2024 ᠣᠨ ᠳᠤ᠂ ᠰᠢᠯᠢ ᠶᠢᠨ ᠭᠤᠣᠯ ᠠᠶᠢᠮᠠᠭ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠪᠣᠯᠣᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠶᠢ ᠰᠠᠶᠢᠳᠤᠷ | ᠬᠡᠷᠡᠭᠵᠢᠭᠦᠯᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠥᠷᠭᠡᠳᠬᠡᠬᠦ ᠳᠤ ᠠᠩᠬᠠᠷᠤᠯ ᠢᠶᠠᠨ | ᠲᠥᠪᠯᠡᠷᠡᠭᠦᠯᠤᠨ᠂ ᠪᠦᠬᠦ ᠬᠦᠴᠦᠨ ᠢᠶᠠᠷ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ | ᠪᠠᠲᠤᠯᠠᠠ᠂ ᠴᠢᠳᠠᠪᠤᠷᠢᠲᠠᠨ ᠢ ᠴᠤᠭᠯᠠᠷᠠᠭᠤᠯᠵᠤ᠂ ᠡᠶ᠎ᠡ ᠵᠣᠬᠢᠴᠠᠩᠭᠤᠢ ᠶᠢ ᠠᠬᠢᠭᠤᠯᠤᠨ᠂ ᠠᠷᠠᠳ ᠤᠨ ᠠᠮᠢᠳᠤᠷᠠᠯ ᠤᠨ | ᠬᠠᠷᠢᠭᠤᠯᠲᠠ ᠶᠢᠨ ᠬᠠᠭᠤᠳᠠᠰᠤ ᠶᠢ ᠰᠠᠶᠢᠳᠤᠷ ᠪᠢᠴᠢᠭᠯᠡᠵᠠᠢ᠃ ᠠᠵᠤ ᠠᠬᠤᠶᠢᠯᠠᠯ ᠪᠣᠯ ᠠᠵᠢᠯ ᠣᠯᠭᠤᠯᠲᠠ ᠶᠢᠨ | ᠭᠤᠣᠯ ᠬᠦᠴᠦᠨ ᠮᠥᠨ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠶᠢᠨ ᠲᠥᠯᠥᠭᠡ᠂ | ᠰᠢᠯᠢ ᠶᠢᠨ ᠭᠤᠣᠯ ᠠᠶᠢᠮᠠᠭ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ 2380 ᠠᠵᠤ ᠠᠬᠤᠶᠢᠯᠠᠯ ᠤᠨ ᠪᠠᠶᠢᠭᠤᠯᠤᠮᠵᠢ ᠳᠤ 2973 ᠲᠦᠮᠡᠨ ᠲᠥᠭᠦᠷᠢᠭ ᠤᠨ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠡᠯᠡ ᠮᠥᠩᠭᠦ ᠲᠠᠷᠬᠠᠭᠠᠵᠤ᠂ 51417 ᠠᠵᠢᠯᠲᠠᠨ ᠠᠵᠢᠯᠴᠢᠨ ᠳᠤ | ᠠᠰᠢᠭ ᠬᠦᠷᠲᠡᠭᠡᠪᠡ᠃ ᠠᠵᠢᠯ ᠠᠯᠳᠠᠭᠰᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠥᠯᠥᠭᠡ᠂ ᠰᠢᠯᠢ ᠶᠢᠨ | ᠭᠤᠣᠯ ᠠᠶᠢᠮᠠᠭ ᠡᠵᠢᠯ ᠠᠯᠳᠠᠭᠰᠠᠳ ᠤᠨ ᠳᠠᠭᠠᠳᠬᠠᠯ ᠤᠨ ᠮᠥᠩᠭᠦ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ | ᠤᠷᠤᠯᠠᠨ ᠲᠤᠰᠢᠶᠠᠬᠤ᠂ ᠳᠤᠯᠠᠭᠠᠯᠠᠭ᠎ᠠ ᠶᠢᠨ ᠨᠥᠬᠦᠪᠦᠷᠢ ᠵᠡᠷᠭᠡ ᠨᠦᠬᠦᠪᠦᠷᠢ ᠣᠯᠭᠤᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠨᠡᠶᠢᠲᠡ 2404 ᠠᠵᠢᠯ ᠠᠯᠳᠠᠭᠰᠠᠳ ᠲᠤ 2367 ᠲᠦᠮᠡᠨ ᠲᠥᠭᠦᠷᠢᠭ ᠤᠨ ᠠᠵᠢᠯ | ᠠᠯᠳᠠᠭᠰᠠᠳ ᠤᠨ ᠳᠠᠭᠠᠳᠬᠠᠯ ᠤᠨ ᠮᠥᠩᠭᠦ ᠵᠢᠴᠢ ᠪᠤᠰᠤᠳ ᠨᠦᠬᠦᠪᠦᠷᠢ᠂ 32.47 ᠲᠦᠮᠡᠨ ᠲᠥᠭᠦᠷᠢᠭ ᠤᠨ | ᠳᠤᠯᠠᠭᠠᠯᠠᠭ᠎ᠠ ᠶᠢᠨ ᠨᠥᠬᠦᠪᠦᠷᠢ ᠣᠯᠭᠤᠬᠤ ᠶᠢᠨ ᠬᠠᠮᠲᠦ 2245 ᠠᠵᠢᠯ ᠠᠯᠳᠠᠭᠰᠠᠳ ᠲᠤ 490.44 ᠲᠦᠮᠡᠨ | ᠲᠥᠭᠦᠷᠢᠭ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠦᠢᠳᠭᠡᠯ ᠢ ᠣᠷᠣᠯᠠᠨ ᠲᠤᠰᠢᠶᠠᠵᠦ ᠦᠭᠴᠠᠢ᠃ | ᠰᠢᠯᠢ ᠶᠢᠨ ᠭᠤᠣᠯ ᠠᠶᠢᠮᠠᠭ ᠲᠥᠷᠥ ᠶᠢᠨ ᠪᠣᠳᠣᠯᠭ᠎ᠠ ᠪᠠᠷ ᠦᠨᠳᠦᠰᠦᠨ ᠵᠦᠢᠯ ᠢ ᠪᠠᠲᠤᠯᠠᠬᠤ᠂ ᠪᠣᠯᠪᠠᠰᠤᠷᠠᠯ | ᠬᠦᠷᠲᠡᠭᠡᠬᠦ᠂ ᠦᠢᠯᠡᠰ ᠪᠤᠰᠬᠠᠬᠤ ᠶᠢ ᠳᠡᠮᠵᠢᠬᠦ᠂ ᠲᠤᠰᠠᠯᠠᠨ ᠲᠡᠳᠬᠦᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠪᠠᠲᠤᠯᠠᠵᠤ ᠪᠠᠶᠢᠭᠰᠠᠨ ᠠᠴᠠ ᠪᠠᠨ ᠴᠢᠨᠠᠷ ᠰᠠᠶᠢᠲᠠᠢ ᠠᠵᠢᠯ | ᠣᠯᠭᠤᠯᠲᠠ ᠳᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ᠃ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠨᠠᠭᠠᠲᠤ | ᠵᠠᠬ᠎ᠠ ᠳᠠᠭᠠᠨ ᠨᠢᠭᠡ ᠤᠳᠠᠭ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠬᠢᠬᠦ᠂ ᠨᠢᠭᠡ ᠤᠳᠠᠭ᠎ᠠ | ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ 3 ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ ᠬᠢᠬᠦ᠂ ᠨᠢᠭᠡ | ᠤᠳᠠᠭ᠎ᠠ ᠤᠷ᠎ᠠ ᠴᠢᠳᠠᠪᠤᠷᠢ ᠶᠢᠨ ᠪᠣᠯᠪᠠᠰᠤᠷᠠᠯ ᠬᠦᠷᠲᠡᠭᠡᠬᠦ ᠪᠤᠶᠤ ᠳᠠᠳᠤᠯᠭ᠎ᠠ ᠬᠢᠬᠦ ᠲᠣᠬᠢᠶᠠᠯ ᠬᠠᠨᠭ᠍ᠭᠠᠪᠠ᠃ ᠪᠡᠭᠡᠵᠢᠩ | ᠥᠪᠥᠷ ᠮᠣᠩᠭᠤᠯ ᠤᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠶᠢᠮᠠᠭ ᠬᠤᠲᠠ ᠶᠢᠨ ᠬᠤᠭᠤᠷᠣᠨᠳᠣᠬᠢ ᠣᠷᠣᠨ ᠪᠦᠰᠡ ᠶᠢᠨ ᠴᠢᠨᠠᠷᠲᠠᠢ ᠬᠥᠳᠡᠯᠮᠦᠷᠢ ᠦᠢᠯᠡᠴᠢᠯᠡᠭᠡᠨ ᠤ | ᠬᠠᠮᠵᠢᠯᠴᠠᠭ᠎ᠠ ᠶᠢᠨ ᠬᠤᠯᠪᠣᠭ᠎ᠠ ᠪᠠᠶᠢᠭᠤᠯᠵᠦ᠂ ︽ᠠᠵᠢᠯ ᠣᠯᠭᠤᠯᠲᠠ ᠶᠢᠨ ᠲᠤᠰᠠᠯᠠᠮᠵᠢ ᠶᠢᠨ ᠰᠠᠷ᠎ᠠ︾ ᠵᠡᠷᠭᠡ | ᠲᠤᠰᠬᠠᠢ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠭᠠᠳᠠᠭᠰᠢ ᠭᠠᠷᠴᠤ ᠠᠵᠢᠯ ᠬᠢᠬᠦ ᠪᠠ ᠣᠶᠢᠷ᠎ᠠ | ᠬᠠᠪᠢ ᠳᠠᠭᠠᠨ ᠠᠵᠢᠯ ᠣᠯᠬᠤ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠨ᠂ ᠮᠠᠯᠵᠢᠬᠤ ᠲᠠᠷᠢᠶᠠᠯᠠᠬᠤ ᠣᠷᠣᠨ ᠤ | ᠬᠥᠳᠡᠯᠮᠦᠷᠢ ᠬᠦᠴᠦᠨ ᠤ ᠠᠵᠢᠯ ᠣᠯᠬᠤ ᠠᠷᠭ᠎ᠠ ᠵᠠᠮ ᠢ ᠥᠷᠭᠡᠳᠬᠡᠵᠦ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ | ᠣᠷᠣᠨ ᠤ 82520 ᠬᠥᠮᠥᠨ ᠳᠤ ᠠᠵᠢᠯ ᠣᠯᠭᠤᠵᠤ᠂ ᠶᠠᠳᠠᠭᠤ ᠠᠴᠠ ᠠᠩᠭᠢᠵᠢᠷᠠᠬᠰᠠᠨ 9481 ᠬᠥᠮᠥᠨ ᠳᠤ | ᠠᠵᠢᠯ ᠣᠯᠭᠤᠪᠠ᠃ ᠰᠢᠯᠢ ᠶᠢᠨ ᠭᠤᠣᠯ ᠠᠶᠢᠮᠠᠭ ᠦᠢᠯᠡᠰ ᠪᠤᠰᠬᠠᠬᠤ ᠪᠠᠲᠤᠯᠠᠭᠠᠲᠦ ᠵᠢᠭᠡᠯᠡᠯᠭᠡ ᠶᠢᠨ ︽ᠴᠠᠭ | ᠲᠤᠬᠠᠢ ᠳᠤᠨᠢ ᠭᠤᠶᠤᠴᠢᠯᠠᠵᠤ᠂ ᠴᠠᠭ ᠲᠤᠬᠠᠢ ᠳᠤᠨᠢ ᠬᠢᠨᠠᠨ ᠬᠠᠷᠭᠤᠭᠤᠯᠬᠤ︾ ᠲᠦᠷᠭᠡᠨ ᠭᠦᠢᠴᠡᠳᠬᠡᠬᠦ ᠵᠠᠭᠪᠤᠷ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠦᠢᠯᠡᠰ ᠪᠤᠰᠬᠠᠬᠤ ᠪᠠᠲᠤᠯᠠᠭᠠᠲᠦ ᠵᠢᠭᠡᠯᠡᠯᠭᠡ ᠲᠠᠯᠪᠢᠬᠤ ᠡᠷᠴᠢᠮ ᠢᠶᠠᠨ | ᠴᠢᠩᠭᠠᠷᠠᠭᠤᠯᠤᠨ᠂ ᠦᠢᠯᠡᠰ ᠪᠤᠰᠬᠠᠬᠤ ᠪᠠᠲᠤᠯᠠᠭᠠᠲᠦ ᠵᠢᠭᠡᠯᠡᠯᠭᠡ ᠶᠢ ᠨᠡᠶᠢᠲᠡ 312 ᠬᠤᠪᠢ 8976.6 ᠲᠦᠮᠡᠨ | ᠲᠥᠭᠦᠷᠢᠭ ᠲᠠᠯᠪᠢᠪᠠ᠃ ᠦᠢᠯᠡᠰ ᠪᠤᠰᠬᠠᠬᠤ ᠬᠦᠪᠦᠷᠡᠯᠳᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠲᠡᠭᠦᠯᠳᠡᠷᠵᠢᠭᠦᠯᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠦᠢᠯᠡᠰ | ᠪᠤᠰᠬᠠᠬᠴᠢᠳ ᠲᠤ ︽ᠥᠪᠡᠷ ᠤᠨ ᠥᠷᠲᠡᠭ ᠢᠶᠠᠷ ᠳᠣᠣᠷ᠎ᠠ᠂ ᠲᠥᠬᠦᠮ ᠲᠦᠳᠡ᠂ ᠨᠡᠭᠡᠭᠡᠯᠲᠡᠲᠤ ᠮᠠᠶ᠋ᠢᠭ︾ ᠤᠨ | ᠦᠢᠯᠡᠰ ᠪᠤᠰᠬᠠᠬᠤ ᠦᠢᠯᠡᠴᠢᠯᠡᠭᠡ ᠬᠠᠩᠭᠠᠵᠤ᠂ ᠣᠳᠤᠬᠠᠨ ᠪᠣᠯᠲᠠᠯ᠎ᠠ᠂ ᠪᠥᠬᠦ ᠠᠶᠢᠮᠠᠭ ᠤᠨ 17 ᠦᠢᠯᠡᠰ ᠪᠤᠰᠬᠠᠬᠤ | ᠬᠦᠷᠢᠶᠡᠯᠡᠩ ︵ᠬᠦᠪᠦᠷᠡᠯᠳᠡ ᠶᠢᠨ ᠰᠠᠭᠤᠷᠢᠨ ᠭᠠᠵᠠᠷ︶ ᠳᠤ ᠤᠷᠤᠵᠦ ᠰᠠᠭᠤᠬᠰᠠᠨ ᠦᠢᠯᠡᠰ ᠪᠤᠰᠬᠠᠬᠤ ᠪᠣᠳᠠᠲᠤ | ᠴᠣᠭᠴᠠ 423 ᠪᠠᠶᠢᠵᠦ᠂ 3681 ᠬᠥᠮᠥᠨ ᠢ ᠳᠠᠶᠢᠴᠢᠯᠠᠠ ᠠᠵᠢᠯ ᠣᠯᠭᠤᠪᠠ᠃ ᠡᠭᠦᠨ ᠤ ᠬᠠᠮᠲᠤ ᠰᠢᠯᠢ ᠶᠢᠨ | ᠭᠤᠣᠯ ᠠᠶᠢᠮᠠᠭ ᠠᠵᠤ ᠠᠬᠤᠶᠢᠯᠠᠯ ᠪᠠ ᠬᠥᠳᠡᠯᠮᠦᠷᠢᠴᠢᠳ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠨᠠᠷᠢᠯᠢᠭ ᠤᠨᠤᠪᠴᠢᠲᠠᠢ ᠵᠣᠯᠭᠠᠭᠤᠯᠵᠤ᠂ ᠪᠣᠯᠪᠠᠰᠤᠷᠠᠯ ᠪᠠ ᠠᠵᠢᠯ ᠣᠯᠭᠤᠯᠲᠠ ᠶᠢ ᠪᠦᠲᠦᠮᠵᠢᠲᠡᠶ ᠵᠣᠯᠭᠠᠭᠤᠯᠬᠤ ᠶᠢ | ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠦᠷᠨᠢᠬᠦᠯᠬᠦ ᠡᠷᠴᠢᠮ ᠢᠶᠠᠨ | ᠴᠢᠩᠭᠠᠷᠠᠭᠤᠯᠤᠨ᠂ ᠡᠯ᠎ᠡ ᠲᠥᠷᠥᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠨᠡᠶᠢᠲᠡ 10322 ᠬᠥᠮᠥᠨ ᠤᠳᠠᠭ᠎ᠠ | ᠥᠷᠨᠢᠭᠦᠯᠵᠦ᠂ 2279 ᠠᠵᠤ ᠠᠬᠤᠶᠢᠯᠠᠯ ᠤᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠳᠤ ᠤᠷ᠎ᠠ | ᠴᠢᠳᠠᠪᠤᠷᠢ ᠪᠠᠨ ᠳᠡᠭᠡᠭᠰᠢᠯᠡᠭᠦᠯᠬᠦ ᠨᠥᠬᠦᠪᠦᠷᠢ ᠮᠥᠩᠭᠦ ᠶᠢ 346.4 ᠲᠦᠮᠡᠨ ᠲᠥᠭᠦᠷᠢᠭ ᠲᠠᠷᠬᠠᠭᠠᠵᠠᠢ᠃ ᠡᠯ᠎ᠡ | ᠲᠦᠷᠦᠯ ᠤᠨ ᠠᠵᠢᠯᠲᠠᠨ ᠡᠯᠰᠡᠬᠦ ᠠᠵᠢᠯᠯᠠᠭ᠎ᠠ ᠶᠢ ᠡᠷᠬᠢᠯᠡᠬᠦ ᠪᠠᠷ ᠳᠠᠮᠵᠢᠭᠤᠯᠵᠤ᠂ ᠬᠥᠮᠥᠨ ᠬᠡᠷᠡᠭᠯᠡᠬᠦ ᠨᠢᠭᠡᠴᠢ ᠪᠣᠯᠣᠨ | ᠠᠵᠢᠯ ᠡᠷᠢᠭᠰᠡᠳ ᠤᠨ ᠬᠤᠭᠤᠷᠣᠨᠳᠣᠬᠢ ᠬᠠᠷᠢᠯᠴᠠᠭᠠᠨ ᠤ ᠬᠥᠭᠦᠷᠭᠡ ᠶᠢ ᠪᠠᠶᠢᠭᠤᠯᠵᠤ᠂ 2024 ᠣᠨ ᠳᠤ ᠠᠵᠢᠯᠲᠠᠨ | ᠡᠯᠰᠡᠬᠦ ᠴᠤᠭᠯᠠᠭᠠᠨ ᠢ ᠨᠡᠶᠢᠳᠡ 152 ᠤᠳᠠᠭ᠎ᠠ ᠥᠷᠨᠢᠭᠦᠯᠵᠦ᠂ 52938 ᠠᠵᠢᠯ ᠤᠨ ᠪᠠᠶᠢᠷᠢ ᠬᠠᠩᠭᠠᠪᠠ᠃ | ᠰᠤᠯᠠ ᠠᠵᠢᠯ ᠤᠨ ᠵᠠᠬ᠎ᠠ ᠳᠡᠯᠭᠡᠭᠦᠷ ᠢ ᠵᠢᠷᠤᠮᠵᠢᠭᠤᠯᠤᠨ ᠬᠠᠮᠢᠶᠠᠷᠬᠤ ᠪᠠ ︽ᠰᠦᠯᠵᠢᠶᠡᠨ ᠳᠡᠭᠡᠷᠡᠬᠢ ᠰᠤᠯᠠ | ᠠᠵᠢᠯ ᠤᠨ ᠵᠠᠬ᠎ᠠ ᠳᠡᠯᠭᠡᠭᠦᠷ︾ ᠢ ᠨᠡᠭᠡᠭᠡᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ 20542 ᠠᠵᠢᠯ ᠤᠨ | ᠪᠠᠶᠢᠷᠢ ᠬᠠᠩᠭᠠᠵᠤ᠂ 8623 ᠬᠥᠮᠥᠨ ᠡᠵᠢᠯ ᠣᠯᠭᠤᠯᠳᠡ ᠶᠢᠨ ᠰᠠᠨᠠᠮᠵᠢ ᠲᠤᠬᠲᠠᠪᠠ᠃ |