4 ᠰᠠᠷ᠎ᠠ ᠶᠢᠨ 24 ᠤ ᠡᠳᠦᠷ᠂ ᠤᠯᠠᠭᠠᠶ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ | ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠨᠣᠮᠢᠨ ᠬᠠᠮᠢᠶᠠᠷᠤᠯᠲᠠ ᠶᠢᠨ ᠵᠥᠪᠯᠡᠯ ᠤᠨ 2025 ᠣᠨ ᠤ ᠠᠩᠬᠠᠳᠤᠭᠠᠷ ᠤᠳᠠᠭᠠᠨ ᠤ | ᠪᠥᠬᠦᠳᠡ ︵ᠥᠷᠭᠡᠳᠬᠡᠭᠰᠡᠨ︶ ᠬᠤᠷᠠᠯ ᠵᠢᠴᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠢ | ᠡᠷᠭᠢᠯᠡᠨ ᠬᠤᠷᠠᠯᠳᠤᠭᠤᠯᠵᠤ᠂ ᠨᠠᠮ ᠤᠨ ᠠᠵᠢᠯᠯᠠᠬᠤ ᠬᠤᠷᠢᠶ᠎ᠠ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠬᠤᠷᠢᠶ᠎ᠠ ᠶᠢᠨ ᠱᠦᠵᠢ ᠫᠠᠩ ᠳ᠋ᠧ ᠰᠢᠤ ᠬᠤᠷᠠᠯ ᠳᠤ ᠣᠷᠣᠯᠴᠠᠵᠤ᠂ ᠬᠠᠮᠢᠶᠠᠷᠤᠯᠲᠠ ᠶᠢᠨ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠤᠳ ᠬᠤᠷᠠᠯ ᠳᠤ ᠣᠷᠣᠯᠴᠠᠵᠠᠶ᠃ | ᠬᠤᠷᠠᠯ ᠠᠴᠠ ᠴᠢᠬᠤᠯᠠᠴᠢᠯᠠᠭᠰᠠᠨ ᠨᠢ᠂ ᠬᠠᠮᠢᠶᠠᠷᠤᠯᠲᠠ ᠶᠢᠨ ᠵᠥᠪᠯᠡᠯ ᠤᠨ ᠰᠢᠰᠲ᠋ᠧᠮ ᠨᠢ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ | ᠭᠦᠨᠵᠡᠭᠡᠶ ᠲᠤᠤᠱᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠠᠶᠢᠮᠠᠭ ᠤᠨ | ᠨᠠᠮ ᠤᠨ ᠬᠤᠷᠢᠶ᠎ᠠ ᠵᠠᠬᠢᠷᠭ᠎ᠠ ᠪᠠ ᠬᠠᠮᠢᠶᠠᠷᠤᠯᠲᠠ ᠶᠢᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ | ᠲᠣᠬᠢᠷᠠᠭᠤᠯᠤᠯᠲᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ︽ᠭᠤᠷᠪᠠᠨ ᠡᠷᠬᠡᠪᠰᠢ︾ ᠪᠠ ︽ᠬᠤᠶᠠᠷ | ᠡᠭᠦᠷᠢᠳᠡ ᠵᠤᠬᠰᠤᠰᠢ ᠦᠭᠡᠢ ᠪᠠᠶᠢᠬᠤ︾ ᠶᠢ ᠪᠠᠲᠤ ᠴᠡᠭᠡᠵᠢᠯᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠤᠯᠤᠰ ᠲᠥᠷᠥ ᠶᠢᠨ ᠲᠣᠭᠲᠠᠯ ᠬᠦᠴᠦᠨ ᠢ ᠢᠮᠠᠭᠲᠠ ᠴᠢᠩᠭᠠᠳᠬᠠᠵᠤ᠂ | ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ | ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ | ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠢᠯᠵᠠᠷᠠᠯ ᠢ ᠡᠰᠡᠷᠭᠦᠴᠡᠨ ᠬᠤᠪᠢᠷᠠᠭᠤᠯᠤᠯᠲᠠ ᠶᠢ ᠰᠡᠷᠭᠡᠶᠢᠯᠡᠬᠦ | ᠴᠢᠳᠠᠪᠤᠷᠢ ᠪᠠᠨ ᠳᠡᠭᠡᠭᠰᠢᠯᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠥᠪ ᠴᠢᠩᠭ᠎ᠠ ᠪᠣᠳᠠᠲᠠᠢ | ᠰᠤᠷᠲᠠᠯ ᠢᠶᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠰᠠᠶᠢᠲᠤᠷ ᠥᠷᠨᠢᠭᠦᠯᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠶᠢ ᠪᠦᠬᠦ ᠲᠠᠯ᠎ᠠ ᠪᠠᠷ ᠠᠬᠢᠭᠤᠯᠵᠤ᠂ | ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ | ᠪᠠᠲᠤᠲᠠᠢ ᠥᠷᠨᠢᠭᠦᠯᠵᠦ᠂ ᠤᠯᠠᠨ ᠠᠷᠭ᠎ᠠ ᠬᠡᠮᠵᠢᠶ᠎ᠡ ᠪᠠᠷ ᠠᠷᠠᠯᠵᠢᠶᠠᠴᠢᠨ ᠤᠷᠢᠬᠤ ᠠᠵᠢᠯ ᠢ ᠠᠳᠬᠤᠵᠤ᠂ ᠠᠮᠤᠷ | ᠲᠦᠪᠰᠢᠨ ᠢ ᠥᠴᠦᠬᠡᠨ ᠴᠦ ᠰᠤᠯᠠᠷᠠᠭᠤᠯᠤᠯ ᠦᠭᠡᠢ ᠠᠳᠬᠤᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ᠂ | ᠲᠥᠪ ᠭᠤᠣᠯᠴᠢ ᠠᠷᠢᠭᠤᠨ ᠴᠢᠬᠡᠴᠢ ᠰᠢᠨ᠎ᠡ ᠰᠤᠷᠲᠠᠯ ᠲᠥᠪ ᠰᠤᠷᠲᠠᠯ ᠢ ᠲᠠᠰᠤᠷᠠᠯᠳᠠ ᠦᠭᠡᠢ ᠪᠠᠳᠠᠷᠠᠭᠤᠯᠵᠤ᠂ ᠨᠡᠩ | ᠡᠷᠡᠰ ᠪᠠᠲᠤ ᠢᠲᠡᠭᠡᠯ ᠵᠣᠷᠢᠭ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ | ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ | ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠠᠮᠢᠶᠠᠷᠤᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠬᠤ ᠬᠡᠷᠡᠭᠲᠡᠢ᠃ | ᠬᠠᠮᠢᠶᠠᠷᠤᠯᠲᠠ ᠶᠢᠨ ᠲᠣᠭᠤᠷᠢᠭ ᠤᠨ ᠡᠯ᠎ᠡ ᠪᠠᠯᠭᠠᠰᠤ ᠲᠠᠯᠠᠪᠠᠢ᠂ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ |