠲᠡᠮᠳᠡᠭ ᠨᠢ ᠳᠤᠮᠳᠠᠳᠤ ᠤᠯᠤᠰ ᠤᠨ ᠠᠷᠠᠳ | ᠲᠦᠮᠡᠨ ᠤ ᠺᠠᠮᠪᠤᠵᠠ ᠶᠢᠨ ᠠᠷᠠᠳ ᠲᠦᠮᠡᠨ ᠯᠦᠭᠡ ᠶᠢᠨ ᠭᠦᠨ ᠵᠤᠵᠠᠭᠠᠨ ᠨᠥᠬᠦᠷᠯᠡᠯ ᠢ ᠲᠥᠯᠥᠭᠡᠯᠡᠵᠦ ᠪᠠᠶᠢᠨ᠎ᠠ᠃ ᠡᠷᠡᠨ | ᠵᠠᠭᠤᠨ ᠤ ᠬᠢᠵᠢᠭ ᠤᠨ ᠪᠠᠶᠢᠳᠠᠯ ᠤᠨ ᠡᠮᠦᠨ᠎ᠡ ᠲᠤᠬᠠᠢ ᠶᠢᠨ ᠦᠶ᠎ᠡ ᠳᠤ ᠲᠡᠷᠢᠭᠦᠨ ᠰᠠᠶᠢᠳ ᠤᠨ ᠲᠤᠰᠢᠶᠠᠯ ᠢ | ᠡᠭᠦᠷᠭᠡᠯᠡᠵᠦ ᠪᠠᠶᠢᠭᠰᠠᠨ ᠬᠤᠩᠰᠧᠨ ᠰᠠᠯᠬᠢ ᠰᠢᠭᠤᠷᠭᠠᠨ ᠢ ᠰᠥᠷᠦᠨ ᠳᠤᠮᠳᠠᠳᠤ ᠤᠯᠤᠰ ᠲᠤ ᠠᠶᠢᠯᠴᠢᠯᠠᠵᠤ᠂ | ᠳᠤᠮᠳᠠᠳᠤ ᠤᠯᠤᠰ ᠣᠯᠠᠨ ᠡᠮᠴᠢᠯᠡᠭᠡᠨ ᠤ ᠠᠩᠭᠢ ᠲᠣᠮᠢᠯᠠᠨ ᠺᠠᠮᠪᠤᠵᠠ ᠶᠢ ᠲᠤᠰᠠᠯᠠᠵᠤ᠂ ᠬᠤᠶᠠᠷ ᠲᠠᠯ᠎ᠠ ᠪᠠᠷ ᠢᠶᠠᠨ | ᠬᠠᠷᠢᠯᠴᠠᠨ ᠶᠡᠭᠡ ᠬᠡᠮᠵᠢᠶᠡᠨ ᠤ ᠡᠮᠴᠢᠯᠡᠭᠡᠨ ᠤ ᠡᠳ᠋ ᠪᠣᠳᠠᠰ ᠬᠠᠩᠭᠠᠪᠠ᠃ ᠨᠠᠷᠢᠨ ᠪᠤᠳᠤᠯᠢᠶᠠᠨᠲᠠᠢ ᠳᠡᠯᠡᠬᠡᠢ ᠶᠢᠨ ᠪᠠ | ᠭᠠᠵᠠᠷ ᠣᠷᠣᠨ ᠤ ᠪᠠᠶᠢᠳᠠᠯ ᠤᠨ ᠡᠮᠦᠨ᠎ᠡ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠭᠤᠣᠯᠯᠠᠭᠴᠢ ᠠᠰᠢᠭ | ᠲᠤᠰᠠ ᠪᠠᠨ ᠬᠠᠮᠠᠭᠠᠯᠠᠬᠤ ᠶᠢ ᠲᠡᠮᠵᠢᠵᠤ᠂ ᠭᠠᠷ ᠬᠤᠯᠪᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠳᠤᠮᠳᠠᠳᠤ ᠺᠠᠮᠪᠤᠵᠠ ᠶᠢᠨ ᠬᠠᠳᠠᠨ ᠪᠠᠲᠤ ᠨᠥᠬᠦᠷᠯᠡᠯ ᠢ ᠪᠠᠶᠢᠭᠤᠯᠪᠠ᠃ | ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃ ᠳᠤᠮᠳᠠᠳᠤ ᠤᠯᠤᠰ ᠤᠷᠳᠤ ᠬᠤᠭᠤᠴᠠᠭᠠᠨ ᠤ ᠲᠤᠷᠰᠢ | ᠺᠠᠮᠪᠤᠵᠠ ᠶᠢᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠤᠯᠤᠰ ᠪᠠ ᠬᠠᠮᠤᠭ ᠤᠨ ᠶᠡᠭᠡ ᠪᠡᠯᠡ ᠣᠷᠣᠭᠤᠯᠤᠯᠲᠠ ᠶᠢᠨ | ᠢᠷᠡᠯᠲᠡ ᠶᠢᠨ ᠤᠯᠤᠰ ᠪᠠᠶᠢᠵᠤ᠂ ᠬᠤᠶᠠᠷ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ | ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠶᠢᠷᠡᠪᠡ᠃ ᠳᠤᠮᠳᠠᠳᠤ ᠺᠠᠮᠪᠤᠵᠠ ᠶᠢᠨ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠤᠨ ᠠᠵᠠ ᠳᠤᠭᠢᠶᠠᠯ ᠢ ᠠᠮᠵᠢᠭᠤᠯᠤᠨ ᠪᠠᠨᠠᠨᠠ᠂ ᠠᠪᠠᠷᠠᠶ᠂ ᠯᠣᠣ ᠶᠢᠨ ᠨᠢᠳᠦᠨ ᠬᠤᠰᠢᠭᠤᠲᠤ ᠲᠠᠷᠴᠠ ᠵᠡᠷᠭᠡ | ᠺᠠᠮᠪᠤᠵᠠ ᠶᠢᠨ ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠳᠤᠮᠳᠠᠳᠤ ᠤᠯᠤᠰ ᠤᠨ ᠲᠦᠭ ᠲᠦᠮᠡᠨ ᠠᠶᠢᠯ ᠡᠷᠦᠭᠡ ᠳᠤ | ᠣᠷᠣᠪᠠ᠃ ᠳᠤᠮᠳᠠᠳᠤ ᠺᠠᠮᠪᠤᠵᠠ ᠶᠢᠨ ᠬᠠᠮᠲᠤᠷᠠᠨ ᠨᠡᠭᠡᠭᠡᠨ ᠬᠥᠭᠵᠢᠭᠦᠯᠦᠭᠰᠡᠨ ᠰᠢᠬᠠᠨᠦ᠋ᠺᠧ ᠭᠠᠷᠠᠮ ᠤᠨ ᠠᠵᠤ | ᠠᠬᠤᠢ ᠶᠢᠨ ᠣᠨᠴᠠᠭᠠᠢ ᠣᠷᠣᠨ ᠤᠯᠠᠨ ᠤᠯᠤᠰ ᠤᠨ 200 ᠭᠠᠷᠤᠢ ᠠᠵᠤ ᠠᠬᠤᠶᠢᠯᠠᠯ ᠢ ᠲᠡᠳᠡᠨ ᠠᠪᠴᠢᠷᠠᠵᠤ | ᠨᠤᠲᠤᠭᠰᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢ ᠶᠢᠨ ᠣᠳᠣᠬᠢᠴᠢᠯᠠᠯᠲᠠ ᠳᠤ ᠪᠠᠲᠤ ᠪᠠᠬᠢ ᠰᠠᠭᠤᠷᠢ ᠶᠢ | ᠲᠠᠯᠪᠢᠵᠤ ᠥᠭᠴᠡᠢ᠃ ᠺᠠᠮᠪᠤᠵᠠ ᠶᠢᠨ ᠠᠩᠬᠠᠳᠠᠭᠴᠢ ᠵᠤᠷᠪᠤᠰ ᠲᠦᠷᠭᠡᠨ ᠤ ᠵᠠᠰᠠᠮᠠᠯ ᠵᠠᠮ᠂ ᠠᠩᠬᠠᠳᠠᠭᠴᠢ ᠠᠭᠤᠯᠠᠨ | ᠨᠢᠷᠤᠭᠤ ᠰᠤᠨᠳᠠᠯᠠᠭᠰᠠᠨ ᠬᠥᠭᠦᠷᠭᠡ᠂ ᠨᠢᠭᠡᠳᠦᠭᠡᠷ ᠲᠣᠮᠣ ᠴᠠᠭᠢᠯᠭᠠᠨ ᠦᠷᠳᠡᠭᠡ᠂ ᠬᠠᠮᠤᠭ ᠤᠨ ᠲᠣᠮᠣ ᠪᠡᠶ᠎ᠡ ᠶᠢᠨ | ᠲᠠᠮᠢᠷ ᠤᠨ ᠣᠷᠳᠣᠨ ᠵᠡᠷᠭᠡ ᠳᠤᠮᠳᠠᠳᠤ ᠤᠯᠤᠰ ᠤᠨ ᠲᠡᠮᠵᠢᠨ ᠪᠠᠶᠢᠭᠤᠯᠤᠭᠰᠠᠨ ᠰᠠᠭᠤᠷᠢ ᠲᠥᠬᠦᠭᠡᠷᠦᠮᠵᠢ ᠶᠢᠨ ᠲᠦᠷᠦᠯ | ᠵᠦᠢᠯ ᠨᠢ ᠺᠠᠮᠪᠤᠵᠠ ᠶᠢᠨ ᠠᠷᠠᠳ ᠤᠯᠠᠨ ᠳᠤ ᠦᠨᠡᠨ ᠪᠣᠳᠠᠲᠠᠢ ᠠᠰᠢᠭ ᠬᠦᠷᠲᠡᠭᠡᠵᠦ᠂ ᠺᠠᠮᠪᠤᠵᠠ ᠶᠢᠨ ᠠᠯᠤᠰ | ᠭᠡᠳᠤ ᠶᠢᠨ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠳᠤᠮᠳᠠᠳᠤ ᠤᠯᠤᠰ ᠤᠨ ᠲᠤᠰᠬᠠᠢ | ᠮᠡᠷᠭᠡᠵᠢᠯᠲᠡᠨ ᠪᠠᠰᠠ ᠺᠠᠮᠪᠤᠵᠠ ᠶᠢᠨ ᠡᠯ᠎ᠡ ᠮᠤᠵᠢ ᠬᠤᠳᠠ ᠪᠠᠷ ᠬᠦᠷᠴᠦ᠂ ᠤᠳᠤ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠬᠠᠮᠵᠢᠯᠴᠠᠪᠠ᠃ | ᠳᠤᠮᠳᠠᠳᠤ ᠺᠠᠮᠪᠤᠵᠠ ᠶᠢᠨ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠨᠢ ᠺᠠᠮᠪᠤᠵᠠ ᠶᠢᠨ | ᠬᠥᠭᠵᠢᠯᠲᠡ ᠶᠢ ᠠᠬᠢᠭᠤᠯᠪᠠ᠃ | ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠪᠣᠯ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠭᠦᠨ ᠵᠤᠵᠠᠭᠠᠨ ᠣᠣᠷ ᠲᠤᠨᠳᠠᠰᠤ ᠮᠥᠨ᠃ ᠳᠤᠮᠳᠠᠳᠤ ᠤᠯᠤᠰ ᠶᠡᠭᠡ ᠬᠡᠮᠵᠢᠶᠡᠨ ᠤ ᠬᠠᠭᠤᠴᠢ | ᠰᠤᠳᠤᠯᠤᠯ ᠤᠨ ᠰᠤᠳᠤᠯᠭᠠᠨ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ᠂ ᠰᠣᠶᠣᠯ ᠲᠡᠦᠬᠡ᠂ ᠪᠠᠷᠢᠯᠭ᠎ᠠ ᠶᠢᠨ | ᠤᠷᠠᠯᠢᠭ ᠵᠡᠷᠭᠡ ᠲᠠᠯ᠎ᠠ ᠶᠢᠨ ᠲᠤᠰᠬᠠᠢ ᠮᠡᠷᠭᠡᠵᠢᠯᠲᠡᠨ ᠲᠣᠮᠢᠯᠠᠨ ᠺᠠᠮᠪᠤᠵᠠ ᠳᠤ 30 ᠰᠢᠬᠠᠮ ᠵᠢᠯ ᠰᠠᠭᠤᠯᠭᠠᠵᠤ᠂ | ᠤᠷᠢᠳ ᠬᠤᠵᠢᠳ ᠵᠧᠦ ᠰᠠ ᠰᠠᠬᠢᠭᠤᠯᠰᠤᠨ ᠤ ᠰᠦᠮ᠎ᠡ᠂ ᠴᠠ ᠵᠢᠶᠣᠣ ᠰᠧ ᠰᠦᠮ᠎ᠡ᠂ ᠠᠩᠺᠤᠷ ᠸᠠᠩ ᠤᠨ | ᠣᠷᠳᠣᠨ ᠤ ᠪᠠᠭᠤᠷᠢ ᠶᠢ ᠵᠠᠰᠠᠨ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠠᠩᠺᠤᠷ ᠤᠨ ᠡᠷᠲᠡᠨ ᠤ ᠦᠯᠡᠳᠡᠭᠳᠡᠯ | ᠭᠡᠬᠦ ᠡᠨᠡ ᠬᠦ ᠬᠥᠮᠥᠨ ᠲᠥᠷᠥᠯᠬᠢᠲᠡᠨ ᠤ ᠪᠣᠯᠪᠠᠰᠤᠨ ᠤ ᠦᠨᠡᠲᠦ ᠡᠷᠳᠡᠨᠢ ᠶᠢᠨ ᠤᠤᠯ ᠤᠨ ᠴᠤᠭ ᠭᠢᠯᠪᠠᠭ᠎ᠠ ᠶᠢ | ᠰᠡᠷᠭᠦᠭᠡᠭᠰᠡᠨ ᠪᠠᠶᠢᠨ᠎ᠠ᠃ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠠᠳ ᠺᠠᠮᠪᠤᠵᠠ ᠳᠤ ᠬᠦᠷᠴᠦ᠂ ᠭᠦᠨ | ᠵᠤᠵᠠᠭᠠᠨ ᠲᠡᠦᠬᠡ ᠰᠣᠶᠣᠯ ᠢ ᠣᠶᠢᠯᠠᠭᠠᠳᠠᠭ ᠪᠣᠯᠪᠠ᠃ ᠺᠠᠮᠪᠤᠵᠠ ᠶᠢᠨ ᠨᠡᠩ ᠤᠯᠠᠨ ᠨᠠᠶᠢᠵᠠ ᠨᠠᠷ ᠬᠢᠲᠠᠳ ᠭᠡᠯᠡ | ᠰᠤᠷᠴᠤ᠂ ᠡᠷᠲᠡᠨ ᠤ ᠳᠤᠮᠳᠠᠳᠤ ᠶᠢᠨ ᠪᠣᠯᠪᠠᠰᠤᠨ ᠪᠣᠯᠣᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠭᠠᠶᠢᠬᠠᠮᠰᠢᠭ ᠢ ᠣᠶᠢᠯᠠᠭᠠᠬᠤ ᠪᠣᠯᠪᠠ᠃ ᠡᠳᠡᠭᠡᠷ ᠵᠢᠯ ᠤᠳ ᠲᠤ ᠳᠤᠮᠳᠠᠳᠤ ᠤᠯᠤᠰ ᠺᠠᠮᠪᠤᠵᠠ ᠳᠤ ︽ᠨᠥᠬᠦᠷᠯᠡᠯ ᠤᠨ | ᠵᠠᠮ︾ ᠢ ᠳᠡᠪᠢᠰᠴᠦ᠂ ︽ᠵᠣᠯ ᠵᠢᠷᠭᠠᠯ ᠤᠨ ᠪᠤᠯᠠᠭ︾ ᠢ ᠮᠠᠯᠲᠠᠵᠤ ᠥᠭᠭᠦᠨ᠂ ᠳᠤᠮᠳᠠᠳᠤ ᠺᠠᠮᠪᠤᠵᠠ ᠶᠢᠨ ᠨᠥᠭᠦᠷᠰᠡᠭ | ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠭᠦ ᠲᠣᠰᠬᠤᠨ ᠢ ᠪᠠᠶᠢᠭᠤᠯᠪᠠ᠃ ᠺᠠᠮᠪᠤᠵᠠ ᠳᠤ ᠲᠣᠮᠢᠯᠠᠭᠰᠠᠨ ᠬᠢᠲᠠᠳ | ᠡᠮᠨᠡᠯᠭᠡ ᠶᠢᠨ ᠡᠮᠴᠢᠯᠡᠭᠡᠨ ᠤ ᠠᠩᠭᠢ ᠶᠢᠨ ᠬᠢᠨ ᠰᠣᠨᠣᠷ ᠤᠨ ᠰᠠᠭᠠᠳ ᠲᠠᠢ ᠬᠡᠦᠬᠡᠨ ᠢ ᠠᠩᠬ᠎ᠠ ᠭᠡᠯᠡ ᠳᠤ ᠣᠷᠣᠭᠤᠯᠤᠨ | ︽ᠡᠵᠢ︾ ᠬᠡᠮᠡᠨ ᠳᠠᠭᠤᠳᠠᠭᠤᠯᠵᠤ᠂ ᠣᠷᠳᠣ ᠬᠤᠭᠤᠴᠠᠭ᠎ᠠ ᠪᠠᠷ ᠬᠦᠷᠳᠦᠲᠦ ᠰᠠᠨᠳᠠᠯᠢ ᠳᠤ ᠲᠦᠰᠢᠭᠯᠡᠨ ᠶᠠᠪᠤᠵᠤ | ᠰᠠᠭᠤᠵᠤ ᠪᠠᠶᠢᠭᠰᠠᠨ ᠡᠪᠡᠳᠴᠢᠲᠡᠨ ᠢ ᠪᠣᠰᠴᠤ ᠵᠣᠭᠰᠣᠭᠠᠵᠠᠢ᠃ | ᠣᠶᠢᠷ᠎ᠠ ᠶᠢᠨ ᠬᠠᠭᠠᠰ ᠵᠠᠭᠤᠨ ᠤ ᠲᠤᠷᠰᠢ ᠠᠽᠢᠶ᠎ᠠ ᠲᠢᠪ ᠶᠡᠷᠦᠩᠬᠡᠢ ᠳᠡᠭᠡᠨ ᠡᠩᠬᠡ ᠲᠠᠶᠢᠪᠤᠩ ᠲᠣᠭᠲᠠᠭᠤᠨ | ᠪᠠᠶᠢᠳᠠᠯ ᠢᠶᠠᠨ ᠪᠠᠲᠤᠯᠠᠵᠤ᠂ ᠠᠵᠤ ᠠᠬᠤᠢ ᠨᠢ ᠲᠦᠷᠭᠡᠨ ᠨᠡᠮᠡᠭᠳᠡᠵᠦ᠂ ᠳᠡᠯᠡᠬᠡᠢ ᠶᠢᠨ ᠬᠥᠭᠵᠢᠯᠲᠡ ᠶᠢᠨ ᠲᠡᠦᠬᠡᠨ | ᠳᠡᠭᠡᠷᠡᠬᠢ ︽ᠠᠽᠢᠶ᠎ᠠ ᠲᠢᠪ ᠤᠨ ᠭᠠᠶᠢᠬᠠᠮᠰᠢᠭ︾ ᠢ ᠡᠭᠦᠳᠪᠡ᠃ ᠣᠳᠣᠬᠠᠨ ᠤ ᠳᠡᠯᠡᠬᠡᠢ ᠶᠢᠷᠲᠢᠨᠴᠦ ᠳᠤ ᠵᠠᠭᠤᠨ | ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠠᠽᠢᠶ᠎ᠠ ᠲᠢᠪ ᠶᠠᠭ ᠪᠦᠬᠦᠯᠢ ᠴᠣᠭᠴᠠ ᠶᠢᠨ | ᠬᠥᠭᠵᠢᠯ ᠮᠠᠨᠳᠤᠯ ᠢ ᠪᠡᠶᠡᠯᠡᠭᠦᠯᠬᠦ ᠰᠢᠨ᠎ᠡ ᠭᠠᠷᠤᠭ᠎ᠠ ᠳᠡᠭᠡᠷ᠎ᠡ ᠵᠣᠭᠰᠣᠵᠤ ᠪᠠᠶᠢᠨ᠎ᠠ᠃ ᠳᠤᠮᠳᠠᠳᠤ ᠤᠯᠤᠰ ᠳᠣᠲᠣᠨᠣ | ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ | ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠴᠢᠭᠯᠡᠯᠲᠡ ᠶᠢ ᠦᠷᠭᠦᠯᠵᠢᠯᠡᠨ ᠪᠠᠷᠢᠮᠲᠠᠯᠠᠵᠤ᠂ ᠬᠥᠷᠰᠢ | ᠵᠡᠷᠭᠡᠯᠡᠳᠡᠭᠡ ᠤᠯᠤᠰ ᠯᠤᠭ᠎ᠠ ᠶᠢᠨ ᠨᠥᠭᠦᠷᠰᠡᠭ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠦᠷ᠎ᠡ ᠪᠦᠲᠦᠮᠵᠢ ᠶᠢ ᠬᠥᠷᠰᠢ ᠵᠡᠷᠭᠡᠯᠡᠳᠡᠭᠡ ᠤᠯᠤᠰ ᠲᠤ ᠨᠡᠩ | ᠤᠯᠠᠨ ᠬᠦᠷᠲᠡᠭᠡᠵᠦ᠂ ᠭᠠᠵᠠᠷ ᠣᠷᠣᠨ ᠤ ᠡᠩᠬᠡ ᠲᠠᠶᠢᠪᠤᠩ ᠪᠠ ᠲᠣᠭᠲᠠᠭᠤᠨ ᠢ ᠬᠠᠮᠲᠤ ᠪᠠᠷ ᠬᠠᠮᠠᠭᠠᠯᠠᠨ᠂ ᠠᠽᠢᠶ᠎ᠠ | ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠭᠠᠷ ᠬᠤᠯᠪᠣᠨ ᠠᠬᠢᠭᠤᠯᠤᠨ᠎ᠠ᠃ | ᠠᠽᠢᠶ᠎ᠠ ᠲᠢᠪ ᠤᠨ ᠲᠣᠮᠣ ᠭᠡᠷ ᠪᠦᠯᠢ ᠶᠢᠨ ᠴᠢᠬᠤᠯᠠ ᠪᠦᠷᠢᠯᠳᠦᠭᠦᠨ ᠪᠣᠯᠤᠭᠰᠠᠨ ᠤ ᠬᠤᠪᠢ ᠳᠤ ᠳᠤᠮᠳᠠᠳᠤ | ᠺᠠᠮᠪᠤᠵᠠ ᠬᠤᠶᠠᠷ ᠤᠯᠤᠰ ᠲᠡᠦᠬᠡ ᠶᠢᠨ ᠤᠷᠤᠰᠬᠠᠯ ᠳᠤ ᠵᠣᠬᠢᠴᠠᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠳᠤ | ᠬᠠᠷᠢᠭᠤᠯᠲᠠ ᠥᠭᠴᠦ᠂ ᠥᠭᠡᠳᠡ ᠥᠭᠡᠳᠡ ᠠᠴᠠ ᠪᠠᠨ ᠲᠡᠮᠡᠦᠯᠵᠦ᠂ ᠬᠠᠷᠢᠯᠴᠠᠨ ᠳᠡᠮᠵᠢᠯᠴᠡᠵᠦ ᠠᠮᠵᠢᠯᠲᠠ ᠪᠦᠳᠦᠮᠵᠢ | ᠡᠭᠦᠳᠴᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠬᠤᠰᠢᠭᠤᠴᠢ ᠪᠠ | ᠵᠢᠱᠢᠶ᠎ᠡ ᠦᠵᠡᠭᠦᠯᠦᠭᠴᠢ ᠪᠣᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠶ᠎ᠠ᠃ | — ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠨ ᠭᠦᠨᠵᠡᠭᠡᠶᠢᠷᠡᠭᠦᠯᠦᠶ᠎ᠡ᠃ | ᠳᠡᠭᠡᠳᠦ ᠳᠠᠪᠬᠤᠷᠭ᠎ᠠ ᠶᠢᠨ ᠨᠢᠭᠲᠠ ᠶᠠᠪᠤᠯᠴᠠᠭ᠎ᠠ ᠪᠠᠨ ᠪᠠᠲᠤᠯᠠᠵᠤ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ | ᠰᠢᠨ᠎ᠡ ᠴᠠᠭ ᠦᠶ᠎ᠡ ᠶᠢᠨ ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠶᠢ ᠪᠠᠷᠢᠮᠲᠠᠯᠠᠶ᠎ᠠ᠃ ᠳᠤᠮᠳᠠᠳᠤ ᠤᠯᠤᠰ | ᠺᠠᠮᠪᠤᠵᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠡᠵᠡᠨ ᠮᠡᠳᠡᠨ | ᠰᠣᠩᠭᠤᠬᠤ᠂ ᠤᠯᠤᠰ ᠤᠨ ᠢᠶᠠᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠᠨ ᠬᠠᠮᠠᠭᠠᠯᠠᠬᠤ᠂ ᠤᠯᠠᠨ ᠤᠯᠤᠰ ᠤᠨ ᠲᠠᠪᠴᠠᠩ ᠳᠤ ᠨᠡᠩ ᠶᠡᠭᠡ ᠦᠢᠯᠡᠳᠦᠯ ᠦᠵᠡᠭᠦᠯᠭᠦ ᠶᠢ ᠡᠷᠡᠰ | ᠳᠡᠮᠵᠢᠨ᠎ᠠ᠃ ᠬᠤᠶᠠᠷ ᠲᠠᠯ᠎ᠠ ᠪᠠᠷ ᠢᠶᠠᠨ ᠭᠠᠳᠠᠭᠠᠳᠤ ᠬᠠᠷᠢᠯᠴᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠵᠡᠷᠭᠡ | ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ᠂ ᠭᠠᠳᠠᠭᠠᠳᠤ ᠶᠢᠨ ᠬᠦᠴᠦᠨ ᠤ ᠳᠣᠲᠣᠭᠠᠳᠤ | ᠶᠠᠪᠤᠳᠠᠯ ᠳᠤ ᠭᠠᠷ ᠲᠦᠷᠦᠭᠦ᠂ ᠬᠤᠳᠬᠤᠨ ᠵᠠᠪᠰᠠᠷᠳᠠᠭᠤᠯᠬᠤ᠂ ᠳᠤᠮᠳᠠᠳᠤ ᠺᠠᠮᠪᠤᠵᠠ ᠶᠢᠨ ᠨᠥᠬᠦᠷᠯᠡᠯ ᠢ ᠡᠪᠳᠡᠬᠦ ᠶᠢ | ᠡᠷᠡᠰ ᠡᠰᠡᠷᠭᠦᠴᠡᠵᠦ᠂ ᠤᠯᠤᠰ ᠲᠦᠷᠦ ᠶᠢᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠶ᠎ᠠ᠃ | — ᠨᠡᠩ ᠴᠢᠨᠠᠷ ᠰᠠᠶᠢᠲᠠᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠭᠡᠳᠬᠡᠶ᠎ᠡ᠃ ᠬᠥᠭᠵᠢᠯᠲᠡ ᠶᠢ | ᠲᠡᠷᠢᠭᠦᠨ ᠳᠤ ᠲᠠᠯᠪᠢᠬᠤ᠂ ᠠᠷᠠᠳ ᠲᠦᠮᠡᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠳᠤᠮᠳᠠᠳᠤ ᠺᠠᠮᠪᠤᠵᠠ ᠶᠢᠨ | ᠵᠠᠰᠠᠭ ᠤᠨ ᠣᠷᠳᠣᠨ ᠤ ᠬᠤᠭᠤᠷᠣᠨᠳᠣᠭᠢ ᠵᠣᠬᠢᠴᠠᠭᠤᠯᠬᠤ ᠵᠥᠪᠯᠡᠯ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ ᠺᠠᠮᠪᠤᠵᠠ ᠶᠢᠨ ︽ᠲᠠᠪᠤᠨ | ᠥᠨᠴᠥᠭᠲᠦ ᠪᠠᠶᠢᠯᠳᠤᠬᠤ ᠪᠣᠳᠣᠯᠭ᠎ᠠ︾ ᠲᠠᠢ ᠵᠣᠯᠭᠠᠭᠤᠯᠬᠤ ᠶᠢ ᠠᠬᠢᠭᠤᠯᠵᠤ᠂ ︽ᠠᠵᠤ ᠦᠢᠯᠡᠳᠪᠦᠷᠢ ᠶᠢᠨ | ᠬᠥᠭᠵᠢᠯᠲᠡ ᠶᠢᠨ ᠬᠤᠩᠭᠢᠯ︾ ᠪᠣᠯᠣᠨ ︽ᠠᠮᠤ ᠵᠢᠭᠠᠰᠤᠨ ᠤ ᠦᠢᠯᠡᠰ ᠤᠨ ᠬᠤᠩᠭᠢᠯ︾ ᠤᠨ ᠪᠦᠲᠦᠭᠡᠨ | ᠪᠠᠶᠢᠭᠤᠯᠤᠯᠲᠠ ᠶᠢ ᠭᠦᠨᠵᠡᠭᠡᠶᠢᠷᠡᠭᠦᠯᠦᠶ᠎ᠡ᠃ ᠤᠯᠠᠨ ᠲᠠᠯᠠᠲᠤ ᠠᠷᠠᠯᠵᠢᠶᠠᠨ ᠤ ᠪᠠᠶᠢᠭᠤᠯᠤᠯ ᠢ ᠬᠠᠮᠲᠤ ᠪᠠᠷ ᠬᠠᠮᠠᠭᠠᠯᠠᠵᠤ᠂ | ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠲᠡᠷᠢᠭᠦᠨ ᠤ | ᠦᠢᠯᠡᠳᠬᠦ ᠦᠢᠯᠡᠰ᠂ ᠪᠣᠬᠢᠷᠳᠤᠯ ᠦᠭᠡᠢ ᠬᠥᠭᠵᠢᠯᠲᠡ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠯᠮᠠᠰ ᠵᠢᠷᠭᠤᠭᠠᠨ ᠲᠠᠯ᠎ᠠ︾ ᠶᠢᠨ ᠬᠠᠮᠲᠤᠷᠠᠯᠴᠠᠭ᠎ᠠ ᠶᠢ ᠨᠡᠩ ᠭᠡᠷᠡᠯ | ᠰᠠᠴᠤᠷᠠᠩᠭᠤᠢ ᠪᠠᠲᠤ ᠪᠠᠬᠢ ᠪᠤᠯᠭᠠᠵᠤ᠂ ᠲᠤᠰ ᠲᠤᠰ ᠤᠨ ᠣᠳᠣᠬᠢᠴᠢᠯᠠᠯᠲᠠ ᠶᠢᠨ ᠠᠬᠢᠴᠠ ᠳᠤ ᠬᠦᠴᠦᠨ ᠨᠡᠮᠡᠷᠢᠯᠡᠶ᠎ᠡ᠃ | — ᠨᠡᠩ ᠥᠨᠳᠥᠷ ᠲᠡᠰ ᠳᠠᠪᠬᠤᠷᠭ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠪᠠᠲᠤ ᠪᠠᠶᠢᠭᠤᠯᠤᠶ᠎ᠠ᠃ ᠭᠠᠷ | ᠲᠦᠷᠦᠭᠦ ᠶᠢ ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ︽ᠥᠩᠭᠡ ᠶᠢᠨ ᠬᠤᠪᠢᠰᠬᠠᠯ︾ ᠢ ᠰᠡᠷᠭᠡᠶᠢᠯᠡᠨ | ᠬᠤᠷᠢᠭᠯᠠᠬᠤ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠬᠠᠮᠲᠤᠷᠠᠭᠰᠠᠨ ᠰᠣᠷᠢᠯᠲᠠ ᠬᠠᠮᠲᠤᠷᠠᠭᠰᠠᠨ | ᠪᠣᠯᠪᠠᠰᠤᠷᠠᠯ᠂ ︽ᠨᠢᠭᠡ ᠪᠦᠰᠡ ᠨᠢᠭᠡ ᠵᠠᠮ︾ ᠤᠨ ᠲᠦᠷᠦᠯ ᠵᠦᠢᠯ ᠢ ᠬᠠᠮᠲᠤ ᠪᠠᠷ ᠪᠠᠶᠢᠭᠤᠯᠬᠤ ᠠᠮᠤᠷ ᠲᠦᠪᠰᠢᠨ ᠤ | ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠵᠡᠷᠭᠡ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ | ᠥᠭᠴᠦ᠂ ᠬᠤᠶᠠᠷ ᠤᠯᠤᠰ ᠤᠨ ᠬᠥᠭᠵᠢᠯᠲᠡ ᠳᠤ ᠠᠮᠤᠷ ᠲᠦᠪᠰᠢᠨ ᠤ ᠣᠷᠴᠢᠨ ᠲᠣᠭᠤᠷᠢᠨ ᠢ ᠪᠤᠢ ᠪᠤᠯᠭᠠᠵᠤ | ᠥᠭᠭᠦᠶ᠎ᠡ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠪᠠᠷᠢᠮᠲᠠᠯᠠᠵᠤ᠂ ᠠᠮᠤᠷ ᠲᠦᠪᠰᠢᠨ ᠤ ᠣᠶᠢᠯᠠᠭᠠᠭᠳᠠᠬᠤᠨ ᠢ ᠵᠣᠯᠭᠠᠭᠤᠯᠬᠤ ᠶᠢ ᠢᠳᠡᠪᠬᠢᠲᠡᠢ ᠠᠬᠢᠭᠤᠯᠵᠤ᠂ | ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠠᠬᠢᠭᠤᠯᠤᠶ᠎ᠠ᠃ | — ᠨᠡᠩ ᠥᠨᠳᠥᠷ ᠳᠠᠪᠲᠠᠮᠵᠢ ᠪᠦᠬᠦᠢ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠨᠢᠭᠦᠯᠦᠶ᠎ᠡ᠃ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ ᠨᠠᠶᠢᠷᠲᠠᠢ ᠬᠠᠮᠲᠤ ᠪᠠᠷ ᠣᠷᠣᠰᠢᠬᠤ ᠶᠢ ᠪᠠᠷᠢᠮᠲᠠᠯᠠᠵᠤ᠂ ᠪᠣᠯᠪᠠᠰᠤᠨ ᠤ | ᠨᠡᠪᠲᠡᠷᠡᠯᠴᠡᠭᠡ ᠶᠠᠷᠢᠯᠴᠠᠭ᠎ᠠ ᠶᠢ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ | ᠰᠣᠯᠢᠯᠴᠠᠭ᠎ᠠ ᠶᠢ ᠭᠦᠨᠵᠡᠭᠡᠶᠢᠷᠡᠭᠦᠯᠵᠦ᠂ ᠤᠯᠠᠨ ᠶᠠᠩᠵᠤ ᠭᠡᠯᠪᠡᠷᠢ ᠶᠢᠨ ᠰᠣᠶᠣᠯ ᠵᠢᠭᠤᠯᠴᠢᠯᠠᠯ᠂ ᠥᠪ ᠬᠥᠷᠥᠩᠭᠡ ᠶᠢ | ᠬᠠᠮᠠᠭᠠᠯᠠᠨ ᠰᠡᠷᠭᠦᠭᠡᠬᠦ᠂ ᠵᠠᠯᠠᠭᠤᠴᠤᠳ ᠤᠨ ᠶᠠᠪᠤᠯᠴᠠᠭ᠎ᠠ ᠵᠡᠷᠭᠡ ᠬᠠᠮᠲᠤᠷᠠᠯᠴᠠᠭ᠎ᠠ ᠶᠢ ᠥᠷᠨᠢᠭᠦᠯᠵᠦ᠂ ᠠᠷᠠᠳ ᠤᠨ | ᠰᠡᠳᠬᠢᠯ ᠤᠨ ᠨᠡᠪᠲᠡᠷᠡᠯᠴᠡᠭᠡ ᠶᠢ ᠠᠬᠢᠭᠤᠯᠵᠤ᠂ ᠠᠽᠢᠶ᠎ᠠ ᠲᠢᠪ ᠤᠨ ᠦᠷᠳᠡᠭ ᠤᠨ ᠦᠵᠡᠯᠲᠡ ᠪᠠ ᠪᠦᠭᠦ ᠬᠥᠮᠥᠨ | ᠲᠥᠷᠥᠯᠬᠢᠲᠡᠨ ᠤ ᠬᠠᠮᠲᠤ ᠶᠢᠨ ᠦᠷᠳᠡᠭ ᠢ ᠬᠠᠮᠲᠤ ᠪᠠᠷ ᠪᠠᠳᠠᠷᠠᠭᠤᠯᠤᠶ᠎ᠠ᠃ | — ᠨᠡᠩ ᠥᠨᠳᠥᠷ ᠪᠠᠷᠢᠮᠵᠢᠶᠠᠲᠤ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠶ᠎ᠠ᠃ | ᠨᠠᠶᠢᠷᠠᠮᠳᠠᠯ ᠢᠶᠠᠷ ᠵᠡᠷᠭᠡᠴᠡᠨ ᠣᠷᠣᠰᠢᠬᠤ ᠲᠠᠪᠤᠨ ᠵᠠᠷᠴᠢᠮ ᠪᠣᠯᠣᠨ ᠪᠠᠨᠳᠦ᠋ᠩ ᠤᠨ ᠵᠣᠷᠢᠭ ᠰᠠᠨᠠᠭ᠎ᠠ ᠠᠴᠠ ᠤᠶᠤᠨ | ᠤᠬᠠᠭᠠᠨ ᠬᠦᠷᠲᠡᠵᠦ᠂ ᠡᠩᠬᠡ ᠲᠠᠶᠢᠪᠤᠩ ᠪᠣᠯᠣᠨ ᠬᠥᠭᠵᠢᠯ ᠴᠡᠴᠡᠭᠯᠡᠯ ᠳᠤ ᠬᠠᠨᠳᠤᠭᠤᠯᠤᠭᠰᠠᠨ ᠯᠠᠨᠼᠠᠩᠵᠢᠶᠠᠩ ᠮᠥᠷᠡᠨ | ᠮᠸᠢᠢᠭᠤᠩ ᠮᠥᠷᠡᠨ ᠤ ᠤᠯᠤᠰ ᠤᠳ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠲᠦᠷᠭᠡᠳᠬᠡᠨ ᠪᠠᠶᠢᠭᠤᠯᠵᠤ᠂ | ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠯ ᠬᠥᠭᠵᠢᠯ ᠦᠵᠡᠰᠬᠦᠯᠡᠩᠲᠦ ᠰᠠᠶᠢᠬᠠᠨ᠂ ᠨᠥᠭᠦᠷᠰᠡᠭ ᠢᠶᠠᠷ ᠬᠠᠮᠲᠤ | ᠣᠷᠣᠰᠢᠬᠤ ᠠᠽᠢᠶ᠎ᠠ ᠲᠢᠪ ᠤᠨ ᠭᠡᠷ ᠣᠷᠣᠨ ᠢ ᠭᠠᠷ ᠬᠤᠯᠪᠣᠨ ᠪᠦᠲᠦᠭᠡᠨ ᠪᠠᠶᠢᠭᠤᠯᠤᠶ᠎ᠠ᠃ ᠡᠵᠡᠷᠬᠡᠬᠦ ᠦᠵᠡᠯ᠂ | ᠬᠦᠴᠦᠷᠬᠡᠭᠯᠡᠯ ᠤᠨ ᠤᠯᠤᠰ ᠲᠦᠷᠦ᠂ ᠯᠡᠭᠧᠷ ᠤᠨ ᠡᠰᠡᠷᠭᠦᠴᠡᠯᠳᠦᠯ ᠢ ᠬᠠᠮᠲᠤ ᠪᠠᠷ ᠡᠰᠡᠷᠭᠦᠴᠡᠵᠦ᠂ ᠬᠤᠶᠠᠷ ᠤᠯᠤᠰ | ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠡᠷᠬᠡ ᠲᠡᠭᠰᠢ ᠡᠮᠬᠢ | ᠳᠢᠭᠯᠢᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ | ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠳᠡᠯᠡᠬᠡᠢ ᠶᠢᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠬᠦᠴᠦᠯᠡᠵᠦ᠂ ᠬᠠᠮᠠᠭᠠᠯᠠᠬᠤ ᠦᠵᠡᠯ ᠢ ᠬᠠᠮᠲᠤ ᠪᠠᠷ ᠡᠰᠡᠷᠭᠦᠴᠡᠨ | ᠬᠤᠷᠢᠭᠯᠠᠵᠤ᠂ ᠨᠡᠭᠡᠭᠡᠯᠲᠡᠲᠤ ᠬᠠᠮᠲᠤᠷᠠᠯᠴᠠᠭ᠎ᠠ ᠶᠢᠨ ᠤᠯᠠᠨ ᠤᠯᠤᠰ ᠤᠨ ᠣᠷᠴᠢᠨ ᠲᠣᠭᠤᠷᠢᠨ ᠢ ᠬᠠᠮᠠᠭᠠᠯᠠᠶ᠎ᠠ᠃ | ︽ᠬᠠᠭᠤᠴᠢᠨ ᠨᠥᠬᠦᠷᠯᠡᠯ ᠰᠢᠵᠢᠷ ᠠᠯᠳᠠ ᠮᠡᠲᠦ᠂ ᠵᠠᠭᠤᠨᠲᠠ ᠬᠠᠶᠢᠯᠤᠭᠤᠯᠤᠭᠰᠠᠨ ᠴᠦ ᠥᠩᠭᠡ ᠨᠢ | ᠬᠤᠪᠢᠷᠠᠬᠤ ᠦᠭᠡᠢ︾᠃ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ ᠣᠨ ᠰᠠᠷ᠎ᠠ ᠶᠢᠨ ᠳᠠᠪᠲᠠᠯᠲᠠ ᠪᠣᠯᠣᠨ | ᠰᠠᠯᠬᠢ ᠪᠣᠷᠣᠭᠠᠨ ᠤ ᠰᠢᠯᠭᠠᠯᠲᠠ ᠶᠢ ᠥᠩᠭᠡᠷᠡᠭᠡᠭᠰᠡᠨ ᠳᠤᠮᠳᠠᠳᠤ ᠺᠠᠮᠪᠤᠵᠠ ᠶᠢᠨ ᠪᠣᠯᠣᠳ ᠮᠡᠲᠦ ᠪᠠᠲᠤ ᠨᠥᠬᠦᠷᠯᠡᠯ | ᠯᠠᠪᠲᠠᠢ ᠤᠭ ᠰᠠᠨᠠᠭ᠎ᠠ ᠪᠠᠲᠤ ᠪᠠᠬᠢ᠂ ᠴᠢᠨᠠᠷ ᠡᠭᠦᠷᠢᠳᠡ ᠬᠤᠪᠢᠷᠠᠬᠤ ᠦᠭᠡᠢ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃ | ᠳᠤᠮᠳᠠᠳᠤ ᠤᠯᠤᠰ ᠳᠤᠷᠠᠲᠠᠶ᠎ᠠ ᠺᠠᠮᠪᠤᠵᠠ ᠲᠠᠢ ᠬᠠᠮᠲᠤ ᠪᠠᠷ ᠡᠩᠬᠡ ᠲᠠᠶᠢᠪᠤᠩ ᠢ ᠬᠠᠮᠲᠤ ᠪᠠᠷ ᠰᠠᠬᠢᠵᠤ᠂ | ᠬᠥᠭᠵᠢᠯᠲᠡ ᠶᠢ ᠬᠠᠮᠲᠤ ᠪᠠᠷ ᠡᠷᠢᠯᠬᠢᠯᠡᠵᠦ᠂ ᠬᠥᠭᠵᠢᠯ ᠴᠡᠴᠡᠭᠯᠡᠯ ᠢ ᠬᠠᠮᠲᠤ ᠪᠠᠷ ᠡᠭᠦᠳᠴᠦ᠂ ᠰᠢᠨ᠎ᠡ ᠴᠠᠭ ᠦᠶ᠎ᠡ ᠶᠢᠨ | ᠳᠤᠮᠳᠠᠳᠤ ᠺᠠᠮᠪᠤᠵᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠯᠠᠪᠳᠠᠭᠤᠨ ᠢᠶᠠᠷ | ᠠᠬᠢᠭᠤᠯᠵᠤ᠂ ᠤᠷᠪᠠᠭᠠᠨ ᠬᠥᠷᠪᠡᠭᠡᠨ ᠲᠠᠢ ᠬᠤᠪᠢᠰᠤᠨ ᠰᠣᠯᠪᠢᠴᠠᠭᠰᠠᠨ ᠳᠡᠯᠡᠬᠡᠢ ᠶᠢᠷᠲᠢᠨᠴᠦ ᠳᠤ ᠨᠡᠩ ᠤᠯᠠᠨ | ᠲᠣᠭᠲᠠᠪᠤᠷᠢᠲᠤ ᠴᠢᠨᠠᠷ ᠪᠠ ᠲᠤᠬᠲᠠᠭᠠᠯᠲᠦ ᠴᠢᠨᠠᠷ ᠢ ᠨᠡᠮᠡᠷᠢᠯᠡᠨ᠎ᠡ᠃ | |