ᠨᠥᠬᠦᠳ ᠠ᠋᠂ ᠨᠠᠶᠢᠵᠠ ᠨᠠᠷ ᠠ᠋᠄ | ︽5•1︾ ᠤ ᠳᠡᠯᠡᠬᠡᠢ ᠶᠢᠨ ᠬᠥᠳᠡᠯᠮᠦᠷᠢᠴᠢᠳ ᠤᠨ ᠪᠠᠶᠠᠷ ᠤᠳᠠᠯ ᠦᠭᠡᠢ ᠬᠦᠷᠴᠦ ᠢᠷᠡᠬᠦ | ᠲᠠᠰᠢᠷᠠᠮ ᠢᠶᠠᠷ᠂ ᠪᠢᠳᠡ ᠦᠪᠡᠳᠡᠭᠰᠢ ᠶᠡᠭᠡ ᠴᠤᠭᠯᠠᠭᠠᠨ ᠪᠣᠯᠵᠤ᠂ ᠳᠤᠮᠳᠠᠳᠤ ᠶᠢᠨ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠵᠦ᠂ ᠮᠠᠨ ᠤ ᠤᠯᠤᠰ ᠤᠨ | ᠠᠵᠢᠯᠴᠢᠨ ᠤ ᠬᠥᠳᠡᠯᠭᠡᠭᠡᠨ ᠤ ᠭᠡᠷᠡᠯ ᠰᠠᠴᠤᠷᠠᠩᠭᠤᠢ ᠥᠩᠭᠡᠷᠡᠯᠲᠡ ᠪᠣᠯᠣᠨ ᠠᠭᠤᠤ ᠶᠡᠭᠡ ᠠᠮᠵᠢᠯᠲᠠ ᠪᠦᠲᠦᠮᠵᠢ ᠶᠢ | ᠡᠷᠭᠢᠴᠡᠭᠦᠯᠦᠨ ᠳ᠋ᠦᠩᠨᠡᠵᠦ᠂ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ | ᠬᠥᠬᠢᠭᠦᠯᠦᠨ ᠰᠠᠶᠢᠰᠢᠶᠠᠵᠤ᠂ ᠮᠠᠨ ᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ | ᠲᠦᠮᠡᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠦᠵᠡᠭᠦᠯᠭᠦ ᠶᠢ ᠤᠯᠠᠮ ᠳᠠᠶᠢᠴᠢᠯᠠᠨ ᠵᠣᠷᠢᠭᠵᠢᠭᠤᠯᠵᠤ ᠪᠠᠶᠢᠨ᠎ᠠ᠃ | ᠡᠩ ᠲᠡᠷᠢᠭᠦᠨ ᠳᠤ᠂ ᠪᠢ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠨᠠᠮ ᠤᠨ ᠠᠵᠢᠯᠴᠢᠨ ᠤ | ᠬᠥᠳᠡᠯᠭᠡᠭᠡᠨ ᠤ ᠦᠢᠯᠡᠰ ᠲᠤ ᠭᠠᠷᠮᠠᠭᠠᠢ ᠲᠡᠦᠬᠡᠲᠦ ᠬᠤᠪᠢ ᠨᠡᠮᠡᠷᠢ ᠦᠵᠡᠭᠦᠯᠦᠭᠰᠡᠨ ᠬᠤᠪᠢᠰᠬᠠᠯ ᠤᠨ ᠦᠷᠡᠭᠳᠡᠭᠰᠡᠨ | ᠪᠠᠭᠠᠲᠤᠷᠴᠤᠳ ᠪᠣᠯᠣᠨ ᠠᠬᠠᠮᠠᠳ ᠨᠢᠭᠡ ᠦᠶ᠎ᠡ ᠶᠢᠨ ᠠᠵᠢᠯᠴᠢᠨ ᠤ ᠡᠪᠯᠡᠯ ᠤᠨ ᠤᠳᠤᠷᠢᠳᠬᠤ ᠬᠥᠮᠥᠰ ᠲᠤ ᠡᠷᠬᠢᠮ | ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠨ᠎ᠠ︕ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠵᠢᠯᠴᠢᠨ᠂ | ᠲᠠᠷᠢᠶᠠᠴᠢᠨ᠂ ᠰᠡᠬᠡᠭᠡᠲᠡᠨ ᠪᠣᠯᠣᠨ ᠪᠤᠰᠤᠳ ᠬᠥᠳᠡᠯᠮᠦᠷᠢᠴᠢᠨ ᠲᠦᠮᠡᠨ ᠳᠤ᠂ ᠡᠯ᠎ᠡ ᠱᠠᠲᠤᠨ ᠤ ᠠᠵᠢᠯᠴᠢᠨ ᠤ | ᠡᠪᠯᠡᠯ ᠤᠨ ᠵᠣᠬᠢᠶᠠᠨ ᠪᠠᠶᠢᠭᠤᠯᠤᠯᠲᠠ ᠪᠣᠯᠣᠨ ᠠᠵᠢᠯᠴᠢᠨ ᠤ ᠡᠪᠯᠡᠯ ᠤᠨ ᠪᠦᠭᠦ ᠠᠵᠢᠯᠲᠠᠨ ᠳᠤ ᠴᠢᠩ ᠰᠡᠳᠬᠢᠯ ᠤᠨ | ᠮᠡᠨᠳᠦᠴᠢᠯᠡᠯ ᠳᠡᠪᠰᠢᠭᠦᠯᠵᠦ ᠪᠠᠶᠢᠨ᠎ᠠ︕ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ | ᠵᠠᠰᠠᠭ ᠵᠠᠬᠢᠷᠭᠠᠨ ᠤ ᠣᠷᠣᠨ᠂ ᠲᠠᠶᠢᠸᠠᠨ ᠣᠷᠣᠨ ᠤ ᠠᠵᠢᠯᠴᠢᠨ ᠤ ᠡᠪᠯᠡᠯ ᠪᠣᠯᠣᠨ ᠬᠥᠳᠡᠯᠮᠦᠷᠢᠴᠢᠳ ᠤᠨ ᠡᠲᠡᠭᠡᠳ ᠤᠨ | ᠨᠠᠶᠢᠵᠠ ᠨᠠᠷ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠵᠦ ᠪᠠᠶᠢᠨ᠎ᠠ︕ ᠬᠥᠬᠢᠭᠦᠯᠦᠨ ᠰᠠᠶᠢᠰᠢᠶᠠᠭᠳᠠᠭᠰᠠᠨ ᠪᠦᠭᠦ | ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠳᠤ ᠬᠠᠯᠠᠭᠤᠨ ᠪᠠᠶᠠᠷ ᠬᠦᠷᠭᠡᠵᠦ | ᠪᠠᠶᠢᠬᠤ ᠪᠠᠨ ᠢᠯᠡᠳᠬᠡᠶ᠎ᠡ︕ | ᠡᠭᠦᠨ ᠤ ᠬᠠᠮᠲᠤ᠂ ᠪᠢ ᠳᠤᠮᠳᠠᠳᠤ ᠤᠯᠤᠰ ᠤᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ | ᠲᠦᠮᠡᠨ ᠢ ᠲᠥᠯᠥᠭᠡᠯᠡᠵᠦ᠂ ᠪᠦᠭᠦ ᠳᠡᠯᠡᠬᠡᠢ ᠶᠢᠨ ᠠᠵᠢᠯᠴᠢᠨ ᠠᠩᠭᠢ ᠪᠣᠯᠣᠨ ᠥᠷᠭᠡᠨ ᠤᠯᠠᠨ ᠬᠥᠳᠡᠯᠮᠦᠷᠢᠴᠢᠨ | ᠲᠦᠮᠡᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠵᠦ ᠪᠠᠶᠢᠨ᠎ᠠ︕ | ᠨᠥᠬᠦᠳ ᠠ᠋᠂ ᠨᠠᠶᠢᠵᠠ ᠨᠠᠷ ᠠ᠋︕ | 1925 ᠣᠨ ᠤ 5 ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠲᠣᠭᠲᠠᠭᠠᠯ ᠢ ᠦᠨᠳᠦᠰᠦᠯᠡᠨ᠂ ᠬᠤᠶᠠᠳᠤᠭᠠᠷ ᠤᠳᠠᠭᠠᠨ ᠤ ᠪᠦᠭᠦ ᠤᠯᠤᠰ ᠤᠨ ᠬᠥᠳᠡᠯᠮᠦᠷᠢᠴᠢᠳ ᠤᠨ | ᠶᠡᠭᠡ ᠬᠤᠷᠠᠯ ᠭᠤᠸᠠᠩᠵᠧᠦ ᠳᠤ ᠡᠬᠢᠯᠡᠵᠦ᠂ ᠡᠨᠡ ᠤᠳᠠᠭᠠᠨ ᠤ ᠶᠡᠭᠡ ᠬᠤᠷᠠᠯ ᠠᠴᠠ ᠳᠤᠮᠳᠠᠳᠤ ᠶᠢᠨ ᠪᠦᠭᠦ ᠤᠯᠤᠰ ᠤᠨ | ᠠᠵᠢᠯᠴᠢᠨ ᠤ ᠶᠡᠷᠦᠩᠬᠡᠢ ᠡᠪᠯᠡᠯ ᠵᠢᠩᠬᠢᠨᠢ ᠪᠠᠷ ᠪᠠᠶᠢᠭᠤᠯᠤᠭᠳᠠᠭᠰᠠᠨ ᠢ ᠲᠤᠩᠬᠠᠭᠯᠠᠭᠰᠠᠨ ᠪᠢᠯᠡ᠃ 100 ᠵᠢᠯ ᠤᠨ | ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ | ᠠᠵᠢᠯᠴᠢᠨ ᠤ ᠡᠪᠯᠡᠯ ᠡᠯ᠎ᠡ ᠲᠡᠦᠬᠡᠨ ᠴᠠᠭ ᠦᠶ᠎ᠡ ᠶᠢᠨ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠮᠠᠨ ᠤ | ᠤᠯᠤᠰ ᠤᠨ ᠠᠵᠢᠯᠴᠢᠨ ᠠᠩᠭᠢ ᠶᠢ ᠪᠦᠯᠬᠦᠮᠳᠡᠭᠦᠯᠦᠨ ᠳᠠᠶᠢᠴᠢᠯᠠᠵᠤ ᠨᠠᠮ ᠤᠨ ᠠᠯᠬᠤᠭ᠎ᠠ ᠶᠢ ᠰᠠᠯᠤᠯ ᠦᠭᠡᠢ ᠳᠠᠭᠠᠵᠤ᠂ | ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ | ᠠᠭᠤᠤ ᠶᠡᠭᠡ ᠦᠢᠯᠡᠰ ᠢ ᠠᠬᠢᠭᠤᠯᠬᠤ ᠳᠤᠮᠳᠠ ᠪᠠᠯᠠᠷᠠᠰᠢ ᠦᠭᠡᠢ ᠭᠠᠪᠢᠶ᠎ᠠ ᠪᠠᠶᠢᠭᠤᠯᠵᠤ᠂ ᠮᠠᠨ ᠤ ᠤᠯᠤᠰ ᠤᠨ | ᠠᠵᠢᠯᠴᠢᠨ ᠤ ᠬᠥᠳᠡᠯᠭᠡᠭᠡᠨ ᠤ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ | ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ | ᠥᠷᠭᠡᠨ ᠤᠯᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ ᠶᠠᠭᠤᠨ ᠠᠴᠠ ᠴᠤ ᠠᠶᠤᠬᠤ ᠦᠭᠡᠢ | ᠬᠤᠪᠢᠰᠬᠠᠯᠲᠤ ᠵᠣᠷᠢᠭ ᠰᠠᠨᠠᠭ᠎ᠠ ᠪᠠᠷ ᠡᠵᠡᠷᠬᠡᠭ ᠲᠦᠷᠢᠮᠡᠬᠡᠢ ᠶᠣᠰᠣ᠂ ᠹᠧᠣᠳᠠᠯ ᠶᠣᠰᠣ᠂ ᠨᠣᠶᠠᠨᠴᠢ ᠬᠥᠷᠥᠩᠭᠡᠲᠦ | ᠶᠣᠰᠣ ᠶᠢ ᠡᠰᠡᠷᠭᠦᠴᠡᠬᠦ ᠬᠤᠪᠢᠰᠬᠠᠯ ᠤᠨ ᠤᠷᠤᠰᠬᠠᠯ ᠳᠤ ᠡᠷᠡᠯᠬᠡᠭ ᠪᠠᠭᠠᠲᠤᠷᠯᠢᠭ ᠢᠶᠠᠷ ᠣᠷᠣᠯᠴᠠᠵᠤ᠂ ᠡᠮᠦᠨᠡᠬᠢ ᠨᠢ | ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠴᠢᠰᠤ ᠤᠷᠤᠰᠬᠠᠨ ᠪᠠᠶᠢᠯᠳᠤᠵᠤ᠂ ᠦᠨᠳᠦᠰᠦᠲᠡᠨ ᠤ ᠲᠤᠰᠠᠭᠠᠷ ᠲᠣᠭᠲᠠᠨᠢᠯ | ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠬᠦ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠳᠤ ᠴᠢᠬᠤᠯᠠ | ᠬᠤᠪᠢ ᠨᠡᠮᠡᠷᠢ ᠦᠵᠡᠭᠦᠯᠪᠡ᠃ | ᠨᠡᠶᠢᠭᠡᠮ ᠵᠢᠷᠤᠮᠲᠤ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠳᠤᠮᠳᠠᠳᠤ | ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ ᠢ ᠪᠦᠯᠬᠦᠮᠳᠡᠭᠦᠯᠦᠨ ᠲᠠᠶᠢᠴᠢᠯᠠᠵᠤ | ᠡᠵᠡᠨ ᠬᠥᠮᠥᠨ ᠤ ᠵᠣᠷᠢᠭ ᠰᠠᠨᠠᠭ᠎ᠠ ᠪᠣᠯᠣᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢᠨ᠎ᠡ ᠳᠤᠮᠳᠠᠳᠤ ᠤᠯᠤᠰ ᠤᠨ | ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠲᠡᠰᠪᠦᠷᠢ | ᠬᠠᠲᠠᠭᠤᠵᠢᠯᠲᠠᠢ ᠪᠠᠷ ᠦᠢᠯᠡᠰ ᠪᠣᠰᠬᠠᠵᠤ᠂ ︽ᠮᠠᠨ ᠤ ᠠᠵᠢᠯᠴᠢᠨ ᠬᠦᠴᠦᠨ ᠲᠠᠢ︾ ᠭᠡᠬᠦ ᠴᠠᠭ ᠦᠶ᠎ᠡ ᠶᠢᠨ | ᠬᠦᠴᠦᠷᠬᠡᠭ ᠲᠠᠭᠤᠨ ᠢ ᠬᠠᠩᠭᠢᠨᠠᠭᠤᠯᠵᠤ᠂ ᠰᠢᠨ᠎ᠡ ᠪᠠᠷ ᠮᠡᠨᠳᠦᠯᠡᠭᠰᠡᠨ ᠠᠷᠠᠳ ᠤᠨ ᠵᠠᠰᠠᠭ ᠢ ᠪᠠᠬᠢᠵᠢᠭᠦᠯᠬᠦ᠂ ᠨᠡᠶᠢᠭᠡᠮ | ᠵᠢᠷᠤᠮ ᠤᠨ ᠦᠨᠳᠦᠰᠦᠨ ᠪᠠᠶᠢᠭᠤᠯᠤᠯ ᠢ ᠪᠠᠶᠢᠭᠤᠯᠬᠤ᠂ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ | ᠰᠢᠨ᠎ᠡ ᠴᠠᠭ ᠦᠶ᠎ᠡ ᠳᠤ᠂ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ | ᠲᠦᠮᠡᠨ ᠢ ᠪᠦᠯᠬᠦᠮᠳᠡᠭᠦᠯᠦᠨ ᠳᠠᠶᠢᠴᠢᠯᠠᠵᠤ ᠭᠤᠣᠯ ᠬᠦᠴᠦᠨ ᠴᠡᠷᠢᠭ ᠤᠨ ᠡᠭᠦᠷᠭᠡ ᠬᠠᠷᠢᠭᠤᠴᠠᠯᠭ᠎ᠠ ᠪᠠᠷ | ᠥᠭᠡᠷᠡᠴᠢᠯᠡᠯᠲᠡ ᠨᠡᠭᠡᠭᠡᠯᠲᠡ ᠳᠤ ᠢᠳᠡᠪᠬᠢᠲᠡᠢ ᠣᠷᠣᠯᠴᠠᠵᠤ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ | ᠳᠤᠷᠠᠲᠠᠶ᠎ᠠ ᠬᠤᠪᠢ ᠨᠡᠮᠡᠷᠢ ᠦᠵᠡᠭᠦᠯᠦᠨ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠬᠦ᠂ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠳᠤ ᠴᠢᠬᠤᠯᠠ ᠬᠤᠪᠢ ᠨᠡᠮᠡᠷᠢ | ᠦᠵᠡᠭᠦᠯᠪᠡ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯᠴᠢᠨ ᠠᠩᠭᠢ | ᠪᠣᠯᠣᠨ ᠠᠵᠢᠯᠴᠢᠨ ᠤ ᠡᠪᠯᠡᠯ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠥᠭᠦᠯᠡᠯᠲᠡ ᠬᠢᠵᠦ᠂ ᠠᠯᠢ ᠤᠯᠠᠨ | ᠴᠢᠬᠤᠯᠠ ᠠᠵᠢᠯ ᠢ ᠪᠠᠶᠢᠷᠢᠯᠠᠭᠤᠯᠤᠨ ᠠᠬᠢᠭᠤᠯᠵᠤ᠂ ᠠᠯᠢ ᠤᠯᠠᠨ ᠴᠢᠭᠯᠡᠭᠦᠯᠦᠯᠲᠦ ᠴᠢᠨᠠᠷᠲᠠᠢ᠂ ᠦᠨᠳᠦᠰᠦᠨ ᠴᠢᠨᠠᠷᠲᠠᠢ᠂ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠢ ᠭᠦᠨᠵᠡᠭᠡᠢ ᠬᠠᠷᠢᠭᠤᠯᠵᠤ᠂ ᠨᠠᠮ ᠤᠨ ᠠᠵᠢᠯᠴᠢᠨ ᠤ | ᠬᠥᠳᠡᠯᠭᠡᠭᠡᠨ ᠤ ᠤᠨᠤᠯ ᠢ ᠤᠯᠠᠮ ᠪᠠᠶᠠᠯᠢᠭᠵᠢᠭᠤᠯᠤᠨ ᠬᠥᠭᠵᠢᠭᠦᠯᠵᠦ᠂ ᠨᠠᠮ ᠤᠨ ᠠᠵᠢᠯᠴᠢᠨ ᠤ ᠬᠥᠳᠡᠯᠭᠡᠭᠡᠨ ᠤ | ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠪᠦᠭᠦ ᠲᠠᠯ᠎ᠠ ᠶᠢᠨ ᠲᠠᠪᠰᠢᠯᠳᠠ ᠶᠢ ᠪᠡᠶᠡᠯᠡᠭᠦᠯᠬᠦ ᠶᠢ | ᠠᠬᠢᠭᠤᠯᠪᠠ᠃ ᠳᠤᠮᠳᠠᠳᠤ ᠤᠯᠤᠰ ᠤᠨ ᠠᠵᠢᠯᠴᠢᠨ ᠤ ᠡᠪᠯᠡᠯ ᠥᠷᠭᠡᠨ ᠣᠯᠠᠨ ᠠᠵᠢᠯᠲᠠᠨ ᠠᠵᠢᠯᠴᠢᠨ ᠲᠦᠮᠡᠨ ᠢ | ᠪᠦᠯᠬᠦᠮᠳᠡᠭᠦᠯᠦᠨ ᠳᠠᠶᠢᠴᠢᠯᠠᠵᠤ ᠲᠡᠮᠡᠴᠡᠭᠴᠢ ᠶᠢᠨ ᠣᠪᠣᠷ ᠪᠠᠶᠢᠳᠠᠯ ᠢᠶᠠᠷ᠂ ᠢᠲᠡᠭᠡᠯ ᠲᠡᠭᠦᠯᠳᠡᠷ ᠢᠶᠠᠷ ᠥᠪᠡᠷ ᠢ ᠪᠠᠨ | ᠬᠦᠴᠦᠷᠬᠡᠭᠵᠢᠭᠦᠯᠵᠦ᠂ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠳᠦᠯᠭᠡ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ | ᠪᠠᠳᠠᠷᠠᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠠᠶᠢᠭᠤᠯᠤᠨ ᠪᠦᠲᠦᠭᠡᠬᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠪᠠᠶᠢᠭᠤᠯᠤᠭᠳᠠᠭᠰᠠᠨ ᠠᠴᠠ ᠨᠠᠭᠠᠰᠢᠬᠢ | 100 ᠵᠢᠯ ᠪᠣᠯ ᠮᠠᠷᠺᠰ ᠤᠨ ᠦᠵᠡᠯ ᠤᠨ ᠠᠵᠢᠯᠴᠢᠨ ᠤ ᠬᠥᠳᠡᠯᠭᠡᠭᠡᠨ ᠤ ᠤᠨᠤᠯ ᠢ ᠳᠤᠮᠳᠠᠳᠤ ᠤᠯᠤᠰ ᠤᠨ | ᠠᠵᠢᠯᠴᠢᠨ ᠤ ᠬᠥᠳᠡᠯᠭᠡᠭᠡᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠭᠰᠠᠨ 100 ᠵᠢᠯ ᠮᠥᠨ᠂ ᠮᠠᠨ ᠤ ᠤᠯᠤᠰ ᠤᠨ | ᠠᠵᠢᠯᠴᠢᠨ ᠠᠩᠭᠢ ᠪᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠭᠤᠶᠢᠪᠢᠰᠢ ᠦᠭᠡᠢ ᠨᠠᠮ ᠢᠶᠠᠨ ᠲᠠᠭᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ | ᠲᠡᠮᠡᠴᠡᠭᠰᠡᠨ 100 ᠵᠢᠯ ᠮᠥᠨ᠃ ᠮᠠᠨ ᠤ ᠤᠯᠤᠰ ᠤᠨ ᠠᠵᠢᠯᠴᠢᠨ ᠠᠩᠭᠢ ᠪᠣᠯ ᠨᠡᠷ᠎ᠡ ᠨᠢᠳᠡᠷ ᠲᠡᠭᠡᠨ ᠲᠡᠩᠴᠡᠭᠰᠡᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠪᠠᠲᠤ ᠪᠠᠬᠢ ᠬᠠᠮᠤᠭ ᠤᠨ ᠨᠠᠶᠢᠳᠠᠪᠤᠷᠢᠲᠠᠢ ᠠᠩᠭᠢ ᠶᠢᠨ | ᠰᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠮᠠᠨ ᠤ ᠨᠡᠶᠢᠭᠡᠮ ᠵᠢᠷᠤᠮᠲᠤ ᠤᠯᠤᠰ ᠤᠨ ᠤᠳᠤᠷᠢᠳᠬᠤ ᠠᠩᠭᠢ | ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠪᠠ ᠦᠢᠯᠡᠳᠪᠦᠷᠢᠯᠡᠯ ᠤᠨ | ᠬᠠᠷᠢᠴᠠᠭᠠᠨ ᠤ ᠲᠥᠯᠥᠭᠡᠯᠡᠭᠴᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠭᠤᠣᠯ ᠬᠦᠴᠦᠨ ᠮᠥᠨ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠵᠡᠢ | ᠃ ᠮᠠᠨ ᠤ ᠤᠯᠤᠰ ᠤᠨ ᠠᠵᠢᠯᠴᠢᠨ ᠤ ᠡᠪᠯᠡᠯ ᠪᠣᠯ ᠨᠡᠷ᠎ᠡ ᠨᠢᠳᠡᠷ ᠲᠡᠭᠡᠨ ᠲᠡᠩᠴᠡᠭᠰᠡᠨ ᠨᠠᠮ ᠠᠴᠠ ᠠᠵᠢᠯᠲᠠᠨ ᠠᠵᠢᠯᠴᠢᠨ | ᠲᠦᠮᠡᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠨᠡᠶᠢᠭᠡᠮ ᠵᠢᠷᠤᠮᠲᠤ | ᠲᠦᠷᠦ ᠶᠢᠨ ᠡᠷᠬᠡ ᠶᠢᠨ ᠨᠡᠶᠢᠭᠡᠮ ᠤᠨ ᠴᠢᠬᠤᠯᠠ ᠲᠤᠯᠭᠠᠭᠤᠷᠢ ᠮᠥᠨ᠂ ᠨᠡᠷ᠎ᠡ ᠨᠢᠳᠡᠷ ᠲᠡᠭᠡᠨ ᠲᠡᠩᠴᠡᠭᠰᠡᠨ ᠠᠵᠢᠯᠲᠠᠨ | ᠠᠵᠢᠯᠴᠢᠨ ᠤ ᠠᠰᠢᠭ ᠲᠤᠰᠠ ᠶᠢᠨ ᠲᠥᠯᠥᠭᠡᠯᠡᠭᠴᠢ ᠪᠠ ᠬᠠᠮᠠᠭᠠᠯᠠᠭᠴᠢ ᠮᠥᠨ᠃ ᠴᠠᠭ ᠦᠶ᠎ᠡ ᠶᠢᠨ ᠨᠥᠬᠦᠴᠡᠯ ᠪᠠ | ᠨᠡᠶᠢᠭᠡᠮ ᠤᠨ ᠪᠦᠯᠭᠦᠮ ᠴᠣᠭᠴᠠ ᠬᠡᠷᠬᠢᠨ ᠬᠥᠭᠵᠢᠨ ᠬᠤᠪᠢᠷᠠᠭᠰᠠᠨ ᠴᠤ ᠮᠠᠨ ᠤ ᠤᠯᠤᠰ ᠤᠨ ᠠᠵᠢᠯᠴᠢᠨ ᠠᠩᠭᠢ ᠶᠢᠨ | ᠪᠠᠶᠢᠷᠢ ᠰᠠᠭᠤᠷᠢ ᠪᠠ ᠦᠢᠯᠡᠳᠦᠯ ᠢ ᠭᠤᠶᠢᠪᠢᠯᠵᠠᠭᠤᠯᠵᠤ ᠪᠤᠯᠬᠤ ᠦᠭᠡᠢ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ | ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠭᠤᠶᠢᠪᠢᠯᠵᠠᠭᠤᠯᠵᠤ ᠪᠤᠯᠬᠤ ᠦᠭᠡᠢ᠂ ᠮᠠᠨ ᠤ | ᠤᠯᠤᠰ ᠤᠨ ᠠᠵᠢᠯᠴᠢᠨ ᠤ ᠡᠪᠯᠡᠯ ᠤᠨ ᠰᠢᠨᠵᠢ ᠴᠢᠨᠠᠷ ᠪᠠ ᠡᠭᠦᠷᠭᠡ ᠴᠢᠳᠠᠪᠬᠢ ᠶᠢ ᠭᠤᠶᠢᠪᠢᠯᠵᠠᠭᠤᠯᠵᠤ ᠪᠤᠯᠬᠤ ᠦᠭᠡᠢ | ᠶᠤᠮ᠃ | 100 ᠵᠢᠯ ᠤᠨ ᠲᠤᠷᠰᠢ᠂ ᠨᠠᠮ ᠤᠨ ᠠᠵᠢᠯᠴᠢᠨ ᠤ ᠬᠥᠳᠡᠯᠭᠡᠭᠡᠨ ᠤ ᠦᠢᠯᠡᠰ ᠤᠨ ᠤᠨᠤᠯ ᠤᠨ ᠰᠢᠨ᠎ᠡ | ᠡᠭᠦᠳᠦᠯᠲᠡ ᠪᠠ ᠦᠢᠯᠡᠳᠦᠯᠭᠡ ᠶᠢᠨ ᠬᠥᠭᠵᠢᠯᠲᠡ ᠶᠢᠨ ᠬᠠᠮᠤᠭ ᠤᠨ ᠴᠢᠬᠤᠯᠠ ᠦᠷ᠎ᠡ ᠪᠦᠲᠦᠭᠡᠯ ᠪᠣᠯ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠵᠢᠯᠴᠢᠨ ᠤ ᠡᠪᠯᠡᠯ ᠤᠨ ᠬᠥᠭᠵᠢᠯᠲᠡ ᠶᠢᠨ ᠵᠠᠮ ᠢ | ᠪᠦᠷᠢᠯᠳᠦᠭᠦᠯᠦᠭᠰᠡᠨ ᠶᠠᠪᠤᠳᠠᠯ ᠪᠣᠯᠣᠨ᠎ᠠ᠃ ᠡᠨᠡ ᠬᠦ ᠵᠠᠮ ᠨᠢ ᠠᠵᠢᠯᠴᠢᠨ ᠤ ᠬᠥᠳᠡᠯᠭᠡᠭᠡᠨ ᠤ ᠦᠢᠯᠡᠰ ᠪᠠ ᠠᠵᠢᠯᠴᠢᠨ ᠤ | ᠡᠪᠯᠡᠯ ᠤᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠢᠯᠴᠢᠨ ᠤ | ᠬᠥᠳᠡᠯᠭᠡᠭᠡᠨ ᠤ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠪᠠ︔ ᠪᠦᠭᠦ ᠰᠡᠳᠬᠢᠯ ᠪᠦᠭᠦ | ᠵᠣᠷᠢᠭ ᠢᠶᠠᠷ ᠢᠶᠠᠨ ᠠᠵᠢᠯᠴᠢᠨ ᠠᠩᠭᠢ ᠳᠤ ᠲᠦᠰᠢᠭᠯᠡᠬᠦ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠠᠵᠢᠯᠴᠢᠨ | ᠠᠩᠭᠢ ᠶᠢᠨ ᠭᠤᠣᠯ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠪᠠ︔ ᠨᠠᠮ ᠤᠨ ᠭᠤᠣᠯ ᠡᠭᠦᠷᠭᠡ ᠶᠢ ᠳᠠᠭᠠᠬᠤ | ᠪᠠ ᠲᠡᠭᠦᠨ ᠳᠤ ᠦᠢᠯᠡᠴᠢᠯᠡᠬᠦ ᠶᠢ ᠪᠠᠷᠢᠮᠲᠠᠯᠠᠵᠤ᠂ ᠠᠵᠢᠯᠴᠢᠨ ᠤ ᠬᠥᠳᠡᠯᠭᠡᠭᠡᠨ ᠪᠠ ᠠᠵᠢᠯᠴᠢᠨ ᠤ ᠡᠪᠯᠡᠯ ᠤᠨ ᠠᠵᠢᠯ ᠢ | ᠤᠬᠠᠮᠰᠠᠷ ᠠᠴᠠ ᠪᠠᠨ ᠶᠡᠭᠡ ᠲᠠᠯ᠎ᠠ ᠶᠢᠨ ᠳᠣᠣᠷ᠎ᠠ ᠠᠵᠢᠯᠯᠠᠭᠤᠯᠪᠠ︔ ᠠᠵᠢᠯᠴᠢᠨ ᠤ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠪᠠᠷᠢᠮᠲᠠᠯᠠᠵᠤ᠂ | ᠨᠠᠮ ᠤᠨ ᠠᠵᠢᠯᠲᠠᠨ ᠠᠵᠢᠯᠴᠢᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ | ᠪᠠᠳᠠᠷᠠᠭᠤᠯᠪᠠ︔ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠪᠠᠷ ᠠᠮᠢ ᠨᠠᠰᠤᠨ ᠤ ᠱᠤᠭᠤᠮ ᠪᠤᠯᠭᠠᠬᠤ ᠶᠢ | ᠪᠠᠷᠢᠮᠲᠠᠯᠠᠵᠤ᠂ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠠᠵᠢᠯᠲᠠᠨ | ᠠᠵᠢᠯᠴᠢᠨ ᠤ ᠪᠦᠭᠦ ᠲᠠᠯ᠎ᠠ ᠶᠢᠨ ᠬᠥᠭᠵᠢᠯᠲᠡ ᠶᠢ ᠠᠭᠢᠭᠤᠯᠪᠠ︔ ᠬᠠᠤᠯᠢ ᠶᠣᠰᠣᠭᠠᠷ ᠳᠦᠷᠢᠮ ᠶᠣᠰᠣᠭᠠᠷ ᠠᠵᠢᠯ ᠢᠶᠠᠨ | ᠥᠷᠨᠢᠭᠦᠯᠬᠦ ᠶᠢ ᠪᠠᠷᠢᠮᠲᠠᠯᠠᠵᠤ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠪᠠ ᠠᠵᠢᠯᠴᠢᠨ ᠤ ᠡᠪᠯᠡᠯ ᠤᠨ | ᠠᠵᠢᠯ ᠤᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠳᠤᠮᠳᠠ ᠠᠮᠢᠵᠢᠷᠠᠯ ᠤᠨ ᠬᠦᠴᠦᠨ ᠢᠶᠠᠨ ᠲᠠᠰᠤᠷᠠᠯᠳᠠ ᠦᠭᠡᠢ | ᠨᠡᠮᠡᠭᠳᠡᠭᠦᠯᠬᠦ ᠶᠢ ᠠᠬᠢᠭᠤᠯᠪᠠ᠃ ᠡᠳᠡᠭᠡᠷ ᠪᠣᠯ ᠴᠥᠮ 100 ᠵᠢᠯ ᠤᠨ ᠲᠤᠷᠰᠢᠬᠢ ᠨᠠᠮ ᠠᠴᠠ ᠠᠵᠢᠯᠴᠢᠨ ᠤ | ᠬᠥᠳᠡᠯᠭᠡᠭᠡᠨ ᠤ ᠦᠢᠯᠡᠰ ᠪᠠ ᠠᠵᠢᠯᠴᠢᠨ ᠤ ᠡᠪᠯᠡᠯ ᠤᠨ ᠠᠵᠢᠯ ᠢ ᠤᠳᠤᠷᠢᠳᠤᠭᠰᠠᠨ ᠡᠷᠬᠢᠮ ᠨᠠᠨᠳᠢᠨ ᠲᠤᠷᠰᠢᠯᠭ᠎ᠠ ᠶᠢᠨ | ᠭᠦᠨᠵᠡᠭᠡᠢ ᠳ᠋ᠦᠩᠨᠡᠯᠲᠡ ᠮᠥᠨ᠂ ᠡᠷᠬᠡᠪᠰᠢ ᠤᠷᠳᠤ ᠬᠤᠭᠤᠴᠠᠭ᠎ᠠ ᠪᠠᠷᠢᠮᠲᠠᠯᠠᠬᠤ ᠬᠡᠷᠡᠭᠲᠡᠢ᠃ | ᠨᠥᠬᠦᠳ ᠠ᠋᠂ ᠨᠠᠶᠢᠵᠠ ᠨᠠᠷ ᠠ᠋︕ | ᠨᠠᠮ ᠤᠨ ᠬᠤᠷᠢᠳᠤᠭᠠᠷ ᠶᠡᠭᠡ ᠬᠤᠷᠠᠯ ᠠᠴᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠪᠦᠭᠦ ᠲᠠᠯ᠎ᠠ ᠪᠠᠷ ᠠᠬᠢᠭᠤᠯᠬᠤ ᠭᠤᠣᠯ ᠡᠭᠦᠷᠭᠡ ᠶᠢ ᠲᠣᠳᠣᠷᠬᠠᠶᠢᠯᠠᠪᠠ᠃ ᠡᠨᠡ ᠬᠦ ᠭᠤᠣᠯ ᠡᠭᠦᠷᠭᠡ ᠪᠣᠯ ᠮᠠᠨ ᠤ | ᠤᠯᠤᠰ ᠤᠨ ᠠᠵᠢᠯᠴᠢᠨ ᠤ ᠬᠥᠳᠡᠯᠭᠡᠭᠡᠨ ᠤ ᠴᠠᠭ ᠦᠶ᠎ᠡ ᠶᠢᠨ ᠭᠤᠣᠯ ᠰᠡᠳᠦᠪ ᠮᠥᠨ᠃ ᠰᠢᠨ᠎ᠡ ᠴᠠᠭ ᠦᠶ᠎ᠡ ᠰᠢᠨ᠎ᠡ | ᠠᠶᠠᠨ ᠳᠤ᠂ ᠡᠷᠬᠡᠪᠰᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯᠴᠢᠨ ᠠᠩᠭᠢ ᠪᠣᠯᠣᠨ ᠥᠷᠭᠡᠨ ᠤᠯᠠᠨ | ᠬᠥᠳᠡᠯᠮᠦᠷᠢᠴᠢᠨ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠬᠤ ᠬᠡᠷᠡᠭᠲᠡᠢ᠃ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠷᠭᠡᠨ ᠤᠯᠠᠨ | ᠠᠵᠢᠯᠲᠠᠨ ᠠᠵᠢᠯᠴᠢᠨ ᠪᠣᠯᠣᠨ ᠬᠥᠳᠡᠯᠮᠦᠷᠢᠴᠢᠨ ᠲᠦᠮᠡᠨ ᠤ ᠭᠠᠪᠢᠶ᠎ᠠ ᠪᠠᠶᠢᠭᠤᠯᠵᠤ ᠦᠢᠯᠡᠰ ᠪᠣᠰᠬᠠᠬᠤ᠂ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠶᠢ ᠲᠠᠶᠢᠴᠢᠯᠠᠨ ᠵᠣᠷᠢᠭᠵᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠨᠢ | ᠴᠢᠨᠠᠷ ᠰᠠᠶᠢᠲᠠᠢ ᠭᠦᠳᠡᠯᠮᠦᠷᠢ ᠶᠢᠨ ᠡᠭᠦᠳᠦᠯᠲᠡ ᠠᠴᠠ ᠰᠠᠯᠵᠤ ᠴᠢᠳᠠᠬᠤ ᠦᠭᠡᠢ᠃ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠭᠦᠨᠵᠡᠭᠡᠢ ᠲᠤᠭᠤᠰᠢᠯᠠᠭᠤᠯᠵᠤ᠂ ᠭᠠᠪᠢᠶ᠎ᠠ ᠪᠠᠶᠢᠭᠤᠯᠵᠤ ᠦᠢᠯᠡᠰ ᠪᠣᠰᠬᠠᠬᠤ ᠪᠠ ᠤᠯᠠᠨ ᠲᠦᠮᠡᠨᠴᠢ ᠴᠢᠨᠠᠷᠲᠠᠢ ᠰᠢᠨ᠎ᠡ ᠶᠢ | ᠡᠭᠦᠳᠴᠦ ᠡᠭᠦᠳᠦᠨ ᠪᠦᠲᠦᠭᠡᠬᠦ ᠡᠯ᠎ᠡ ᠵᠦᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ | ᠬᠥᠳᠡᠯᠮᠦᠷᠢᠴᠢᠳ ᠤᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠬᠥᠯ ᠲᠣᠭᠲᠠᠬᠤ ᠶᠢ ᠵᠣᠬᠢᠶᠠᠨ ᠪᠠᠶᠢᠭᠤᠯᠵᠤ | ᠬᠥᠲᠥᠯᠥᠨ ᠵᠢᠯᠤᠭᠤᠳᠴᠤ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠳᠤᠮᠳᠠ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠬᠤ ᠳᠤᠮᠳᠠ ᠵᠠᠮ ᠨᠡᠭᠡᠭᠡᠨ ᠤᠷᠤᠭᠰᠢᠯᠠᠵᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠤᠨ | ᠬᠥᠭᠵᠢᠭᠦᠯᠬᠦ ᠳᠤᠮᠳᠠ ᠵᠣᠷᠢᠭᠲᠠᠢ ᠬᠠᠶᠢᠨ ᠰᠦᠪᠡᠭᠴᠢᠯᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠰᠤᠷᠠᠯᠳᠠ ᠦᠭᠡᠢ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ | ᠬᠡᠷᠡᠭᠲᠡᠢ᠃ | ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ | ᠦᠢᠯᠡᠰ ᠤᠨ ᠬᠤᠪᠢᠰᠤᠯᠲᠠ ᠳᠤ ᠵᠣᠬᠢᠴᠠᠵᠤ᠂ ᠬᠥᠳᠡᠯᠮᠦᠷᠢᠴᠢᠳ ᠤᠨ ᠬᠡᠪ ᠪᠣᠯᠪᠠᠰᠤᠷᠠᠯ ᠢ ᠪᠦᠭᠦ ᠲᠠᠯ᠎ᠠ ᠪᠠᠷ | ᠳᠡᠭᠡᠭᠰᠢᠯᠡᠭᠦᠯᠭᠦ ᠬᠡᠷᠡᠭᠲᠡᠢ᠃ ᠡᠨᠡ ᠪᠣᠯ ᠳᠤᠮᠳᠠᠳᠤ ᠤᠯᠤᠰ ᠤᠨ ᠠᠵᠢᠯᠴᠢᠨ ᠠᠩᠭᠢ ︽ᠬᠠᠮᠤᠭ ᠤᠨ ᠳᠠᠪᠰᠢᠩᠭᠤᠢ | ᠠᠩᠭᠢ︾ ᠶᠢᠨ ᠬᠤᠪᠢ ᠪᠠᠷ ᠢᠮᠠᠭᠲᠠ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠶᠢᠨ ᠵᠠᠶᠢᠯᠠᠰᠢ ᠦᠭᠡᠢ | ᠱᠠᠭᠠᠷᠳᠠᠯᠭ᠎ᠠ ᠮᠥᠨ᠃ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠠᠢ ᠨᠢᠭᠲᠠ ᠤᠶᠠᠯᠳᠤᠭᠤᠯᠤᠨ᠂ | ᠠᠵᠢᠯᠲᠠᠨ ᠠᠵᠢᠯᠴᠢᠨ ᠤ ᠬᠡᠪ ᠴᠢᠨᠠᠷ ᠤᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ | ᠦᠢᠯᠡᠰ ᠤᠨ ᠠᠵᠢᠯᠴᠢᠨ ᠤ ᠡᠩᠨᠡᠭᠡ ᠶᠢᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠦᠳᠡᠯᠮᠦᠷᠢ | ᠪᠠ ᠤᠷ᠎ᠠ ᠴᠢᠳᠠᠪᠤᠷᠢ ᠶᠢᠨ ᠤᠷᠤᠯᠳᠤᠭᠠᠨ ᠢ ᠥᠷᠭᠡᠨ ᠢᠶᠠᠷ ᠥᠷᠨᠢᠭᠦᠯᠵᠦ᠂ ᠥᠷᠭᠡᠨ ᠤᠯᠠᠨ ᠬᠥᠳᠡᠯᠮᠦᠷᠢᠴᠢᠳ ᠤᠨ | ᠨᠠᠰᠤᠨ ᠲᠤᠷᠰᠢᠲᠠ ᠰᠤᠷᠤᠯᠴᠠᠬᠤ᠂ ᠲᠤᠰ ᠪᠡᠶ᠎ᠡ ᠶᠢᠨ ᠬᠡᠪ ᠴᠢᠨᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠭᠦ ᠶᠢ | ᠬᠥᠲᠥᠯᠥᠨ ᠵᠢᠯᠤᠭᠤᠳᠴᠤ᠂ ᠮᠡᠳᠡᠯᠭᠡ ᠶᠢᠨ ᠭᠡᠯᠪᠡᠷᠢ ᠶᠢᠨ᠂ ᠤᠷ᠎ᠠ ᠴᠢᠳᠠᠪᠤᠷᠢ ᠶᠢᠨ ᠭᠡᠯᠪᠡᠷᠢ ᠶᠢᠨ᠂ ᠰᠢᠨ᠎ᠡ ᠶᠢ ᠡᠭᠦᠳᠬᠦ | ᠭᠡᠯᠪᠡᠷᠢ ᠶᠢᠨ ᠨᠢᠭᠡᠨ ᠰᠠᠯᠠᠭ᠎ᠠ ᠬᠥᠳᠡᠯᠮᠦᠷᠢᠴᠢᠳ ᠤᠨ ᠡᠩᠨᠡᠭᠡ ᠶᠢ ᠴᠢᠷᠮᠠᠶᠢᠨ ᠪᠠᠶᠢᠭᠤᠯᠬᠤ ᠬᠡᠷᠡᠭᠲᠡᠢ᠃ | ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠦᠨᠵᠡᠭᠡᠢ ᠦᠢᠯᠡᠳᠦᠯᠭᠡᠵᠢᠭᠦᠯᠵᠦ᠂ | ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠲᠠᠷᠬᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠬᠡᠷᠡᠭᠲᠡᠢ᠃ ᠠᠵᠢᠯᠴᠢᠨ ᠠᠩᠭᠢ ᠪᠣᠯᠣᠨ ᠥᠷᠭᠡᠨ ᠣᠯᠠᠨ ᠬᠥᠳᠡᠯᠮᠦᠷᠢᠴᠢᠨ | ᠲᠦᠮᠡᠨ ᠤ ᠤᠷᠲᠤ ᠬᠤᠭᠤᠴᠠᠭᠠᠨ ᠤ ᠲᠡᠮᠡᠴᠡᠯ ᠤᠨ ᠳᠤᠮᠳᠠ ᠴᠣᠭᠴᠠᠯᠠᠭᠰᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ | ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠣᠯ ᠨᠡᠶᠢᠭᠡᠮ ᠵᠢᠷᠤᠮ ᠤᠨ | ᠭᠤᠣᠯᠯᠠᠭᠴᠢ ᠥᠷᠲᠡᠭ ᠤᠨ ᠦᠵᠡᠯᠲᠡ ᠶᠢᠨ ᠠᠮᠢᠳᠤᠯᠢᠭ ᠢᠯᠡᠷᠡᠯ ᠮᠥᠨ᠃ ᠭᠦᠳᠡᠯᠮᠦᠷᠢ ᠬᠠᠮᠤᠭ ᠤᠨ ᠢᠷᠠᠭᠤ | ᠠᠯᠳᠠᠷᠲᠠᠢ᠂ ᠭᠦᠳᠡᠯᠮᠦᠷᠢ ᠬᠠᠮᠤᠭ ᠤᠨ ᠡᠷᠬᠢᠮ ᠳᠡᠭᠡᠳᠦ᠂ ᠭᠦᠳᠡᠯᠮᠦᠷᠢ ᠬᠠᠮᠤᠭ ᠤᠨ ᠠᠭᠤᠤ ᠶᠡᠭᠡ᠂ ᠭᠦᠳᠡᠯᠮᠦᠷᠢ | ᠬᠠᠮᠤᠭ ᠤᠨ ᠭᠤᠶᠤ ᠰᠠᠶᠢᠬᠠᠨ ᠪᠠᠶᠢᠬᠤ ᠨᠡᠶᠢᠭᠡᠮ ᠤᠨ ᠬᠡᠪ ᠰᠤᠷᠲᠠᠯ ᠢ ᠶᠡᠭᠡ ᠪᠠᠷ ᠪᠠᠳᠠᠷᠠᠭᠤᠯᠵᠤ᠂ ᠭᠦᠳᠡᠯᠮᠦᠷᠢ ᠶᠢ | ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ | ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠪᠦᠭᠦ ᠠᠷᠠᠳ ᠲᠦᠮᠡᠨ ᠤ ᠰᠢᠷᠭᠠᠭᠤ | ᠭᠦᠳᠡᠯᠮᠦᠷᠢ᠂ ᠦᠨᠡᠨᠴᠢ ᠭᠦᠳᠡᠯᠮᠦᠷᠢ᠂ ᠪᠦᠲᠦᠭᠡᠯᠴᠢ ᠭᠦᠳᠡᠯᠮᠦᠷᠢ ᠪᠠᠷ ᠢᠶᠠᠨ ᠰᠠᠶᠢᠨ ᠰᠠᠶᠢᠬᠠᠨ ᠠᠮᠢᠳᠤᠷᠠᠯ ᠤᠨ ᠬᠦᠰᠡᠯ | ᠡᠷᠡᠮᠡᠯᠵᠡᠯ ᠢᠶᠠᠨ ᠪᠡᠶᠡᠯᠡᠭᠦᠯᠬᠦ ᠶᠢ ᠵᠣᠷᠢᠭᠵᠢᠭᠤᠯᠬᠤ ᠬᠡᠷᠡᠭᠲᠡᠢ᠃ | ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠩᠬᠠᠷᠴᠤ᠂ ᠥᠷᠭᠡᠨ ᠤᠯᠠᠨ ᠠᠵᠢᠯᠲᠠᠨ ᠠᠵᠢᠯᠴᠢᠨ ᠪᠠ | ᠬᠥᠳᠡᠯᠮᠦᠷᠢᠴᠢᠨ ᠲᠦᠮᠡᠨ ᠤ ᠠᠵᠠ ᠵᠢᠷᠭᠠᠯ ᠢ ᠯᠠᠪᠳᠠᠭᠤᠨ ᠨᠡᠮᠡᠭᠳᠡᠭᠦᠯᠬᠦ ᠬᠡᠷᠡᠭᠲᠡᠢ᠃ ᠬᠠᠮᠲᠤ ᠪᠠᠷ ᠪᠠᠶᠠᠵᠢᠬᠤ ᠶᠢ | ᠥᠷᠭᠡᠨ ᠤᠯᠠᠨ ᠬᠥᠳᠡᠯᠮᠦᠷᠢᠴᠢᠳ ᠲᠤ ᠲᠦᠰᠢᠭᠯᠡᠨ ᠪᠡᠶᠡᠯᠡᠭᠦᠯᠬᠦ ᠮᠥᠷᠲᠡᠭᠡᠨ ᠪᠠᠰᠠ ᠥᠷᠭᠡᠨ ᠤᠯᠠᠨ | ᠬᠥᠳᠡᠯᠮᠦᠷᠢᠴᠢᠳ ᠤᠨ ᠪᠡᠶ᠎ᠡ ᠳᠡᠭᠡᠷ᠎ᠡ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠤᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠩ ᠰᠠᠶᠢᠨ ᠠᠵᠢᠯ ᠣᠯᠭᠤᠯᠲᠠ ᠶᠢᠨ ᠪᠠ ᠭᠦᠳᠡᠯᠮᠦᠷᠢ ᠶᠢᠨ | ᠨᠥᠬᠦᠴᠡᠯ ᠢ ᠡᠭᠦᠳᠴᠦ᠂ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠣᠷᠣᠯᠭ᠎ᠠ ᠶᠢᠨ ᠬᠤᠪᠢᠶᠠᠷᠢᠯᠠᠯᠲᠠ | ᠳᠤᠮᠳᠠᠬᠢ ᠭᠦᠳᠡᠯᠮᠦᠷᠢ᠂ ᠤᠷ᠎ᠠ ᠴᠢᠳᠠᠪᠤᠷᠢ᠂ ᠮᠡᠳᠡᠯᠭᠡ᠂ ᠰᠢᠨ᠎ᠡ ᠶᠢ ᠡᠭᠦᠳᠬᠦ ᠵᠡᠷᠭᠡ ᠡᠯᠧᠮᠧᠨ᠋ᠲ ᠤᠨ ᠬᠤᠪᠢ ᠶᠢᠨ | ᠵᠢᠩ ᠢ ᠡᠮᠬᠢ ᠵᠢᠷᠤᠮ ᠲᠠᠢ ᠳᠡᠭᠡᠭᠰᠢᠯᠡᠭᠦᠯᠵᠦ᠂ ᠥᠷᠭᠡᠨ ᠤᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ | ᠲᠦᠮᠡᠨ ᠤ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ | ᠦᠭᠡᠢ ᠨᠡᠮᠡᠭᠳᠡᠭᠦᠯᠬᠦ ᠬᠡᠷᠡᠭᠲᠡᠢ᠃ | ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠨ ᠪᠣᠯ ᠠᠷᠠᠳ ᠲᠦᠮᠡᠨ ᠤ ᠦᠯᠢᠭᠡᠷ ᠳᠠᠭᠤᠷᠢᠶᠠᠯ᠂ | ᠤᠯᠤᠰ ᠣᠷᠣᠨ ᠤ ᠲᠤᠯᠭᠠᠭᠤᠷᠢ ᠮᠥᠨ᠃ ᠤᠷᠳᠤ ᠬᠤᠭᠤᠴᠠᠭᠠᠨ ᠤ ᠲᠤᠷᠰᠢ᠂ ᠦᠶ᠎ᠡ ᠦᠶ᠎ᠡ ᠶᠢᠨ ᠭᠦᠳᠡᠯᠮᠦᠷᠢ ᠶᠢᠨ | ᠵᠢᠱᠢᠶᠡᠴᠢ ᠪᠠ ᠲᠡᠷᠢᠭᠦᠨ ᠤ ᠠᠵᠢᠯᠲᠠᠳ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ᠂ ᠴᠠᠭ ᠦᠶ᠎ᠡ ᠶᠢᠨ | ᠲᠠᠪᠰᠢᠯᠳᠠ ᠶᠢ ᠠᠬᠢᠭᠤᠯᠬᠤ ᠳᠤᠮᠳᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠤᠭᠰᠠᠨ ᠶᠤᠮ᠃ ᠲᠡᠳᠡᠨ ᠤ ᠦᠯᠢᠭᠡᠷ ᠢ ᠤᠯᠠᠮ ᠰᠠᠶᠢᠲᠤᠷ ᠶᠠᠷᠢᠵᠤ᠂ ᠪᠦᠭᠦ ᠨᠡᠶᠢᠭᠡᠮ ᠢᠶᠠᠷ ᠢᠶᠠᠨ ᠲᠡᠳᠡᠨ ᠤ | ᠦᠢᠯᠡ ᠶᠠᠪᠤᠳᠠᠯ ᠢ ᠰᠤᠷᠤᠯᠴᠠᠬᠤ᠂ ᠲᠡᠳᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠬᠥᠲᠥᠯᠥᠨ ᠵᠢᠯᠤᠭᠤᠳᠬᠤ | ᠬᠡᠷᠡᠭᠲᠡᠢ᠃ ᠬᠥᠬᠢᠭᠦᠯᠦᠨ ᠰᠠᠶᠢᠰᠢᠶᠠᠭᠳᠠᠭᠰᠠᠨ ᠭᠦᠳᠡᠯᠮᠦᠷᠢ ᠶᠢᠨ ᠵᠢᠱᠢᠶᠡᠴᠢ ᠪᠠ ᠲᠡᠷᠢᠭᠦᠨ ᠤ ᠠᠵᠢᠯᠲᠠᠳ ᠢᠷᠠᠭᠤ | ᠠᠯᠳᠠᠷ ᠢᠶᠠᠨ ᠨᠠᠨᠳᠢᠩᠨᠠᠨ᠂ ᠣᠣᠷ ᠴᠢᠨᠠᠷ ᠢᠶᠠᠨ ᠪᠠᠲᠤᠯᠠᠵᠤ᠂ ᠦᠷᠭᠦᠯᠵᠢᠯᠡᠨ ᠴᠢᠷᠮᠠᠶᠢᠵᠤ᠂ ᠲᠠᠭᠢᠨ ᠰᠢᠨ᠎ᠡ ᠭᠠᠪᠢᠶ᠎ᠠ | ᠪᠠᠶᠢᠭᠤᠯᠬᠤ ᠶᠢ ᠬᠦᠰᠡᠵᠦ ᠪᠠᠶᠢᠨ᠎ᠠ᠃ | ᠨᠥᠬᠦᠳ ᠠ᠋᠂ ᠨᠠᠶᠢᠵᠠ ᠨᠠᠷ ᠠ᠋︕ | ᠵᠠᠭᠤᠨ ᠵᠢᠯ ᠤᠨ ᠠᠵᠢᠯᠴᠢᠨ ᠤ ᠡᠪᠯᠡᠯ ᠶᠠᠭ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠵᠣᠭᠰᠣᠵᠤ᠂ ᠨᠠᠮ ᠪᠠ | ᠤᠯᠤᠰ ᠠᠴᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠶᠡᠭᠡ ᠬᠦᠰᠡᠯ ᠨᠠᠶᠢᠳᠠᠯᠭ᠎ᠠ ᠲᠠᠯᠪᠢᠵᠤ᠂ | ᠠᠵᠢᠯᠲᠠᠨ ᠠᠵᠢᠯᠴᠢᠨ ᠤᠯᠠᠨ ᠲᠦᠮᠡᠨ ᠠᠴᠠ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠳᠤ ᠬᠦᠰᠡᠯ | ᠡᠷᠡᠮᠡᠯᠵᠡᠯ ᠳᠦᠭᠦᠷᠡᠩ ᠪᠠᠶᠢᠨ᠎ᠠ᠃ ᠡᠯ᠎ᠡ ᠱᠠᠲᠤᠨ ᠤ ᠠᠵᠢᠯᠴᠢᠨ ᠤ ᠡᠪᠯᠡᠯ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠠᠵᠢᠯᠴᠢᠨ ᠤ ᠡᠪᠯᠡᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ | ᠠᠵᠢᠯᠴᠢᠨ ᠤ ᠬᠥᠳᠡᠯᠭᠡᠭᠡᠨ ᠤ ᠦᠢᠯᠡᠰ ᠤᠨ ᠨᠡᠩ ᠢᠷᠠᠭᠤ ᠭᠠᠶᠢᠬᠠᠮᠰᠢᠭᠲᠤ ᠴᠠᠭ ᠦᠶ᠎ᠡ ᠶᠢᠨ ᠬᠠᠭᠤᠳᠠᠰᠤ ᠶᠢ | ᠪᠢᠴᠢᠭᠯᠡᠬᠦ ᠬᠡᠷᠡᠭᠲᠡᠢ᠃ | ᠤᠯᠤᠰ ᠲᠦᠷᠦ ᠶᠢᠨ ᠵᠥᠪ ᠴᠢᠭᠯᠡᠯ ᠢ ᠪᠠᠷᠢᠮᠲᠠᠯᠠᠵᠤ᠂ ᠥᠷᠭᠡᠨ ᠤᠯᠠᠨ ᠠᠵᠢᠯᠲᠠᠨ ᠠᠵᠢᠯᠴᠢᠨ ᠪᠠ | ᠬᠥᠳᠡᠯᠮᠦᠷᠢᠴᠢᠨ ᠲᠦᠮᠡᠨ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠬᠦ ᠬᠡᠷᠡᠭᠲᠡᠢ᠃ ᠨᠠᠮ ᠤᠨ ᠲᠥᠪ | ᠬᠤᠷᠢᠶ᠎ᠠ ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ | ᠤᠳᠤᠷᠢᠳᠤᠯᠭ᠎ᠠ ᠶᠢ ᠠᠵᠢᠯᠴᠢᠨ ᠤ ᠡᠪᠯᠡᠯ ᠤᠨ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠣᠭᠤᠳᠤᠭᠤᠯᠬᠤ᠂ | ᠠᠵᠢᠯ ᠢᠶᠠᠨ ᠠᠬᠢᠭᠤᠯᠬᠤ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠤᠯᠠᠨ ᠲᠦᠮᠡᠨ ᠢ ᠬᠥᠲᠥᠯᠥᠨ ᠳᠠᠭᠠᠭᠤᠯᠵᠤ | ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠬᠥᠮᠥᠰ ᠤᠨ ᠰᠡᠳᠬᠢᠯ ᠢ ᠨᠢᠭᠲᠠᠷᠠᠭᠤᠯᠬᠤ᠂ ᠵᠥᠷᠢᠴᠡᠯ ᠢ ᠨᠠᠮᠳᠠᠭᠤᠯᠬᠤ᠂ ᠬᠥᠳᠡᠯᠭᠡᠬᠦ ᠬᠦᠴᠦᠨ ᠢ ᠬᠥᠭᠵᠢᠭᠡᠬᠦ ᠪᠠᠷ | ᠬᠦᠴᠦᠯᠡᠵᠦ᠂ ᠨᠠᠮ ᠤᠨ ᠲᠦᠷᠦ ᠪᠠᠷᠢᠬᠤ ᠠᠩᠭᠢ ᠶᠢᠨ ᠰᠠᠭᠤᠷᠢ ᠪᠣᠯᠣᠨ ᠤᠯᠠᠨ ᠲᠦᠮᠡᠨᠴᠢ ᠰᠠᠭᠤᠷᠢ ᠶᠢ ᠲᠠᠰᠤᠷᠠᠯᠳᠡ | ᠦᠭᠡᠢ ᠪᠠᠬᠢᠵᠢᠭᠦᠯᠬᠦ ᠬᠡᠷᠡᠭᠲᠡᠢ᠃ | ᠠᠵᠢᠯᠲᠠᠨ ᠠᠵᠢᠯᠴᠢᠨ ᠢᠶᠠᠷ ᠭᠤᠣᠯ ᠪᠤᠯᠭᠠᠬᠰᠠᠨ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠤ᠂ ᠠᠵᠢᠯᠲᠠᠨ | ᠠᠵᠢᠯᠴᠢᠨ ᠲᠦᠮᠡᠨ ᠳᠤ ᠦᠨᠡᠨ ᠰᠡᠳᠬᠢᠯ ᠠᠴᠠ ᠪᠠᠨ ᠦᠢᠯᠡᠴᠢᠯᠡᠨ᠂ ᠠᠵᠢᠯᠲᠠᠨ ᠠᠵᠢᠯᠴᠢᠨ ᠤ ᠪᠦᠭᠦ ᠲᠠᠯ᠎ᠠ ᠶᠢᠨ | ᠬᠥᠭᠵᠢᠯᠲᠡ ᠶᠢ ᠠᠬᠢᠭᠤᠯᠬᠤ ᠬᠡᠷᠡᠭᠲᠡᠢ᠃ ᠭᠦᠳᠡᠯᠮᠦᠷᠢ ᠶᠢᠨ ᠬᠠᠤᠯᠢ ᠴᠠᠭᠠᠵᠠ ᠳᠦᠷᠢᠮ ᠲᠣᠭᠲᠠᠭᠠᠯ ᠢ | ᠲᠡᠭᠦᠯᠳᠡᠷᠵᠢᠭᠦᠯᠬᠦ ᠶᠢ ᠠᠬᠢᠭᠤᠯᠵᠤ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠢᠶᠠᠷ ᠦᠨᠳᠦᠰᠦᠨ | ᠭᠡᠯᠪᠡᠷᠢ ᠪᠤᠯᠭᠠᠬᠰᠠᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠷᠠᠳᠴᠢᠯᠠᠭᠰᠠᠨ ᠬᠠᠮᠢᠶᠠᠷᠤᠯᠲᠠ ᠶᠢᠨ | ᠳᠦᠷᠢᠮ ᠢ ᠪᠦᠷᠢᠨᠰᠢᠭᠦᠯᠵᠦ᠂ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ ᠢᠳᠡᠪᠬᠢᠲᠡᠢ ᠪᠠᠶᠢᠭᠤᠯᠵᠤ᠂ | ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠤᠷ᠎ᠠ | ᠴᠢᠳᠠᠪᠤᠷᠢ ᠶᠢᠨ ᠪᠣᠯᠪᠠᠰᠤᠷᠠᠯ᠂ ᠣᠷᠣᠯᠭ᠎ᠠ ᠶᠢᠨ ᠬᠤᠪᠢᠶᠠᠷᠢᠯᠠᠯᠲᠠ᠂ ᠠᠶᠤᠯᠭᠦᠢ ᠦᠢᠯᠡᠳᠪᠦᠷᠢᠯᠡᠯ᠂ ᠭᠦᠳᠡᠯᠮᠦᠷᠢ ᠶᠢᠨ | ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠵᠤ᠂ ᠠᠵᠢᠯᠲᠠᠨ ᠠᠵᠢᠯᠴᠢᠨ ᠤ ᠡᠷᠬᠡ ᠠᠰᠢᠭ ᠢ | ᠬᠠᠮᠠᠭᠠᠯᠠᠬᠤ ᠦᠢᠯᠡᠴᠢᠯᠡᠭᠡᠨ ᠤ ᠠᠵᠢᠯ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠥᠷᠭᠡᠨ ᠤᠯᠠᠨ | ᠬᠥᠳᠡᠯᠮᠦᠷᠢᠴᠢᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ | ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ | ᠠᠵᠢᠯᠴᠢᠨ ᠤ ᠡᠪᠯᠡᠯ ᠤᠨ ᠥᠭᠡᠷᠡᠴᠢᠯᠡᠯᠲᠡ ᠪᠠ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠲᠥᠯᠥᠨ | ᠳᠠᠭᠠᠭᠤᠯᠬᠤ ᠬᠦᠴᠦᠨ᠂ ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠳᠠ ᠦᠭᠡᠢ | ᠴᠢᠩᠭᠠᠳᠬᠠᠬᠤ ᠬᠡᠷᠡᠭᠲᠡᠢ᠃ ᠠᠵᠢᠯᠴᠢᠨ ᠤ ᠡᠪᠯᠡᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠭᠦ ᠲᠠᠯ᠎ᠠ ᠪᠠᠷ | ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠥᠨᠳᠥᠷ ᠬᠡᠪ | ᠪᠣᠯᠪᠠᠰᠤᠷᠠᠯ ᠲᠠᠢ ᠲᠤᠰᠬᠠᠶᠢᠵᠢᠭᠰᠠᠨ ᠠᠵᠢᠯᠴᠢᠨ ᠤ ᠡᠪᠯᠡᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ | ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢ ᠴᠢᠩᠭᠠᠳᠬᠠᠬᠤ ᠥᠭᠡᠷᠡᠴᠢᠯᠡᠯᠲᠡ ᠶᠢᠨ | ᠴᠢᠭᠯᠡᠯ ᠢ ᠪᠠᠲᠤ ᠡᠵᠡᠮᠳᠡᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠪᠠᠶᠢᠭᠤᠯᠤᠨ ᠬᠦᠴᠦᠷᠬᠡᠭᠵᠢᠭᠦᠯᠵᠦ᠂ | ᠦᠢᠯᠡᠴᠢᠯᠡᠭᠡᠨ ᠤ ᠬᠦᠷᠢᠶ᠎ᠡ ᠶᠢ ᠥᠷᠭᠡᠳᠬᠡᠨ᠂ ᠠᠵᠢᠯᠯᠠᠬᠤ ᠠᠷᠭ᠎ᠠ ᠶᠢᠨ ᠰᠢᠨ᠎ᠡ ᠶᠢ ᠡᠭᠦᠳᠴᠦ᠂ ᠢᠮᠠᠭᠲᠠ ᠠᠵᠢᠯᠲᠠᠨ | ᠠᠵᠢᠯᠴᠢᠨ ᠲᠦᠮᠡᠨ ᠤ ᠢᠲᠡᠭᠡᠯᠲᠡᠢ ᠳᠣᠲᠣᠨᠣ ᠬᠥᠮᠥᠨ᠂ ᠲᠥᠷᠬᠦᠮ ᠤᠨ ᠬᠥᠮᠥᠨ ᠪᠤᠯᠬᠤ ᠬᠡᠷᠡᠭᠲᠡᠢ᠃ | ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠤᠯᠤᠰ ᠤᠨ | ᠠᠵᠢᠯᠴᠢᠳ ᠯᠤᠭ᠎ᠠ ᠶᠢᠨ ᠨᠥᠬᠦᠷᠯᠡᠯ ᠢᠶᠠᠨ ᠵᠤᠵᠠᠭᠠᠳᠬᠠᠬᠤ ᠬᠡᠷᠡᠭᠲᠡᠢ᠃ | ᠠᠵᠢᠯᠴᠢᠨ ᠤ ᠬᠥᠳᠡᠯᠭᠡᠭᠡᠨ ᠤ ᠦᠢᠯᠡᠰ ᠪᠣᠯ ᠨᠠᠮ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ᠃ | ᠡᠯ᠎ᠡ ᠱᠠᠲᠤᠨ ᠤ ᠨᠠᠮ ᠤᠨ ᠬᠤᠷᠢᠶ᠎ᠠ ᠠᠵᠢᠯᠴᠢᠨ ᠤ ᠡᠪᠯᠡᠯ ᠳᠠᠬᠢ ᠤᠳᠤᠷᠢᠳᠤᠯᠭ᠎ᠠ ᠪᠠᠨ ᠴᠢᠩᠭᠠᠳᠬᠠᠨ | ᠰᠠᠶᠢᠵᠢᠷᠠᠭᠤᠯᠵᠤ᠂ ᠠᠵᠢᠯᠴᠢᠨ ᠤ ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠴᠠᠭ | ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠠᠵᠢᠯᠴᠢᠨ ᠤ ᠡᠪᠯᠡᠯ ᠤᠨ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ᠃ | ᠨᠥᠬᠦᠳ ᠠ᠋᠂ ᠨᠠᠶᠢᠵᠠ ᠨᠠᠷ ᠠ᠋︕ | 100 ᠵᠢᠯ ᠤᠨ ᠡᠮᠦᠨ᠎ᠡ ᠬᠤᠶᠠᠳᠤᠭᠠᠷ ᠤᠳᠠᠭ᠎ᠠ ᠶᠢᠨ ᠪᠦᠭᠦ ᠤᠯᠤᠰ ᠤᠨ ᠬᠥᠳᠡᠯᠮᠦᠷᠢᠴᠢᠳ ᠤᠨ ᠶᠡᠭᠡ ᠬᠤᠷᠠᠯ | ᠠᠮᠵᠢᠯᠲᠠ ᠲᠠᠢ ᠲᠡᠭᠦᠰᠬᠦ ᠦᠶ᠎ᠡ ᠳᠤ ︽ᠲᠡᠮᠡᠴᠡᠶ᠎ᠡ᠂ ᠲᠡᠮᠡᠴᠡᠶ᠎ᠡ᠂ ᠡᠴᠦᠰ ᠲᠤᠨᠢ ᠲᠤᠯᠲᠠᠯ᠎ᠠ ᠲᠡᠮᠡᠴᠡᠶ᠎ᠡ︾ ᠭᠡᠬᠦ | ᠤᠷᠢᠶ᠎ᠠ ᠪᠦᠭᠦ ᠲᠠᠯᠠᠪᠠᠢ ᠳᠤ ᠴᠤᠤᠷᠢᠶᠠᠲᠤᠵᠤ᠂ ᠲᠦᠭ ᠲᠦᠮᠡᠨ ᠬᠥᠳᠡᠯᠮᠦᠷᠢᠴᠢᠨ ᠲᠦᠮᠡᠨ ᠤ ᠬᠦᠴᠢᠷ ᠪᠡᠷᠬᠡᠰᠢᠶᠡᠯ ᠲᠠᠢ | ᠬᠤᠪᠢᠰᠬᠠᠯ ᠤᠨ ᠣᠨ ᠰᠠᠷ᠎ᠠ ᠳᠤ ᠴᠥᠬᠦᠷᠡᠰᠢ ᠦᠭᠡᠢ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠬᠤ ᠶᠢ | ᠵᠣᠷᠢᠭᠵᠢᠭᠤᠯᠵᠠᠢ᠃ ᠥᠨᠥᠳᠥᠷ ᠨᠠᠮ ᠠᠴᠠ 14 ᠳ᠋ᠦᠩᠰᠢᠭᠤᠷ ᠭᠠᠷᠤᠢ ᠠᠷᠠᠳ ᠲᠦᠮᠡᠨ ᠢ ᠤᠳᠤᠷᠢᠳᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠤᠷᠮ᠎ᠠ ᠵᠣᠷᠢᠭ ᠪᠠᠳᠠᠷᠠᠩᠭᠤᠢ ᠡᠷᠡᠯᠬᠡᠭᠯᠡᠨ | ᠤᠷᠤᠭᠰᠢᠯᠠᠵᠤ ᠪᠠᠶᠢᠨ᠎ᠠ᠃ ᠴᠠᠭ ᠦᠶ᠎ᠡ ᠠᠳᠠᠯᠢ ᠦᠭᠡᠢ᠂ ᠡᠭᠦᠷᠭᠡ ᠬᠠᠷᠢᠭᠤᠴᠠᠯᠭ᠎ᠠ ᠬᠤᠪᠢᠷᠠᠯᠲᠠ ᠲᠠᠢ ᠪᠣᠯᠤᠭᠰᠠᠨ | ᠪᠤᠯᠪᠠᠴᠤ ᠲᠡᠰᠪᠦᠷᠢ ᠬᠠᠲᠠᠭᠤᠵᠢᠯᠲᠠᠢ ᠲᠡᠮᠡᠴᠡᠬᠦ᠂ ᠪᠦᠯᠬᠦᠮᠳᠡᠨ ᠲᠡᠮᠡᠴᠡᠬᠦ᠂ ᠴᠥᠬᠦᠷᠡᠰᠢ ᠦᠭᠡᠢ ᠲᠡᠮᠡᠴᠡᠬᠦ ᠵᠣᠷᠢᠭ | ᠰᠠᠨᠠᠭ᠎ᠠ ᠬᠡᠵᠢᠶᠡᠳᠡ ᠬᠤᠪᠢᠷᠠᠰᠢ ᠦᠭᠡᠢ ᠶᠤᠮ᠃ ᠪᠢᠳᠠ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ | ᠨᠢᠭᠲᠠᠷᠠᠨ ᠪᠦᠯᠬᠦᠮᠳᠡᠵᠦ᠂ ᠯᠠᠪᠳᠠᠭᠤᠨ ᠪᠠᠲᠤᠲᠠᠢ ᠠᠵᠢᠯᠯᠠᠨ᠂ ᠵᠣᠷᠢᠭ ᠢᠶᠠᠨ ᠬᠥᠪᠴᠢᠯᠡᠨ ᠤᠷᠤᠭᠰᠢᠯᠠᠵᠤ᠂ ᠡᠷᠡᠯᠬᠡᠭᠯᠡᠨ | ᠲᠡᠮᠡᠴᠡᠵᠦ ᠬᠤᠪᠢ ᠨᠡᠮᠡᠷᠢ ᠦᠵᠡᠭᠦᠯᠵᠦ᠂ ᠡᠭᠦᠳᠦᠨ ᠪᠦᠲᠦᠭᠡᠯᠲᠡ ᠪᠠᠷ ᠰᠢᠨ᠎ᠡ ᠴᠠᠭ ᠦᠶ᠎ᠡ ᠶᠢ ᠬᠦᠷᠢᠶᠡᠯᠡᠵᠦ᠂ | ᠵᠢᠳᠬᠦᠯ ᠲᠡᠮᠡᠴᠡᠯ ᠢᠶᠠᠷ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠤᠭ᠎ᠠ ᠲᠥᠰᠥᠪ ᠢ ᠠᠯᠬᠤᠮ ᠠᠯᠬᠤᠮ ᠢᠶᠠᠷ ᠯᠠᠪᠳᠠᠭᠤᠨ ᠪᠠᠲᠤᠲᠠᠢ | ᠪᠣᠳᠠᠲᠤ ᠠᠬᠤᠢ ᠪᠣᠯᠭᠠᠨ ᠬᠤᠪᠢᠷᠠᠭᠤᠯᠤᠶ᠎ᠠ︕ | |