ᠪᠤᠰᠤᠳ ᠢ ᠪᠠᠶᠢᠡᠭᠭᠤ ᠳᠡᠮᠵᠢᠳᠡᠭ ᠪᠤᠶᠠᠨᠰᠠᠭ ᠪᠦᠰᠡᠭᠦ᠋ᠢᠴᠣᠳ ᠤᠨ ᠬᠤᠯᠪᠤᠭ᠎ᠠ
ᠨᠡᠶᠢᠲᠡᠯᠡᠭᠰᠡᠨ ᠴᠠᠭ᠄
2025/4/8
      ᠪᠦᠯᠬᠦᠮᠳᠡᠯ ᠢ ᠡᠷᠬᠢᠮᠯᠡᠵᠦ᠂ ᠰᠠᠶᠢᠨ ᠲᠤᠷ᠎ᠠ ᠠᠴᠠ ᠪᠠᠨ ᠪᠤᠰᠤᠳ ᠤᠨ ᠬᠦᠴᠢᠷᠳᠡᠯ ᠢ ᠬᠤᠪᠢᠶᠠᠯᠴᠠᠵᠤ ᠶᠠᠪᠤᠭ᠎ᠠ ᠰᠠᠶᠢᠨ ᠰᠠᠨᠠᠭᠠᠳᠤ ᠬᠦᠮᠦᠰ ᠰᠢᠨ᠎ᠡ ᠴᠠᠭ ᠦᠶ᠎ᠡ ᠶᠢᠨ ᠪᠠᠭ᠋ᠠᠷᠬᠠᠯ ᠪᠤᠯᠵᠤ ᠰᠤᠨᠤᠷ ᠮᠢᠯᠢᠶᠠᠨ᠎ᠠ᠃ ᠵᠡᠬᠦᠨ ᠦᠵᠦᠮᠦᠴᠢᠨ ᠬᠤᠰᠢᠭᠤᠨ ᠳᠤ ᠶᠠᠳᠠᠵᠤ ᠵᠦᠳᠡᠭᠰᠡᠨ ᠨᠢᠬᠡᠨ ᠢᠶᠠᠨ ᠲᠤᠰᠠᠯᠠᠵᠤ ᠶᠠᠪᠤᠳᠠᠭ ᠡᠮᠡᠭᠳᠡᠢ ᠰᠠᠶᠢᠨ ᠲᠤᠷᠠᠴᠤᠤᠯ ᠤᠨ ᠬᠤᠯᠪᠤᠭ᠎ᠠ ᠪᠠᠶᠢᠳᠠᠭ᠃ ︽ᠦᠵᠦᠮᠦᠴᠢᠨ ᠪᠦᠰᠡᠭᠦᠢ︾ ᠬᠤᠯᠪᠤᠭᠠᠨ ᠤ ᠨᠡᠶᠢᠳᠡᠯᠢᠭ ᠵᠢᠱᠢᠶ᠎ᠡ ᠨᠢ ᠰᠦᠯᠵᠢᠶ᠎ᠡ ᠬᠤᠯᠪᠤᠭ᠎ᠠ ᠪᠠᠷ ᠰᠠᠴᠤᠭᠳᠠᠨ᠂ ᠲᠦᠷᠪᠡᠨ ᠵᠦᠭ ᠨᠠᠢᠮᠠᠨ ᠵᠤᠪᠬᠢᠰ ᠤᠨ ᠰᠤᠨᠤᠰᠤᠭᠰᠠᠨ ᠪᠦᠬᠦᠨ ᠳᠤ ᠱᠠᠭᠰᠢᠭᠳᠠᠵᠦ ᠶᠠᠪᠤᠨ᠎ᠠ᠃ ᠪᠤᠰᠤᠳ ᠢ ᠲᠡᠮᠵᠢᠵᠦ᠂ ᠪᠤᠶᠠᠨ ᠦᠢᠯᠡᠳᠬᠦ ᠬᠦᠰᠡᠯ ᠵᠤᠷᠢᠯᠭ᠎ᠠ ᠲᠠᠢ ᠲᠤᠰ ᠬᠤᠯᠪᠤᠭ᠎ᠠ ᠶᠢ ᠵᠡᠬᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ᠬᠠᠨ ᠠᠭᠤᠯᠠ ᠭᠠᠴᠠᠭᠠᠨ ᠤ ᠰᠤᠶᠤᠯᠴᠢᠮᠡᠭ 2021 ᠤᠨ ᠤ 2 ᠰᠠᠷ᠎ᠠ ᠳᠤ ᠰᠠᠨᠠᠭᠠᠴᠢᠯᠠᠨ ᠪᠠᠶᠢᠭᠤᠯᠵᠠᠢ᠃ ᠠᠩᠬ᠎ᠠ ᠡᠬᠢᠯᠡᠭᠡᠳ ᠠᠷᠪᠠᠭᠠᠳ ᠬᠦᠮᠦᠨ ᠲᠠᠢ ᠪᠠᠶᠢᠭᠰᠠᠨ ᠢᠶᠠᠨ ᠤᠳᠤ ᠪᠤᠯᠬᠤ ᠳᠤ 66 ᠬᠡᠰᠢᠬᠦᠨ ᠲᠠᠢ ᠪᠤᠯᠵᠤ ᠦᠷᠬᠡᠵᠢᠪᠡ᠃ ᠬᠦᠴᠢᠷᠳᠡᠯ ᠬᠠᠮᠢᠭ᠎ᠠ ᠪᠠᠶᠢᠪᠠᠯ ᠬᠦᠰᠡᠯ ᠰᠡᠳᠬᠢᠯ ᠨᠢ ᠲᠡᠨᠳᠡ ᠬᠦᠷᠳᠡᠭ ᠳᠡᠳᠡᠨ ᠤ ᠬᠤᠯᠪᠤᠭ᠎ᠠ ᠤᠯᠠᠨ ᠬᠤᠯᠪᠤᠭᠠᠨ ᠤ ᠲᠤᠳᠤᠷ᠎ᠠ ᠦᠪᠡᠷᠮᠢᠴᠡ ᠤᠨᠴᠠᠯᠢᠭ ᠢᠶᠠᠷ ᠢᠶᠠᠨ ᠬᠢᠯᠠᠷᠠᠵᠦ ᠶᠠᠪᠤᠨ᠎ᠠ᠃ ᠬᠤᠯᠪᠤᠭᠠᠨ ᠤ ᠬᠢᠨ ᠪᠠᠶᠠᠷ ᠲᠤᠷᠠᠰᠬᠠᠯ ᠤᠨ ᠡᠳᠦᠷ ᠢ ᠲᠤᠬᠢᠶᠠᠯᠳᠤᠭᠤᠯᠤᠨ᠂ ᠪᠡᠶ᠎ᠡ ᠪᠠᠭᠤᠷᠠᠢ ᠪᠠ ᠭᠠᠭᠴᠠ ᠪᠡᠶ᠎ᠡ ᠨᠠᠰᠤᠳᠠᠶᠢᠴᠤᠳ᠂ ᠠᠮᠢᠳᠤᠷᠠᠯ ᠨᠢ ᠤᠨᠴᠠ ᠬᠦᠴᠢᠷᠳᠡᠯᠳᠡᠢ ᠰᠤᠷᠤᠭᠴᠢ᠂ ᠵᠡᠮᠳᠡᠭ ᠬᠡᠦᠬᠡᠳ ᠵᠡᠷᠭᠡ ᠨᠡᠶᠢᠬᠡᠮ ᠤᠨ ᠲᠤᠷᠤᠢ ᠪᠠᠭᠤᠷᠠᠢ ᠬᠦᠮᠦᠰ ᠢ ᠤᠯᠠᠨ ᠤᠳᠠᠭ᠎ᠠ ᠲᠠᠮᠵᠢᠨ ᠲᠤᠰᠠᠯᠠᠬᠤ ᠠᠵᠢᠯᠯᠠᠭ᠎ᠠ ᠦᠷᠨᠢᠬᠦᠯᠵᠦ᠂ ᠲᠤᠰᠠᠯᠠᠭᠰᠠᠨ ᠮᠦᠡᠭᠬᠦ ᠨᠢ 3 ᠲᠦᠮᠡ ᠭᠠᠷᠤᠢ ᠲᠦᠭᠦᠷᠢᠭ ᠲᠤ ᠬᠦᠷᠴᠡᠢ᠃ ᠲᠡᠳᠡ 2024 ᠤᠨ ᠤ 6 ᠰᠠᠷ᠎ᠠ ᠶᠢᠨ 1 ᠤ ᠡᠳᠦᠷ᠂ ᠬᠦᠬᠡᠨᠠᠭᠤᠷ ᠮᠤᠵᠢ ᠶᠢᠨ ᠶᠠᠳᠠᠭᠤ ᠬᠡᠦᠬᠡᠳ ᠲᠤ ᠤᠯᠠᠨ ᠬᠤᠪᠴᠠᠰᠦ ᠬᠤᠨᠠᠷ ᠭᠤᠪᠢᠭᠤᠯᠵᠤ ᠲᠡᠮᠵᠢᠨ ᠲᠤᠰᠠᠯᠠᠪᠠ᠃ ᠬᠤᠯᠪᠤᠭᠠᠨ ᠤ ᠡᠷᠬᠢᠯᠡᠭᠰᠡᠨ ᠦᠢᠯᠡ ᠶᠠᠪᠤᠳᠠᠯ ᠨᠢ ᠨᠠᠮ ᠵᠠᠰᠠᠭ ᠪᠠ ᠤᠯᠠᠨ ᠲᠦᠮᠡᠨ ᠤ ᠰᠠᠶᠢᠨ ᠦᠨᠡᠯᠡᠯᠳᠡ ᠶᠢ ᠤᠯᠤᠭᠰᠠᠨ ᠮᠦᠷᠳᠡᠬᠡᠨ 2023 — 2024 ᠤᠨ ᠳᠤ ᠬᠠᠳᠠᠪᠴᠢ ᠪᠠᠯᠭᠠᠰᠤᠨ ᠤ ᠪᠠᠨ ︽ᠬᠠᠮᠤᠭ ᠤᠨ ᠭᠤᠶᠤ ᠰᠠᠶᠢᠨ ᠲᠤᠷᠠᠴᠤᠤᠯ︾᠂ ︽ᠬᠠᠮᠤᠭ ᠤᠨ ᠰᠠᠶᠢᠨ ᠬᠠᠯᠠᠭᠤᠨ ᠰᠡᠳᠬᠢᠯᠳᠦ ᠠᠨᠢᠶ᠎ᠠ︾ ᠪᠠᠷ ᠦᠨᠡᠯᠡᠭᠳᠡᠵᠦ᠂ ᠱᠠᠩᠨᠠᠯ ᠤᠷᠮᠠᠰᠢᠭᠤᠯᠤᠯ ᠲᠤᠰᠴᠠᠢ᠃ ᠰᠤᠶᠤᠯᠴᠢᠮᠡᠭ ᠪᠠᠰᠠ 2025 ᠤᠨ ᠤ ᠡᠬᠢᠨ ᠳᠤ ︽ᠦᠵᠦᠮᠦᠴᠢᠨ ᠵᠠᠯᠠᠭᠤᠰ︾ ᠬᠤᠶᠠᠳᠤᠭᠠᠷ ᠪᠤᠶᠠᠨ ᠤ ᠬᠤᠯᠪᠤᠭ᠎ᠠ ᠪᠠᠨ ᠪᠠᠶᠢᠭᠤᠯᠵᠤ᠂ ᠬᠤᠰᠢᠭᠤᠨ ᠤ ᠪᠠᠨ ᠨᠠᠰᠤᠳᠠᠶᠢᠴᠤᠳ ᠤᠨ ᠲᠤᠭᠤᠷᠢᠭ ᠲᠤ ᠬᠦᠷᠴᠦ᠂ ᠬᠡᠷ ᠴᠡᠪᠡᠷᠯᠡᠬᠦ᠂ ᠦᠰᠦ ᠵᠠᠰᠠᠬᠤ ᠵᠡᠷᠬᠡ ᠰᠠᠶᠢᠨ ᠲᠤᠷ᠎ᠠ ᠶᠢᠨ ᠦᠢᠯᠡᠴᠢᠯᠡᠭᠡ ᠬᠠᠨᠭ᠍ᠭᠠᠵᠠᠢ᠃  ᠰᠤᠶᠤᠯᠴᠢᠮᠡᠭ᠄ ︽ ᠲᠤᠷᠠᠳᠠᠢ  ᠶᠠᠭᠤᠮ᠎ᠠ  ᠪᠠᠨ  ᠬᠢᠵᠦ ᠶᠠᠪᠤᠬᠤ  ᠨᠢ  ᠡᠷᠬᠢᠮ  ᠨᠠᠨᠳᠢᠨ ᠶᠤᠮ᠃  ᠪᠢᠳᠡ  ᠡᠨᠡᠬᠦ ᠠᠵᠢᠯᠯᠠᠭ᠎ᠠ  ᠪᠠᠨ ᠦᠷᠬᠦᠯᠵᠢᠯᠡᠨ ᠶᠠᠪᠤᠭᠳᠠᠭᠤᠯᠤᠨ᠎ᠠ︾  ᠭᠡᠵᠦ ᠪᠤᠳᠤᠯ  ᠢᠶᠠᠨ  ᠲᠡᠯᠬᠡᠵᠦ  ᠪᠢᠯᠡ᠃    
 
ᠢᠷᠡᠯᠲᠡ᠄ ᠰᠢᠯᠢ ᠶᠢᠨ ᠬᠤᠳᠠ ᠶᠢᠨ ᠵᠠᠰᠠᠭ ‍ᠤᠨ‌ᠮᠤᠩᠭᠤᠯ ᠰᠥᠯᠵᠢᠶ᠎ᠠ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号