ᠡᠨᠡ ᠵᠢᠯ ᠠᠴᠠ ᠨᠠᠭᠠᠰᠢ᠂ ᠪᠦᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ | ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠦᠰᠦᠪᠯᠡᠬᠦ | ᠠᠵᠢᠯᠯᠠᠭ᠎ᠠ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠠᠶᠢᠮᠠᠭ ᠤᠨ | ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠲᠥᠷᠥᠯ ᠵᠦᠢᠯ ᠤᠨ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠡᠵᠡᠮᠰᠢᠵᠦ᠂ ᠡᠯ᠎ᠡ ᠲᠥᠷᠥᠯ ᠤᠨ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ᠂ | ᠠᠵᠢᠯ ᠣᠯᠭᠤᠯᠲᠠ ᠶᠢ ᠠᠬᠢᠭᠤᠯᠬᠤ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠵᠢᠯ | ᠤᠯᠭᠤᠯᠲᠠ ᠶᠢᠨ ᠦᠢᠯᠡᠴᠢᠯᠡᠭᠡ ᠬᠠᠨᠭ᠍ᠭᠠᠬᠤ ᠠᠵᠢᠯ ᠢ ᠰᠠᠶᠢᠳᠤᠷ ᠬᠢᠪᠡ᠃ ᠰᠢᠯᠢ ᠶᠢᠨ ᠭᠤᠣᠯ ᠠᠶᠢᠮᠠᠭ ᠤᠨ 2025 | ᠣᠨ ᠤ ᠬᠠᠪᠤᠷ ᠤᠨ ᠤᠯᠠᠷᠢᠯ ᠤᠨ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠶ ᠳᠤ | 186 ᠠᠵᠤ ᠠᠬᠤᠶᠢᠯᠠᠯ 3000 ᠰᠢᠬᠠᠮ ᠠᠵᠢᠯ ᠤᠨ ᠪᠠᠶᠢᠷᠢ ᠬᠠᠩᠭᠠᠬᠰᠠᠨ ᠪᠠᠶᠢᠨ᠎ᠠ᠃ ︽ᠠᠵᠢᠯᠲᠠᠨ ᠡᠯᠰᠡᠬᠦ | ᠠᠵᠢᠯ ᠤᠨ ᠪᠠᠶᠢᠷᠢ ᠲᠦᠢᠯ ᠤᠨ ᠣᠯᠠᠨ ᠪᠠᠶᠢᠵᠦ᠂ ᠲᠡᠭᠦᠨ ᠤ ᠳᠣᠲᠣᠷᠠᠬᠢ ᠮᠠᠰᠢ ᠣᠯᠠᠨ ᠠᠵᠢᠯ ᠤᠨ ᠪᠠᠶᠢᠷᠢ ᠨᠢ ᠮᠢᠨᠦ | ᠬᠦᠰᠡᠯ ᠵᠤᠷᠢᠯᠲᠠ ᠲᠠᠢ ᠨᠡᠶᠢᠴᠡᠵᠦ ᠪᠠᠶᠢᠨ᠎ᠠ᠂ ᠪᠢ ᠲᠤᠰ ᠤᠳᠠᠭ᠎ᠠ ᠬᠤᠯᠪᠤᠬᠳᠠᠯ ᠪᠦᠬᠦᠢ ᠠᠵᠦ ᠠᠬᠤᠶᠢᠯᠠᠯ ᠳᠤ | ᠦᠪᠡᠷ ᠤᠨ ᠢᠶᠠᠨ ᠲᠣᠪᠴᠢ ᠨᠠᠮᠲᠠᠷ ᠢ 3 ᠬᠤᠪᠢ ᠲᠠᠪᠰᠢᠬᠦᠯᠵᠠᠢ᠂ ᠮᠦᠷᠦᠭᠡᠳᠴᠦ ᠪᠠᠭ᠋ᠠᠷᠬᠠᠳᠠᠭ ᠠᠵᠤ | ᠠᠬᠤᠶᠢᠯᠠᠯ ᠳᠠᠭᠠᠨ ᠬᠦᠷᠴᠦ ᠠᠵᠢᠯᠯᠠᠬᠤ ᠶᠢ ᠬᠦᠰᠡᠵᠦ ᠪᠠᠶᠢᠨ᠎ᠠ︾ ᠭᠡᠵᠦ ᠶᠡᠭᠡ ᠰᠤᠷᠭᠠᠭᠤᠯᠢ ᠪᠠᠨ ᠰᠠᠶ᠋ᠢᠬᠠᠨ | ᠲᠡᠭᠦᠰᠭᠡᠭᠰᠡᠨ ᠤᠶᠤᠲᠠᠨ ᠯᠢᠦ ᠵᠢᠶᠠ ᠬᠡᠯᠡᠪᠡ᠃ ᠠᠵᠢᠯ ᠡᠷᠢᠭᠰᠡᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠬᠤ ᠶᠢᠨ ᠲᠥᠯᠥᠭᠡ ᠪᠥᠬᠦ ᠠᠶᠢᠮᠠᠭ ᠤᠨ ᠡᠯ᠎ᠡ ᠱᠠᠲᠤᠨ ᠤ ᠠᠵᠢᠯ ᠣᠯᠭᠤᠯᠲᠠ ᠶᠢᠨ ᠰᠠᠯᠠᠭ᠎ᠠ ᠮᠥᠴᠢᠷ ᠤᠳ | ᠠᠵᠢᠯ ᠢᠶᠠᠨ ᠡᠬᠢᠯᠡᠬᠦᠯᠵᠦ ᠦᠢᠯᠡᠳᠪᠦᠷᠢᠯᠡᠯ ᠢᠶᠠᠨ ᠰᠡᠷᠭᠦᠭᠡᠬᠦ᠂ ᠮᠠᠯᠴᠢᠨ ᠲᠠᠷᠢᠶᠠᠴᠢᠨ ᠤ ᠠᠵᠢᠯ ᠤᠨ ᠪᠠᠶᠢᠷᠢ ᠳᠠᠭᠠᠨ | ᠪᠤᠴᠠᠬᠤ ᠵᠠᠩᠭᠢᠯᠠᠭ᠎ᠠ ᠶᠢᠨ ᠬᠤᠭᠤᠴᠠᠭ᠎ᠠ ᠶᠢ ᠵᠠᠪᠳᠤᠨ ᠠᠳᠬᠤᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠢ ᠣᠯᠠᠨ ᠤᠳᠠᠭ᠎ᠠ ᠡᠷᠭᠢᠯᠡᠠ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ᠂ ᠭᠠᠳᠠᠬᠰᠢ ᠭᠠᠷᠴᠦ ᠬᠦᠯᠦᠰᠦᠨ ᠠᠵᠢᠯ ᠬᠢᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ | ᠵᠡᠷᠭᠡ ᠭᠤᠣᠯᠳᠠᠯᠭ᠎ᠠ ᠲᠠᠢ ᠬᠦᠮᠦᠰ ᠲᠤ ᠬᠠᠨᠳᠤᠭᠤᠯᠤᠨ ᠨᠠᠷᠢᠯᠢᠭ ᠤᠨᠤᠪᠴᠢᠲᠠᠢ ᠠᠵᠢᠯ ᠣᠯᠭᠤᠯᠲᠠ ᠶᠢᠨ | ᠦᠢᠯᠡᠴᠢᠯᠡᠭᠡ ᠬᠠᠩᠭᠠᠪᠠ᠃ ᠣᠳᠤᠬᠠᠨ ᠪᠣᠯᠲᠠᠯ᠎ᠠ᠂ ᠪᠥᠬᠦ ᠠᠶᠢᠮᠠᠭ ᠤᠨ ᠬᠢᠨ ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠠᠵᠢᠯᠯᠠᠭ᠎ᠠ ᠶᠢ 56 ᠲᠠᠯᠠᠪᠤᠷ ᠤᠳᠠᠭ᠎ᠠ ᠵᠣᠬᠢᠶᠠᠨ ᠪᠠᠶᠢᠭᠤᠯᠵᠤ᠂ | 1200 ᠬᠥᠮᠥᠨ ᠠᠵᠢᠯ ᠣᠯᠬᠤ ᠰᠠᠨᠠᠮᠵᠢ ᠲᠤᠬᠲᠠᠪᠠ᠃ ᠠᠵᠢᠯᠲᠠᠨ ᠡᠯᠰᠡᠬᠦ ᠠᠵᠢᠯᠯᠠᠭ᠎ᠠ ᠶᠢ ᠲᠥᠪᠯᠡᠷᠡᠭᠦᠯᠦᠨ | ᠵᠣᠬᠢᠶᠠᠨ ᠪᠠᠶᠢᠭᠤᠯᠵᠤ᠂ ᠬᠥᠳᠡᠯᠮᠦᠷᠢᠴᠢᠳ ᠤᠨ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠠ ᠠᠵᠤ | ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢᠨ ᠬᠠᠮᠲᠦ ᠮᠠᠨ ᠤ ᠠᠶᠢᠮᠠᠭ ᠠᠵᠤ ᠠᠬᠤᠶᠢᠯᠠᠯ ᠳᠤ | ᠭᠦᠨᠵᠡᠭᠡᠶᠢᠷᠡᠨ ᠠᠵᠢᠯ ᠤᠨ ᠪᠠᠶᠢᠷᠢ ᠶᠢᠨ ᠬᠡᠷᠡᠭᠴᠡᠭᠡ ᠶᠢ ᠣᠶᠢᠯᠠᠭᠠᠵᠤ᠂ ︽ᠠᠵᠢᠯ ᠪᠠᠶᠢᠭᠠᠳ ᠬᠢᠬᠦ ᠬᠥᠮᠥᠨ ᠦᠭᠡᠢ︾ | ᠠᠵᠢᠯ ᠤᠨ ᠪᠠᠶᠢᠷᠢ ᠶᠢᠨ ᠲᠣᠳᠣᠷᠬᠠᠢ ᠬᠠᠭᠤᠳᠠᠰᠤ᠂ ︽ᠬᠦᠮᠦᠨ ᠪᠠᠶᠢᠭᠠᠳ ᠬᠢᠬᠦ ᠠᠵᠢᠯ ᠦᠭᠡᠢ︾ ᠠᠵᠢᠯᠲᠠᠨ ᠤ | ᠲᠣᠳᠣᠷᠬᠠᠢ ᠬᠠᠭᠤᠳᠠᠰᠤ ᠪᠠ ︽ᠨᠢᠭᠡᠳ ᠨᠢᠭᠡ ᠪᠠᠷ ᠦᠢᠯᠡᠴᠢᠯᠡᠬᠦ︾ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠲᠤᠰᠢᠶᠠᠯᠲᠠᠨ ᠤ ᠲᠣᠳᠣᠷᠬᠠᠢ ᠬᠠᠭᠤᠳᠠᠰᠤ ᠶᠢ | ᠪᠦᠲᠦᠮᠵᠢᠲᠡᠶ ᠪᠠᠶᠢᠭᠤᠯᠵᠠᠢ᠃ ᠵᠢᠯ ᠤᠨ ᠡᠬᠢᠨ ᠠᠴᠠ ᠨᠠᠭᠠᠰᠢ᠂ ᠪᠥᠬᠦ ᠠᠶᠢᠮᠠᠭ ᠤᠨ ᠡᠯ᠎ᠡ ᠱᠠᠲᠤᠨ ᠤ ᠠᠵᠢᠯ | ᠣᠯᠭᠤᠯᠲᠠ ᠶᠢᠨ ᠰᠠᠯᠠᠭ᠎ᠠ ᠮᠥᠴᠢᠷ ᠤᠳ ᠲᠤᠬᠠᠢ ᠶᠢᠨ ᠭᠠᠵᠠᠷ ᠲᠤᠨᠢ ᠬᠦᠨᠵᠡᠭᠡᠶᠢᠷᠡᠬᠦ᠂ ᠠᠰᠠᠭᠤᠯᠲᠠ ᠶᠢᠨ | ᠬᠠᠭᠤᠳᠠᠰᠤ ᠪᠠᠷ ᠪᠠᠶᠢᠴᠠᠭᠠᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠣᠶ | ᠰᠢᠭᠤᠢ ᠤᠰᠤ᠂ ᠠᠭᠤᠷᠬᠠᠢ ᠮᠠᠯᠲᠠᠬᠤ ᠲᠡᠮᠦᠷᠯᠢᠭ ᠪᠤᠯᠪᠠᠰᠤᠷᠠᠭᠤᠯᠬᠤ᠂ ᠰᠣᠶᠣᠯ ᠵᠢᠭᠤᠯᠴᠢᠯᠠᠯ᠂ ᠠᠷᠠᠯᠵᠢᠶ᠎ᠠ | ᠬᠤᠳᠠᠯᠳᠤᠭᠠᠨ ᠤ ᠭᠦᠢᠯᠭᠡᠭᠡ᠂ ᠰᠠᠩ ᠬᠥᠮᠥᠷᠭᠡ ᠶᠢᠨ ᠪᠠᠷᠠᠭᠠᠨ ᠤ ᠭᠦᠢᠯᠭᠡᠭᠡ ᠵᠡᠷᠭᠡ 1521 ᠠᠵᠤ ᠠᠬᠤᠶᠢᠯᠠᠯ ᠳᠤ | ᠠᠵᠢᠯᠴᠢᠨ ᠬᠡᠷᠡᠭᠯᠡᠬᠦ ᠪᠠᠶᠢᠳᠠᠯ ᠤᠨ ᠲᠤᠬᠠᠢ ᠪᠠᠶᠢᠴᠠᠭᠠᠯᠲᠠ ᠬᠢᠵᠦ᠂ ᠨᠡᠶᠢᠲᠡ 50286 ᠠᠵᠢᠯᠲᠠᠨ ᠠᠵᠢᠯᠴᠢᠨ ᠤ | ᠪᠠᠶᠢᠳᠠᠯ ᠢ ᠤᠶᠢᠯᠠᠭᠠᠨ᠂ 2025 ᠣᠨ ᠤ ᠠᠵᠢᠯᠴᠢᠨ ᠬᠡᠷᠡᠭᠯᠡᠬᠦ ᠬᠡᠷᠡᠭᠴᠡᠭᠡ 19452 ᠬᠥᠮᠥᠨ ᠪᠠᠶᠢᠵᠦ᠂ ᠡᠯ᠎ᠡ | ᠠᠵᠢᠯ ᠲᠥᠷᠥᠯ ᠡᠯ᠎ᠡ ᠬᠦᠷᠢᠶ᠎ᠠ ᠶᠢ ᠦᠨᠳᠦᠰᠦᠨ ᠳᠡᠭᠡᠨ ᠪᠦᠬᠦᠨ ᠢ ᠬᠠᠮᠤᠷᠴᠠᠢ᠃ | |