ᠰᠢᠨᠬᠤᠸᠠ ᠬᠤᠷᠢᠶ᠎ᠠ ᠶᠢᠨ ᠵᠧᠩᠵᠧᠦ ᠶᠢᠨ 5 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠾᠧᠨᠠᠨ ᠳᠤ ᠰᠢᠨᠵᠢᠯᠡᠨ | ᠪᠠᠶᠢᠴᠠᠭᠠᠬᠤ ᠳᠠᠭᠠᠨ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠾᠧᠨᠠᠨ ᠮᠤᠵᠢ ᠶᠢᠨ ᠬᠢᠨ ᠨᠠᠮ ᠤᠨ ᠲᠥᠪ | ᠬᠤᠷᠢᠶ᠎ᠠ ᠶᠢᠨ ᠳᠤᠮᠳᠠᠳᠤ ᠣᠷᠣᠨ ᠢ ᠲᠦᠷᠭᠡᠨ ᠬᠥᠭᠵᠢᠭᠦᠯᠬᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ | ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ | ᠭᠦᠨᠵᠡᠭᠡᠶᠢᠷᠡᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠪᠠ ᠬᠥᠳᠡᠭᠡ ᠠᠵᠤ ᠠᠬᠤᠢ ᠶᠢᠨ ᠬᠦᠴᠦᠷᠬᠡᠭ | ᠮᠤᠵᠢ ᠶᠢ ᠬᠦᠴᠦᠯᠡᠨ ᠪᠠᠶᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠰᠠᠶᠢᠵᠢᠷᠠᠭᠤᠯᠵᠤ᠂ ᠨᠡᠶᠢᠭᠡᠮ ᠤᠨ | ᠵᠠᠰᠠᠯᠲᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ | ᠰᠣᠶᠣᠯ ᠤᠨ ᠴᠡᠴᠡᠭᠯᠡᠯ ᠬᠥᠭᠵᠢᠯ ᠢ ᠬᠦᠴᠦᠯᠡᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ | ᠪᠦᠲᠦᠮᠵᠢᠲᠡᠢ ᠵᠠᠰᠠᠯᠲᠠ ᠪᠠᠷ ᠳᠤᠮᠳᠠᠳᠤ ᠣᠷᠣᠨ ᠤ ᠡᠬᠡ ᠭᠠᠵᠠᠷ ᠲᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠦᠧᠧᠶᠠᠩ ᠤᠨ ᠬᠤᠯᠬᠤᠪᠴᠢ ᠶᠢᠨ ᠪᠦᠯᠦᠭᠯᠡᠯ ᠬᠤᠪᠢᠴᠠᠭᠠᠳᠤ ᠬᠢᠵᠠᠭᠠᠷᠲᠤ ᠺᠤᠮᠫᠠᠨᠢ ᠶᠢᠨ ᠣᠶᠤᠨᠴᠢ | ᠦᠢᠯᠡᠳᠪᠦᠷᠢ ᠳᠤ ᠰᠢᠨᠵᠢᠯᠡᠨ ᠪᠠᠶᠢᠴᠠᠭᠠᠬᠤ ᠳᠠᠭᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠲᠠᠢ ᠬᠠᠮᠲᠤ | ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | 5 ᠰᠠᠷ᠎ᠠ ᠶᠢᠨ 19 ᠠᠴᠠ 20 ᠤ ᠡᠳᠦᠷ ᠪᠤᠯᠲᠠᠯ᠎ᠠ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠯᠢᠦ ᠨᠢᠩ ᠪᠣᠯᠣᠨ ᠮᠤᠵᠢ ᠶᠢᠨ ᠳᠠᠷᠤᠭ᠎ᠠ ᠸᠠᠩ ᠺᠠᠢ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ | ᠯᠦᠧᠧᠶᠠᠩ᠂ ᠵᠧᠩᠵᠧᠦ ᠳᠤ ᠬᠦᠷᠴᠦ ᠰᠢᠨᠵᠢᠯᠡᠨ ᠪᠠᠶᠢᠴᠠᠭᠠᠪᠠ᠃ | 5 ᠰᠠᠷ᠎ᠠ ᠶᠢᠨ 19 ᠠᠴᠠ 20 ᠤ ᠡᠳᠦᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠾᠧᠨᠠᠨ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ 19 ᠤ ᠦᠳᠡ ᠶᠢᠨ ᠬᠤᠶᠢᠨ᠎ᠠ᠂ | ᠰᠢ ᠶᠢᠨ ᠫᠢᠩ ᠯᠦᠧᠧᠶᠠᠩ ᠤᠨ ᠯᠦᠩᠮᠧᠨ ᠤ ᠴᠢᠯᠠᠭᠤᠨ ᠠᠭᠤᠢ ᠳᠤ ᠰᠢᠨᠵᠢᠯᠡᠨ ᠪᠠᠶᠢᠴᠠᠭᠠᠬᠤ ᠳᠠᠭᠠᠨ | ᠵᠢᠭᠤᠯᠴᠢᠯᠠᠬᠰᠡᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃ | | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | 19 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠯᠦᠧᠧᠶᠠᠩ ᠤᠨ ᠬᠤᠯᠬᠤᠪᠴᠢ ᠶᠢᠨ ᠪᠦᠯᠦᠭᠯᠡᠯ | ᠬᠤᠪᠢᠴᠠᠭᠠᠳᠤ ᠬᠢᠵᠠᠭᠠᠷᠲᠤ ᠺᠤᠮᠫᠠᠨᠢ ᠳᠤ ᠬᠦᠷᠴᠦ ᠰᠢᠨᠵᠢᠯᠡᠨ ᠪᠠᠶᠢᠴᠠᠭᠠᠪᠠ᠃ ᠲᠤᠰ ᠺᠤᠮᠫᠠᠨᠢ ᠪᠣᠯ ︽ᠠᠩᠬᠠᠳᠤᠭᠠᠷ | ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠪᠠᠶᠢᠭᠤᠯᠤᠭᠳᠠᠭᠰᠠᠨ ᠤᠤᠯ ᠤᠨ ᠯᠦᠧᠧᠶᠠᠩ ᠤᠨ | ᠬᠤᠯᠬᠤᠪᠴᠢ ᠶᠢᠨ ᠦᠢᠯᠡᠳᠪᠦᠷᠢ ᠪᠣᠯᠣᠨ᠎ᠠ᠃ ᠣᠶᠤᠨᠴᠢ ᠦᠢᠯᠡᠳᠪᠦᠷᠢ ᠳᠤ᠂ ᠰᠢ ᠶᠢᠨ ᠫᠢᠩ ᠠᠵᠤ ᠠᠬᠤᠶᠢᠯᠠᠯ ᠤᠨ | ᠬᠥᠭᠵᠢᠯᠲᠡ ᠶᠢᠨ ᠶᠠᠪᠤᠴᠠ ᠶᠢ ᠣᠶᠢᠯᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠬᠤᠯᠬᠤᠪᠴᠢ ᠶᠢᠨ | ᠦᠢᠯᠡᠳᠬᠦᠨ ᠤ ᠬᠡᠷᠡᠭᠴᠡᠭᠡ ᠪᠣᠯᠣᠨ ᠴᠢᠳᠠᠮᠵᠢ ᠶᠢᠨ ᠲᠠᠨᠢᠯᠴᠠᠭᠤᠯᠭ᠎ᠠ ᠶᠢ ᠰᠣᠨᠣᠰᠴᠤ᠂ ᠦᠢᠯᠡᠳᠪᠦᠷᠢᠯᠡᠯ ᠤᠨ | ᠱᠤᠭᠤᠮ ᠤᠨ ᠳᠡᠷᠭᠡᠳᠡ ᠬᠦᠷᠴᠦ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠲᠡᠷᠡ ᠬᠦᠷᠢᠶᠡᠯᠡᠨ | ᠢᠷᠡᠭᠰᠡᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ᠂ ᠦᠢᠯᠡᠳᠬᠦ ᠦᠢᠯᠡᠰ ᠪᠣᠯ ᠤᠯᠤᠰ ᠠᠷᠠᠳ ᠤᠨ ᠠᠵᠤ | ᠠᠬᠤᠢ ᠶᠢᠨ ᠴᠢᠬᠤᠯᠠ ᠲᠤᠯᠭᠠᠭᠤᠷᠢ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ | ᠠᠬᠢᠭᠤᠯᠬᠤ ᠳᠤ ᠡᠷᠬᠡᠪᠰᠢ ᠦᠢᠯᠡᠳᠬᠦ ᠦᠢᠯᠡᠰ ᠤᠨ ᠳᠠᠪᠠᠭᠤᠯᠢᠭ ᠵᠦᠢ ᠵᠣᠬᠢᠰᠲᠠᠢ ᠬᠤᠪᠢ ᠶᠢᠨ ᠵᠢᠩ ᠢ ᠪᠠᠲᠤᠯᠠᠬᠤ | ᠬᠡᠷᠡᠭᠲᠡᠢ᠃ ᠤᠳᠤ ᠦᠶ᠎ᠡ ᠶᠢᠨ ᠦᠢᠯᠡᠳᠬᠦ ᠦᠢᠯᠡᠰ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠦᠴᠦᠨ | ᠣᠯᠭᠤᠬᠤ ᠠᠴᠠ ᠰᠠᠯᠵᠤ ᠴᠢᠳᠠᠬᠤ ᠦᠭᠡᠢ ᠶᠤᠮ᠂ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠶᠡᠭᠡ ᠪᠠᠷ | ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠬᠡᠷᠡᠭᠲᠡᠢ ᠭᠡᠵᠦ | ᠬᠡᠯᠡᠪᠡ᠃ ᠲᠡᠷᠡ ᠠᠵᠢᠯᠲᠠᠨ ᠠᠵᠢᠯᠴᠢᠨ ᠢ ᠡᠵᠡᠨ ᠬᠥᠮᠥᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠵᠤ | ᠠᠬᠤᠶᠢᠯᠠᠯ ᠢ ᠬᠥᠭᠵᠢᠭᠦᠯᠬᠦ ᠪᠠᠷ ᠴᠢᠷᠮᠠᠶᠢᠨ ᠠᠵᠢᠯᠯᠠᠵᠤ᠂ ᠢᠯᠡᠭᠦᠬᠡᠨ ᠬᠤᠪᠢ ᠨᠡᠮᠡᠷᠢ ᠦᠵᠡᠭᠦᠯᠦᠭᠡᠷᠡᠢ ᠭᠡᠵᠦ | ᠵᠣᠷᠢᠭᠵᠢᠭᠤᠯᠪᠠ᠃ | ᠲᠠᠷᠠᠭ᠎ᠠ ᠨᠢ᠂ ᠰᠢ ᠶᠢᠨ ᠫᠢᠩ ᠵᠡᠭᠦᠨ ᠬᠠᠨ ᠤᠯᠤᠰ ᠤᠨ ᠦᠶ᠎ᠡ ᠳᠤ ᠪᠠᠶᠢᠭᠤᠯᠤᠭᠰᠠᠨ ᠴᠠᠭᠠᠨ ᠮᠣᠷᠢᠨ | ᠰᠦᠮ᠎ᠡ ᠳᠤ ᠬᠦᠷᠴᠦ ᠰᠢᠨᠵᠢᠯᠡᠨ ᠪᠠᠶᠢᠴᠠᠭᠠᠵᠤ᠂ ᠪᠤᠷᠬᠠᠨ ᠱᠠᠰᠢᠨ ᠤ ᠳᠤᠮᠳᠠᠳᠤ ᠤᠯᠤᠰᠴᠢᠯᠠᠭᠰᠠᠨ ᠪᠠ ᠰᠦᠮ᠎ᠡ | ᠬᠡᠶᠢᠳ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ | ᠴᠠᠭᠠᠨ ᠮᠣᠷᠢᠨ ᠰᠦᠮ᠎ᠡ ᠨᠢ ᠪᠤᠷᠬᠠᠨ ᠱᠠᠰᠢᠨ ᠤᠯᠠᠮᠵᠢᠯᠠᠭᠳᠠᠨ ᠢᠷᠡᠵᠤ᠂ ᠬᠥᠭᠵᠢᠭᠰᠡᠨ ᠪᠠ ᠲᠠᠰᠤᠷᠠᠯᠲᠠ ᠦᠭᠡᠢ | ᠳᠤᠮᠳᠠᠳᠤ ᠤᠯᠤᠰᠴᠢᠯᠠᠭᠰᠠᠨ ᠠᠬᠢᠴᠠ ᠶᠢ ᠭᠡᠷᠡᠴᠢᠯᠡᠵᠦ ᠪᠤᠢ᠃ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ | ᠤᠯᠤᠰᠴᠢᠯᠠᠬᠤ ᠴᠢᠭᠯᠡᠯ ᠢ ᠪᠠᠷᠢᠮᠲᠠᠯᠠᠬᠤ ᠪᠣᠯ ᠪᠦᠷᠢᠮᠦᠰᠦᠨ ᠵᠥᠪ ᠭᠡᠳᠡᠭ ᠢ ᠲᠡᠦᠬᠡ ᠭᠡᠷᠡᠴᠢᠯᠡᠪᠡ᠂ ᠱᠠᠰᠢᠨ | ᠰᠤᠷᠲᠠᠬᠤᠨ ᠢ ᠢᠳᠡᠪᠬᠢᠲᠡᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠯᠤᠭ᠎ᠠ | ᠠᠭᠤᠰᠤᠯᠴᠠᠭᠤᠯᠵᠤ᠂ ᠨᠡᠶᠢᠭᠡᠮ ᠵᠢᠷᠤᠮᠲᠤ ᠨᠡᠶᠢᠭᠡᠮ ᠯᠦᠭᠡ ᠵᠣᠬᠢᠴᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ | 1500 ᠭᠠᠷᠤᠢ ᠵᠢᠯ ᠤᠨ ᠲᠡᠦᠬᠡ ᠲᠠᠢ ᠯᠦᠩᠮᠧᠨ ᠤ ᠴᠢᠯᠠᠭᠤᠨ ᠠᠭᠤᠢ ᠪᠣᠯ ᠳᠡᠯᠡᠬᠡᠢ ᠶᠢᠨ ᠴᠢᠬᠤᠯᠠ | ᠰᠣᠶᠣᠯ ᠤᠨ ᠥᠪ ᠪᠣᠯᠣᠨ᠎ᠠ᠃ ᠰᠢ ᠶᠢᠨ ᠫᠢᠩ ᠠᠳᠡ ᠢᠷᠡᠵᠤ᠂ ᠴᠢᠯᠠᠭᠤᠨ ᠠᠭᠤᠢ ᠶᠢᠨ ᠪᠦᠬᠦᠯᠢ ᠴᠣᠭᠴᠠ ᠶᠢᠨ | ᠪᠠᠶᠢᠷᠢᠰᠢᠭᠤᠯᠤᠯᠲᠠ ᠶᠢᠨ ᠳᠦᠷᠰᠦ ᠪᠠᠶᠢᠳᠠᠯ ᠪᠣᠯᠣᠨ ᠲᠥᠯᠥᠭᠡᠯᠡᠬᠦ ᠴᠢᠨᠠᠷᠲᠠᠢ ᠠᠭᠤᠢ ᠶᠢᠨ ᠭᠦᠩᠭᠠᠷᠠᠪᠠ᠂ ᠭᠦᠷᠦᠭ | ᠵᠢᠷᠤᠭ ᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠳᠠᠬᠢ ᠲᠡᠦᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠲᠡᠷᠡ᠂ ᠡᠳᠡᠭᠡᠷ ᠳᠤᠮᠳᠠᠳᠤ ᠶᠢᠨ ᠰᠣᠶᠣᠯ ᠤᠨ | ᠦᠨᠡᠲᠦ ᠡᠷᠳᠡᠨᠢ ᠶᠢ ᠰᠠᠶᠢᠲᠤᠷ ᠬᠠᠮᠠᠭᠠᠯᠠᠵᠤ᠂ ᠰᠠᠶᠢᠲᠤᠷ ᠤᠯᠠᠮᠵᠢᠯᠠᠵᠤ᠂ ᠰᠠᠶᠢᠲᠤᠷ ᠵᠠᠯᠭᠠᠮᠵᠢᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠵᠢᠭᠤᠯᠴᠢᠯᠠᠬᠰᠠᠳ ᠶᠡᠷᠦᠩᠬᠡᠢ ᠱᠦᠵᠢ ᠶᠢ ᠣᠯᠵᠤ ᠦᠵᠡᠭᠡᠳ ᠮᠠᠰᠢ ᠪᠠᠶᠠᠷᠯᠠᠵᠤ ᠶᠡᠷᠦᠩᠬᠡᠢ | ᠱᠦᠵᠢ ᠲᠠᠢ ᠮᠡᠨᠳᠦᠴᠢᠯᠡᠵᠦ ᠪᠠᠶᠢᠯ᠎ᠠ᠃ ᠰᠢ ᠶᠢᠨ ᠫᠢᠩ ᠪᠠᠶᠢᠨ ᠪᠠᠶᠢᠨ ᠤᠯᠠᠨ ᠲᠠᠢ ᠰᠠᠨᠠᠯ ᠢᠶᠠᠨ ᠰᠣᠯᠢᠯᠴᠠᠵᠤ᠂ | ᠪᠢᠴᠢᠬᠠᠨ ᠨᠠᠶᠢᠵᠠ ᠨᠠᠷ ᠢ ᠲᠤᠬᠠᠢ ᠶᠢᠨ ᠭᠠᠵᠠᠷ ᠲᠤᠨᠢ ᠢᠯᠡᠭᠦᠬᠡᠨ ᠣᠴᠢᠵᠤ ᠳᠤᠮᠳᠠᠳᠤ ᠶᠢᠨ ᠰᠣᠶᠣᠯ ᠢ ᠡᠷᠢᠯᠬᠢᠯᠡᠵᠦ᠂ | ᠬᠠᠷᠠᠬᠠᠨ ᠪᠠᠭ᠎ᠠ ᠠᠴᠠ ᠪᠠᠨ ᠰᠣᠶᠣᠯ ᠤᠨ ᠢᠲᠡᠭᠡᠯ ᠢ ᠪᠤᠢ ᠪᠤᠯᠭᠠᠬᠤ ᠶᠢ ᠣᠨᠴᠠᠭᠠᠶᠢᠯᠠᠨ ᠵᠣᠷᠢᠭᠵᠢᠭᠤᠯᠪᠠ᠃ ᠲᠡᠷᠡ᠂ | ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠢᠷᠡᠭᠡᠳᠦᠢ ᠭᠡᠭᠡᠨ ᠰᠠᠷᠠᠭᠤᠯ ᠶᠤᠮ᠂ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠨᠡᠨ ᠬᠦ ᠲᠤᠯᠭᠠᠭᠤᠷᠢ ᠠᠵᠤ ᠦᠢᠯᠡᠰ᠂ ᠠᠷᠠᠳ ᠤᠨ | ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠵᠠᠢ᠃ | 20 ᠤ ᠦᠳᠡ ᠶᠢᠨ ᠡᠮᠦᠨ᠎ᠡ᠂ ᠰᠢ ᠶᠢᠨ ᠫᠢᠩ ᠾᠧᠨᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠾᠧᠨᠠᠨ ᠤ ᠡᠯ᠎ᠡ ᠲᠠᠯ᠎ᠠ ᠶᠢᠨ | ᠣᠯᠣᠭᠰᠠᠨ ᠠᠮᠵᠢᠯᠲᠠ ᠶᠢ ᠨᠤᠲᠠᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠱᠠᠭᠠᠷᠳᠠᠯᠭ᠎ᠠ ᠳᠤᠷᠠᠳᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠷᠢᠨ ᠪᠤᠳᠤᠯᠢᠶᠠᠨᠲᠠᠢ ᠭᠠᠳᠠᠭᠠᠳᠤ ᠣᠷᠴᠢᠨ ᠳᠤ ᠬᠠᠨᠳᠤᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠵᠦ᠂ ᠥᠨᠳᠥᠷ | ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠷᠡᠰ ᠭᠤᠶᠢᠪᠢᠰᠢ ᠦᠭᠡᠢ ᠥᠷᠭᠡᠳᠬᠡᠵᠦ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ ᠪᠠᠷ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠲᠣᠬᠲᠠᠭᠠᠯᠲᠤ ᠴᠢᠨᠠᠷ ᠢᠶᠠᠷ | ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠾᠧᠨᠠᠨ ᠠᠵᠤ ᠠᠬᠤᠢ ᠶᠢᠨ ᠲᠣᠮᠣ ᠮᠤᠵᠢ | ᠪᠣᠯᠤᠭᠰᠠᠨ ᠤ ᠬᠤᠪᠢ ᠳᠤ᠂ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠤᠯᠠᠮ ᠨᠢᠭᠡ ᠠᠯᠬᠤᠮ | ᠪᠠᠬᠢᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠤᠯᠭᠠᠵᠤ᠂ | ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠬᠥᠭᠵᠢᠭᠦᠯᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠴᠢᠨᠠᠷ ᠰᠠᠶᠢᠲᠠᠢ ᠬᠥᠭᠵᠢᠯᠲᠡ ᠳᠠᠬᠢ | ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠪᠠᠲᠤ ᠡᠭᠦᠷᠭᠡᠯᠡᠨ᠂ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠤᠲᠠ ᠬᠥᠳᠡᠭᠡ ᠶᠢ | ᠠᠭᠤᠰᠤᠯᠴᠠᠭᠤᠯᠤᠨ ᠬᠥᠭᠵᠢᠭᠦᠯᠬᠦ ᠪᠠᠷ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ | ᠳᠠᠶᠢᠴᠢᠯᠠᠨ᠂ ᠬᠤᠲᠠ ᠬᠥᠳᠡᠭᠡ ᠶᠢᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠰᠠᠪᠠ | ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠥᠬᠦᠷᠡᠰᠢ ᠦᠭᠡᠢ ᠴᠢᠩᠭᠠᠳᠬᠠᠵᠤ᠂ ᠪᠣᠬᠢᠷᠳᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠤᠯᠲᠠ ᠶᠢ ᠭᠦᠨᠵᠡᠭᠡᠶᠢᠷᠡᠭᠦᠯᠦᠨ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠾᠧᠨᠠᠨ ᠤ ᠬᠥᠮᠥᠨ ᠠᠮᠠ ᠶᠢᠨ ᠶᠡᠷᠦᠩᠬᠡᠢ ᠬᠡᠮᠵᠢᠶ᠎ᠡ᠂ ᠬᠥᠮᠥᠨ ᠠᠮᠠ ᠶᠢᠨ ᠨᠢᠭᠲᠠᠴᠠ᠂ | ᠬᠥᠮᠥᠨ ᠠᠮᠠ ᠶᠢᠨ ᠨᠡᠭᠦᠳᠡᠯ ᠤᠨ ᠬᠡᠮᠵᠢᠶ᠎ᠡ ᠪᠦᠷ ᠨᠡᠯᠢᠶᠡᠳ ᠶᠡᠭᠡ᠂ ᠨᠡᠶᠢᠭᠡᠮ ᠤᠨ ᠠᠰᠠᠭᠤᠳᠠᠯ ᠨᠠᠷᠢᠨ ᠪᠤᠳᠤᠯᠢᠶᠠᠨᠲᠠᠢ | ᠤᠯᠠᠨ ᠶᠠᠩᠵᠤ ᠶᠢᠨ ᠪᠠᠶᠢᠳᠠᠭ ᠪᠣᠯᠬᠤᠷ ᠡᠷᠬᠡᠪᠰᠢ ᠨᠡᠶᠢᠭᠡᠮ ᠤᠨ ᠵᠠᠰᠠᠯᠲᠠ ᠶᠢ ᠯᠠᠪᠳᠠᠭᠤᠨ ᠪᠠᠲᠤᠲᠠᠢ ᠴᠢᠩᠭᠠᠳᠬᠠᠬᠤ | ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠭᠡᠮ ᠤᠨ ᠵᠠᠰᠠᠯᠲᠠ ᠶᠢᠨ | ᠪᠠᠶᠢᠭᠤᠯᠤᠯ ᠲᠣᠭᠲᠠᠴᠠ ᠶᠢ ᠪᠦᠷᠢᠨᠰᠢᠭᠦᠯᠵᠦ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠪᠠᠷ ᠠᠵᠢᠯ ᠣᠯᠣᠭᠰᠠᠨ ᠬᠥᠮᠥᠰ ᠤᠨ ᠨᠠᠮ ᠤᠨ ᠪᠠᠶᠢᠭᠤᠯᠤᠯᠲᠠ ᠶᠢᠨ | ᠠᠵᠢᠯ ᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠨᠡᠩ ᠰᠠᠶᠢᠲᠤᠷ ᠦᠢᠯᠡᠴᠢᠯᠡᠨ ᠤᠯᠠᠨ ᠲᠦᠮᠡᠨ ᠢ ᠨᠡᠩ | ᠰᠠᠶᠢᠲᠤᠷ ᠨᠢᠭᠲᠠᠷᠠᠭᠤᠯᠵᠤ᠂ ᠤᠯᠠᠨ ᠲᠦᠮᠡᠨ ᠤ ᠠᠰᠢᠭ ᠲᠤᠰᠠ ᠶᠢ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠂ | ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠬᠦ ᠬᠡᠷᠡᠭᠲᠡᠢ᠃ ᠦᠨᠳᠦᠰᠦᠨ ᠱᠠᠲᠤ ᠶᠢ | ᠠᠳᠬᠤᠬᠤ᠂ ᠰᠠᠭᠤᠷᠢ ᠶᠢ ᠪᠠᠬᠢᠵᠢᠭᠦᠯᠬᠦ᠂ ᠦᠨᠳᠦᠰᠦ ᠶᠢ ᠪᠠᠬᠢᠵᠢᠭᠦᠯᠬᠦ ᠶᠢ ᠲᠤᠪᠤᠶᠢᠯᠭᠠᠵᠤ᠂ ᠡᠬᠢ ᠪᠠᠶᠠᠯᠢᠭ᠂ | ᠦᠢᠯᠡᠴᠢᠯᠡᠭᠡ᠂ ᠬᠠᠮᠢᠶᠠᠷᠤᠯᠲᠠ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠡᠯ᠎ᠡ | ᠵᠦᠢᠯ ᠤᠨ ᠠᠵᠢᠯ ᠢ ᠡᠴᠦᠰ ᠲᠤᠨᠢ ᠲᠤᠯᠲᠠᠯ᠎ᠠ ᠬᠢᠬᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ᠃ ᠬᠠᠤᠯᠢ ᠪᠠᠷ ᠵᠠᠰᠠᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠨᠡᠶᠢᠭᠡᠮ ᠤᠨ ᠵᠠᠰᠠᠯᠲᠠ ᠳᠠᠬᠢ ᠬᠠᠤᠯᠢ ᠪᠠᠷ ᠵᠠᠰᠠᠬᠤ ᠶᠢᠨ ᠵᠢᠷᠤᠮᠵᠢᠯ ᠪᠠ ᠪᠠᠲᠤᠯᠠᠭ᠎ᠠ ᠶᠢᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠨᠡᠨᠴᠢ ᠢᠲᠡᠭᠡᠮᠵᠢᠲᠡᠢ ᠪᠠᠶᠢᠬᠤ ᠦᠷᠳᠡᠭ ᠤᠨ ᠵᠢᠯᠣᠭᠤᠳᠤᠯᠭ᠎ᠠ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ᠂ | ᠨᠡᠶᠢᠭᠡᠮ ᠤᠨ ᠦᠨᠡᠨᠴᠢ ᠢᠲᠡᠭᠡᠮᠵᠢ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠠᠶᠤᠯ ᠲᠦᠭᠰᠢᠭᠦᠷᠢ ᠭᠡᠮ | ᠰᠣᠭᠤᠭ ᠢ ᠵᠢᠭᠰᠠᠭᠠᠨ ᠪᠠᠶᠢᠴᠠᠭᠠᠬᠤ ᠪᠠ ᠵᠠᠰᠠᠬᠤ ᠶᠢ ᠴᠢᠩᠭ᠎ᠠ ᠠᠩᠬᠠᠷᠴᠤ᠂ ᠨᠡᠶᠢᠭᠡᠮ ᠤᠨ ᠠᠮᠤᠷ ᠲᠦᠪᠰᠢᠨ ᠢ | ᠪᠦᠬᠦᠯᠢ ᠴᠣᠭᠴᠠ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨ ᠬᠦ | ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠠᠨᠠᠭᠠᠴᠢᠯᠠᠭ᠎ᠠ ᠠᠴᠠ ᠪᠠᠨ ᠵᠢᠳᠬᠦᠯ | ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠵᠠᠰᠠᠯᠲᠠ ᠶᠢ ᠠᠬᠢᠭᠤᠯᠬᠤ ᠳᠤᠮᠳᠠ ᠰᠢᠨ᠎ᠡ ᠪᠠᠶᠢᠳᠠᠯ ᠳᠣᠣᠷᠠᠬᠢ ᠨᠠᠮ ᠤᠨ | ᠤᠯᠠᠨ ᠲᠦᠮᠡᠨ ᠤ ᠠᠵᠢᠯ ᠤᠨ ᠵᠢᠮ᠎ᠡ ᠶᠣᠰᠣ ᠶᠢ ᠳ᠋ᠦᠩᠨᠡᠬᠦ ᠳᠡᠭᠡᠨ ᠴᠢᠳᠠᠮᠠᠭᠠᠢ ᠪᠠᠶᠢᠵᠤ᠂ ᠠᠳᠠᠯᠢ ᠪᠤᠰᠤ ᠨᠡᠶᠢᠭᠡᠮ ᠤᠨ | ᠬᠠᠮᠲᠤᠯᠢᠭ ᠤᠨ ᠣᠨᠴᠠᠯᠢᠭ ᠲᠤ ᠴᠢᠭᠯᠡᠭᠦᠯᠦᠨ ᠠᠵᠢᠯ ᠢᠶᠠᠨ ᠨᠠᠷᠢᠯᠢᠭ ᠪᠣᠳᠠᠲᠠᠢ ᠬᠢᠬᠦ ᠬᠡᠷᠡᠭᠲᠡᠢ᠃ ᠬᠡᠯᠪᠡᠷᠢᠴᠢ ᠦᠵᠡᠯ ᠢ | ᠦᠨᠡᠨ ᠬᠦ ᠴᠡᠭᠴᠡᠯᠡᠨ ᠵᠠᠰᠠᠬᠤ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠦᠨᠳᠦᠰᠦᠨ | ᠱᠠᠲᠤᠨ ᠤ ᠺᠠᠳ᠋ᠷᠴᠤᠳ ᠤᠨ ᠵᠣᠷᠢᠭᠲᠠᠢ ᠪᠠᠷ ᠠᠵᠢᠯ ᠬᠢᠵᠦ᠂ ᠢᠲᠡᠭᠡᠯ ᠬᠦᠨᠳᠦ ᠲᠠᠢ ᠪᠤᠯᠬᠤ ᠶᠢ ᠳᠡᠮᠵᠢᠵᠦ᠂ ᠣᠯᠠᠨ | ᠲᠦᠮᠡᠨ ᠤ ᠥᠪᠡᠷ ᠤᠨ ᠬᠦᠴᠦᠨ ᠳᠡᠭᠡᠨ ᠲᠦᠰᠢᠭᠯᠡᠨ ᠨᠡᠶᠢᠭᠡᠮ ᠤᠨ ᠵᠠᠰᠠᠯᠲᠠ ᠳᠠᠬᠢ ᠠᠰᠠᠭᠤᠳᠠᠯ ᠢ ᠰᠢᠢᠳᠪᠦᠷᠢᠯᠡᠬᠦ ᠶᠢ | ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠲᠥᠪ ᠤᠨ ᠨᠠᠢᠮᠠᠨ ᠲᠣᠭᠲᠠᠭᠠᠯ ᠪᠣᠯ ᠨᠠᠮ ᠤᠨ ᠲᠥᠪ ᠬᠤᠷᠢᠶ᠎ᠠ ᠶᠢᠨ ᠢᠲᠡᠭᠡᠯ ᠬᠦᠨᠳᠦ ᠲᠠᠢ | ᠠᠵᠢᠯᠯᠠᠭ᠎ᠠ ᠮᠥᠨ᠂ ᠰᠢᠨ᠎ᠡ ᠴᠠᠭ ᠦᠶ᠎ᠡ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠪᠡᠯᠭᠡ ᠲᠡᠮᠳᠡᠭ ᠤᠨ ᠴᠢᠨᠠᠷᠲᠠᠢ | ᠠᠷᠭ᠎ᠠ ᠬᠡᠮᠵᠢᠶ᠎ᠡ ᠮᠥᠨ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ | ᠭᠤᠣᠯᠳᠠᠯᠭ᠎ᠠ ᠲᠠᠢ ᠡᠭᠦᠷᠭᠡ ᠮᠥᠨ᠃ ᠰᠤᠷᠤᠯᠴᠠᠬᠤ ᠪᠠᠶᠢᠴᠠᠭᠠᠬᠤ ᠴᠡᠭᠴᠡᠯᠡᠨ ᠰᠠᠶᠢᠵᠢᠷᠠᠭᠤᠯᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠳᠡᠭᠡᠷ᠎ᠡ ᠬᠦᠴᠦ ᠣᠷᠣᠭᠤᠯᠵᠤ᠂ ᠨᠠᠮ ᠤᠨ ᠭᠡᠰᠢᠭᠦᠨ ᠺᠠᠳ᠋ᠷ ᠤᠨ ᠬᠤᠪᠢ ᠬᠥᠮᠥᠨ ᠤ | ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠬᠤ ᠶᠢ ᠵᠣᠬᠢᠶᠠᠨ ᠪᠠᠶᠢᠭᠤᠯᠤᠯᠲᠠ ᠶᠢᠨ ᠪᠠᠶᠢᠴᠠᠭᠠᠨ ᠳᠡᠯᠭᠡᠵᠦ | ᠴᠡᠭᠴᠡᠯᠡᠨ ᠰᠠᠶᠢᠵᠢᠷᠠᠭᠤᠯᠬᠤ ᠲᠠᠢ ᠨᠢᠭᠲᠠ ᠤᠶᠠᠯᠳᠤᠭᠤᠯᠵᠤ᠂ ᠣᠪᠣᠷ ᠰᠤᠷᠲᠠᠯ ᠤᠨ ᠴᠢᠩᠭ᠎ᠠ ᠱᠠᠭᠠᠷᠳᠠᠯᠭ᠎ᠠ ᠶᠢ ᠦᠨᠡᠨ | ᠬᠦ ᠬᠠᠲᠠᠭᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠲᠡᠮᠦᠷ ᠮᠡᠲᠦ ᠶᠣᠰᠣ ᠳᠦᠷᠢᠮ ᠢ ᠪᠤᠢ ᠪᠤᠯᠭᠠᠵᠤ᠂ | ᠰᠤᠷᠤᠯᠴᠠᠪᠠᠯ ᠴᠢᠨᠠᠷ ᠰᠠᠶᠢᠲᠠᠢ᠂ ᠪᠠᠶᠢᠴᠠᠭᠠᠪᠠᠯ ᠡᠷᠴᠢᠮ ᠲᠠᠢ᠂ ᠰᠠᠶᠢᠵᠢᠷᠠᠭᠤᠯᠪᠠᠯ ᠦᠷ᠎ᠡ ᠪᠦᠲᠦᠮᠵᠢᠲᠡᠢ ᠪᠠᠶᠢᠬᠤ ᠶᠢ | ᠪᠠᠲᠤᠯᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠤᠨ ᠲᠥᠪ ᠤᠨ ᠵᠢᠯᠤᠭᠤᠳᠬᠤ ᠳᠤᠭᠤᠶᠢᠯᠠᠩ ᠲᠤᠰᠢᠶᠠᠯ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠵᠢᠯ ᠤᠨ ᠭᠤᠣᠯᠳᠠᠯᠭ᠎ᠠ ᠪᠠᠨ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠠᠷᠢᠯᠢᠭ ᠣᠨᠣᠴᠠᠲᠠᠢ ᠵᠢᠯᠤᠭᠤᠳᠴᠤ᠂ ᠡᠷᠬᠡᠪᠰᠢ ᠪᠣᠳᠠᠲᠤ ᠦᠷ᠎ᠡ | ᠪᠦᠲᠦᠮᠵᠢ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠡᠨᠡ ᠵᠢᠯ ᠠᠴᠠ ᠨᠠᠭᠠᠰᠢ᠂ ᠮᠠᠨ ᠤ ᠤᠯᠤᠰ ᠤᠨ ᠵᠠᠷᠢᠮ ᠭᠠᠵᠠᠷ ᠣᠷᠣᠨ ᠳᠤ ᠭᠠᠩ | ᠬᠠᠭᠰᠠᠷᠠᠭᠠᠨ ᠡᠭᠦᠰᠴᠦ᠂ ᠵᠠᠷᠢᠮ ᠨᠢ ᠪᠠᠰᠠ ᠦᠷᠭᠦᠯᠵᠢᠯᠡᠵᠦ ᠪᠤᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠨᠢᠭᠲᠠ ᠬᠠᠮᠵᠢᠯᠴᠠᠨ᠂ ᠤᠰᠤ ᠬᠡᠷᠡᠭᠯᠡᠬᠦ ᠲᠣᠬᠢᠷᠠᠭᠤᠯᠤᠯᠲᠠ ᠶᠢ ᠴᠢᠩᠭᠠᠳᠬᠠᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠲᠤ ᠤᠰᠤ ᠬᠠᠩᠭᠠᠬᠤ ᠪᠠ ᠲᠠᠷᠢᠶᠠᠯᠠᠩ ᠤᠨ ᠤᠰᠤᠯᠠᠯᠲᠠ ᠶᠢᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃ ᠭᠠᠩ | ᠪᠠᠶᠢᠪᠠᠯ ᠤᠰᠤᠲᠤᠯ ᠪᠠᠶᠢᠵᠤ ᠮᠡᠳᠡᠨ᠎ᠡ᠂ ᠭᠠᠩᠳᠠᠯ ᠠᠴᠠ ᠤᠰᠤᠳᠤᠯ ᠪᠣᠯᠵᠤ ᠬᠤᠪᠢᠷᠠᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ᠦᠶᠡᠷ ᠤᠨ ᠬᠤᠭᠤᠴᠠᠭ᠎ᠠ ᠨᠢᠭᠡᠨᠲᠡ ᠬᠦᠷᠴᠦ ᠢᠷᠡᠪᠡ᠂ ᠡᠯ᠎ᠡ ᠭᠠᠵᠠᠷ ᠤᠨ ᠬᠢᠨ ᠦᠶᠡᠷ ᠢ ᠰᠡᠷᠭᠡᠶᠢᠯᠡᠵᠦ | ᠦᠶᠡᠷ ᠲᠠᠢ ᠲᠡᠮᠡᠴᠡᠬᠦ ᠳᠤ ᠡᠷᠬᠡᠪᠰᠢ ᠨᠠᠷᠢᠨ ᠨᠢᠮᠪᠠᠢ ᠪᠡᠯᠡᠳᠬᠡᠯ ᠬᠢᠵᠦ᠂ ᠪᠡᠯᠡᠳᠬᠡᠯ ᠲᠥᠰᠥᠯ ᠭᠦᠢᠴᠡᠳ᠂ | ᠠᠷᠭᠠᠴᠠᠭᠠᠬᠤ ᠳᠠᠭᠠᠨ ᠯᠠᠪᠳᠠᠭᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠠᠭᠤᠯᠠᠨ ᠦᠶᠡᠷ᠂ ᠰᠢᠪᠠᠷ | ᠴᠢᠯᠠᠭᠤᠨ ᠤᠷᠤᠰᠬᠠᠯ ᠵᠡᠷᠭᠡ ᠪᠠᠶᠢᠭᠠᠯᠢ ᠶᠢᠨ ᠭᠠᠮᠰᠢᠭ ᠠᠮᠠᠷᠬᠠᠨ ᠡᠭᠦᠰᠬᠦ ᠭᠠᠵᠠᠷ ᠣᠷᠣᠨ ᠳᠤ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠲᠥᠪ ᠤᠨ | ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ | ᠣᠷᠣᠯᠴᠠᠵᠠᠢ᠃ | |