ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 6 ᠤ ᠴᠠᠭᠢᠯᠭᠠᠨ ᠮᠡᠳᠡᠭᠡ 5 ᠰᠠᠷ᠎ᠠ | ᠶᠢᠨ 6 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠣᠨ ᠡᠸᠦ᠋ᠷᠦᠫᠡ ᠲᠢᠪ ᠤᠨ ᠬᠡᠷᠡᠭ | ᠡᠷᠭᠢᠯᠡᠭᠴᠢᠳ ᠤᠨ ᠬᠤᠷᠠᠯ ᠤᠨ ᠲᠡᠷᠢᠭᠦᠯᠡᠭᠴᠢ ᠺᠧᠰᠲ᠋ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ | ᠵᠥᠪᠯᠡᠯ ᠤᠨ ᠲᠡᠷᠢᠭᠦᠯᠡᠭᠴᠢ ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠵᠤ᠂ ᠳᠤᠮᠳᠠᠳᠤ | ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ | 50 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠪᠡ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠮᠥᠨ᠂ ᠪᠠᠰᠠ ᠴᠤ ᠤᠯᠠᠨ ᠲᠦᠢᠯᠵᠢᠯᠳᠡ ᠶᠢ ᠠᠬᠢᠭᠤᠯᠬᠤ ᠬᠤᠶᠠᠷ | ᠶᠡᠭᠡ ᠬᠦᠴᠦᠨ ᠮᠥᠨ᠂ ᠳᠡᠯᠡᠬᠡᠶᠢᠵᠢᠯᠲᠡ ᠶᠢ ᠳᠡᠮᠵᠢᠬᠦ ᠬᠤᠶᠠᠷ ᠶᠡᠭᠡ ᠵᠠᠬ᠎ᠠ ᠳᠡᠯᠭᠡᠭᠦᠷ ᠮᠥᠨ᠂ ᠤᠯᠠᠨ ᠶᠠᠩᠵᠤᠲᠤ | ᠴᠢᠨᠠᠷ ᠢ ᠰᠠᠨᠠᠭᠠᠴᠢᠯᠠᠬᠤ ᠬᠤᠶᠠᠷ ᠶᠡᠭᠡ ᠪᠣᠯᠪᠠᠰᠤᠨ ᠮᠥᠨ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ | ᠲᠤᠷᠰᠢ᠂ ᠬᠤᠶᠠᠷ ᠲᠠᠯ᠎ᠠ ᠶᠢᠨ ᠡᠯ᠎ᠡ ᠳᠠᠪᠬᠤᠷᠭ᠎ᠠ᠂ ᠡᠯ᠎ᠡ ᠬᠦᠷᠢᠶᠡᠨ ᠳᠠᠬᠢ ᠶᠠᠪᠤᠯᠴᠠᠭ᠎ᠠ ᠨᠢᠭᠲᠠᠷᠠᠵᠤ᠂ ᠶᠠᠷᠢᠯᠴᠠᠭ᠎ᠠ | ᠬᠠᠮᠲᠤᠷᠠᠯᠴᠠᠭ᠎ᠠ ᠡᠯᠪᠡᠭ ᠦᠷ᠎ᠡ ᠪᠦᠲᠦᠭᠡᠯ ᠣᠯᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠠᠮᠢᠳᠤᠯᠢᠭ ᠰᠠᠶᠢᠬᠠᠨ | ᠶᠠᠪᠤᠭᠳᠠᠵᠤ᠂ ᠤᠯᠠᠨ ᠲᠠᠯ᠎ᠠ ᠶᠢᠨ ᠵᠣᠬᠢᠴᠠᠭᠤᠯᠭ᠎ᠠ ᠭᠠᠷᠮᠠᠭᠠᠢ ᠦᠷ᠎ᠡ ᠪᠦᠲᠦᠮᠵᠢ ᠣᠯᠪᠠ᠃ ᠳᠤᠮᠳᠠᠳᠤ ᠡᠸᠦ᠋ᠷᠦᠫᠡ ᠶᠢᠨ | ᠬᠠᠷᠢᠯᠴᠠᠭ᠎ᠠ ᠨᠢᠭᠡᠨᠲᠡ ᠳᠡᠯᠡᠬᠡᠢ ᠳᠡᠭᠡᠷᠡᠬᠢ ᠬᠠᠮᠤᠭ ᠤᠨ ᠨᠥᠯᠥᠭᠡᠯᠡᠬᠦ ᠬᠦᠴᠦᠨ ᠲᠠᠢ ᠬᠤᠶᠠᠷ ᠲᠠᠯ᠎ᠠ ᠶᠢᠨ | ᠬᠠᠷᠢᠯᠴᠠᠭ᠎ᠠ ᠶᠢᠨ ᠨᠢᠭᠡ ᠪᠣᠯᠵᠤ᠂ ᠳᠤᠮᠳᠠᠳᠤ ᠡᠸᠦ᠋ᠷᠦᠫᠡ ᠶᠢᠨ ᠠᠷᠠᠳ ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ᠂ | ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠳᠤ ᠳᠡᠯᠡᠬᠡᠢ ᠶᠢᠷᠲᠢᠨᠴᠦ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ | ᠬᠤᠪᠢᠰᠤᠯᠲᠠ ᠲᠦᠷᠭᠡᠳᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠳᠠᠬᠢᠨᠲᠠ ᠵᠠᠩᠭᠢᠯᠠᠭ᠎ᠠ ᠶᠢᠨ ᠲᠣᠨᠣᠯᠵᠢᠨ | ᠵᠠᠮ ᠳᠤ ᠣᠷᠣᠪᠠ᠃ ᠡᠷᠡᠭᠦᠯ ᠲᠣᠭᠲᠠᠭᠤᠨ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠨᠢ ᠬᠠᠷᠢᠯᠴᠠᠨ ᠠᠮᠵᠢᠯᠲᠠ | ᠣᠯᠬᠤ ᠶᠢ ᠠᠬᠢᠭᠤᠯᠬᠤ ᠪᠠᠷ ᠪᠠᠷᠠᠬᠤ ᠦᠭᠡᠢ ᠳᠡᠯᠡᠬᠡᠢ ᠳ᠋ᠠᠬᠢᠨ ᠢ ᠭᠡᠷᠡᠯᠳᠦᠭᠦᠯᠦᠨ ᠭᠡᠶᠢᠭᠦᠯᠦᠨ᠎ᠡ᠃ ᠪᠢ ᠳᠤᠮᠳᠠᠳᠤ | ᠡᠸᠦ᠋ᠷᠦᠫᠡ ᠶᠢᠨ ᠬᠠᠷᠢᠯᠴᠠᠭᠠᠨ ᠤ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠲᠡᠷᠢᠭᠦᠯᠡᠭᠴᠢ | ᠺᠧᠰᠲ᠋ᠠ ᠪᠣᠯᠣᠨ ᠲᠡᠷᠢᠭᠦᠯᠡᠭᠴᠢ ᠹᠧᠩᠳᠧᠯᠠᠶᠢ᠊ ᠆ ᠧᠨ ᠲᠠᠢ ᠬᠠᠮᠲᠤ ᠪᠠᠷ ᠴᠢᠷᠮᠠᠶᠢᠵᠤ᠂ ᠭᠠᠳᠠᠭᠠᠳᠤ ᠬᠠᠷᠢᠯᠴᠠᠭ᠎ᠠ | ᠪᠠᠶᠢᠭᠤᠯᠤᠭᠰᠠᠨ 50 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭᠠᠨ ᠤ | ᠬᠥᠭᠵᠢᠯᠲᠡ ᠶᠢᠨ ᠲᠤᠷᠰᠢᠯᠭ᠎ᠠ ᠶᠢ ᠳ᠋ᠦᠩᠨᠡᠵᠦ᠂ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠭᠦᠨᠵᠡᠭᠡᠶᠢᠷᠡᠭᠦᠯᠵᠦ᠂ | ᠣᠶᠢᠯᠠᠭᠠᠯᠴᠠᠭ᠎ᠠ ᠢᠲᠡᠭᠡᠯᠴᠡᠭᠡ ᠪᠠᠨ ᠨᠡᠮᠡᠭᠳᠡᠭᠦᠯᠵᠦ᠂ ᠬᠠᠨᠢᠲᠠᠨ ᠤ ᠪᠠᠶᠢᠷᠢ ᠲᠣᠭᠲᠠᠭᠠᠯᠲᠠ ᠪᠠᠨ ᠪᠠᠬᠢᠵᠢᠭᠦᠯᠵᠦ᠂ | ᠬᠠᠷᠢᠯᠴᠠᠨ ᠨᠡᠭᠡᠭᠡᠯᠲᠡ ᠬᠢᠬᠦ ᠪᠠᠨ ᠥᠷᠭᠡᠳᠬᠡᠵᠦ᠂ ᠵᠥᠷᠢᠯᠳᠦᠭᠡᠨ ᠢᠶᠠᠨ ᠲᠣᠬᠢᠲᠠᠢ ᠰᠢᠢᠳᠪᠦᠷᠢᠯᠡᠵᠦ᠂ ᠳᠤᠮᠳᠠᠳᠤ | ᠡᠸᠦ᠋ᠷᠦᠫᠡ ᠶᠢᠨ ᠬᠠᠷᠢᠯᠴᠠᠭᠠᠨ ᠤ ᠨᠡᠩ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ ᠳᠤᠮᠳᠠᠳᠤ ᠡᠸᠦ᠋ᠷᠦᠫᠡ | ᠬᠤᠶᠠᠷ ᠲᠠᠯ᠎ᠠ ᠪᠠᠷ ᠢᠶᠠᠨ ᠤᠯᠠᠨ ᠲᠠᠯᠠᠲᠤ ᠦᠵᠡᠯ ᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ | ᠬᠠᠮᠠᠭᠠᠯᠠᠵᠤ᠂ ᠭᠠᠭᠴᠠ ᠲᠠᠯ᠎ᠠ ᠶᠢᠨ ᠡᠵᠡᠷᠬᠡᠭᠯᠡᠯ ᠢ ᠡᠰᠡᠷᠭᠦᠴᠡᠵᠦ᠂ ᠪᠦᠭᠦ ᠪᠥᠮᠪᠥᠷᠴᠡᠭ ᠤᠨ ᠴᠢᠨᠠᠷᠲᠠᠢ | ᠥᠷᠢᠰᠦᠯᠳᠦᠭᠡᠨ ᠢ ᠭᠠᠷ ᠬᠤᠯᠪᠣᠨ ᠠᠷᠭᠠᠴᠠᠭᠠᠵᠤ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ | ᠲᠦᠢᠯᠵᠢᠯᠳᠡ ᠪᠣᠯᠣᠨ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠬᠠᠮᠲᠤ ᠪᠠᠷ | ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠲᠣᠭᠲᠠᠭᠤᠨ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ | ᠦᠵᠡᠭᠦᠯᠦᠶ᠎ᠡ ᠭᠡᠵᠦ ᠴᠢᠬᠤᠯᠠᠴᠢᠯᠠᠪᠠ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 | ᠵᠢᠯ ᠳᠤ ᠳᠤᠮᠳᠠᠳᠤ ᠤᠯᠤᠰ ᠲᠡᠦᠬᠡᠨ ᠳᠡᠭᠡᠷᠡᠬᠢ ᠬᠠᠮᠤᠭ ᠤᠨ ᠲᠦᠷᠭᠡᠨ ᠦᠷᠭᠦᠯᠵᠢᠯᠡᠭᠰᠡᠨ ᠠᠵᠤ ᠠᠬᠤᠢ ᠶᠢᠨ | ᠨᠡᠮᠡᠭᠳᠡᠯ ᠢ ᠪᠡᠶᠡᠯᠡᠭᠦᠯᠪᠡ᠃ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠪᠣᠯᠣᠨ ᠳᠤᠮᠳᠠᠳᠤ ᠤᠯᠤᠰ ᠥᠷᠭᠡᠨ | ᠳᠡᠯᠭᠡᠷ ᠬᠠᠷᠢᠯᠴᠠᠭ᠎ᠠ ᠪᠠᠶᠢᠭᠤᠯᠵᠤ᠂ ᠬᠠᠷᠢᠯᠴᠠᠨ ᠬᠠᠮᠤᠭ ᠤᠨ ᠴᠢᠬᠤᠯᠠ ᠠᠷᠠᠯᠵᠢᠶᠠᠨ ᠤ ᠬᠠᠨᠢᠲᠠᠨ ᠪᠣᠯᠵᠤ᠂ ᠬᠤᠶᠠᠷ | ᠲᠠᠯ᠎ᠠ ᠶᠢᠨ ᠠᠷᠠᠳ ᠲᠦᠮᠡᠨ ᠤ ᠠᠵᠠ ᠵᠢᠷᠭᠠᠯ ᠪᠣᠯᠣᠨ ᠠᠵᠤ ᠠᠬᠤᠢ ᠶᠢᠨ ᠬᠥᠭᠵᠢᠯ ᠴᠡᠴᠡᠭᠯᠡᠯ ᠳᠤ ᠬᠤᠪᠢ ᠨᠡᠮᠡᠷᠢ | ᠦᠵᠡᠭᠦᠯᠪᠡ᠃ ᠣᠳᠣᠬᠠᠨ ᠤ ᠪᠦᠭᠦ ᠪᠥᠮᠪᠥᠷᠴᠡᠭ ᠤᠨ ᠲᠣᠬᠲᠠᠭᠠᠯᠲᠦ ᠪᠤᠰᠤ ᠴᠢᠨᠠᠷ ᠪᠣᠯᠣᠨ ᠭᠠᠵᠠᠷ ᠣᠷᠣᠨ ᠤ ᠤᠯᠤᠰ | ᠲᠦᠷᠦ ᠶᠢᠨ ᠬᠤᠪᠢᠷᠠᠯᠲᠠ ᠶᠢᠨ ᠠᠬᠤᠢ ᠪᠠᠶᠢᠳᠠᠯ ᠳᠣᠣᠷ᠎ᠠ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ | ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠨᠢᠲᠠᠨ ᠤ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠶᠠᠪᠤᠯᠴᠠᠭ᠎ᠠ | ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ | ᠳᠦᠷᠢᠮ ᠤᠨ ᠵᠣᠷᠢᠯᠲᠠ ᠵᠠᠷᠴᠢᠮ ᠢ ᠬᠠᠮᠠᠭᠠᠯᠠᠵᠤ᠂ ᠭᠠᠷ ᠬᠤᠯᠪᠣᠨ ᠬᠠᠮᠲᠤ ᠶᠢᠨ ᠥᠷᠢᠰᠦᠯᠳᠦᠭᠡᠨ ᠢ ᠠᠷᠭᠠᠴᠠᠭᠠᠵᠤ᠂ | ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ ᠪᠣᠯᠣᠨ ᠦᠷᠭᠦᠯᠵᠢᠯᠡᠬᠦ ᠬᠥᠭᠵᠢᠯᠲᠡ ᠶᠢ | ᠠᠬᠢᠭᠤᠯᠤᠨ᠎ᠠ ᠭᠡᠵᠦ ᠢᠯᠡᠳᠬᠡᠪᠡ᠃ | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠣᠨ ᠺᠧᠰᠲ᠋ᠠ᠂ | ᠹᠧᠩᠳᠧᠯᠠᠶᠢ᠊ ᠆ ᠧᠨ ᠬᠠᠷᠢᠯᠴᠠᠨ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ | ᠳᠤᠷᠠᠲᠠᠶ᠎ᠠ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠲᠠᠢ ᠬᠠᠮᠲᠤ ᠪᠠᠷ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ ᠶᠢᠨ | ᠬᠠᠷᠢᠯᠴᠠᠭᠠᠨ ᠤ ᠲᠣᠭᠲᠠᠭᠤᠨ ᠴᠢᠨᠠᠷ᠂ ᠪᠦᠲᠦᠭᠡᠯᠴᠢ ᠴᠢᠨᠠᠷ᠂ ᠬᠠᠷᠢᠯᠴᠠᠨ ᠬᠠᠷᠠᠭᠠᠯᠵᠠᠬᠤ ᠴᠢᠨᠠᠷ᠂ ᠪᠦᠭᠦ | ᠪᠥᠮᠪᠥᠷᠴᠡᠭ ᠤᠨ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠡᠯᠡᠬᠡᠢ ᠳ᠋ᠠᠬᠢᠨ ᠳᠤ ᠨᠡᠩ ᠤᠯᠠᠨ ᠲᠣᠭᠲᠠᠭᠤᠨ | ᠴᠢᠨᠠᠷ ᠪᠠ ᠢᠳᠡᠪᠬᠢ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ | ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠤᠳᠤᠷᠢᠳᠬᠤ ᠬᠥᠮᠥᠰ᠂ ᠥᠩᠭᠡᠷᠡᠭᠰᠡᠨ 50 | ᠵᠢᠯ ᠳᠤ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶᠢᠷᠡᠨ ᠥᠷᠭᠡᠵᠢᠪᠡ᠃ ᠡᠸᠦ᠋ᠷᠦᠫᠡ | ᠲᠢᠪ ᠤᠨ ᠤᠯᠤᠰ ᠤᠳ ᠤᠨ ᠬᠤᠯᠪᠤᠭ᠎ᠠ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠭᠤᠷ ᠠᠮᠢᠰᠬᠤᠯ ᠤᠨ | ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠵᠤ᠂ ᠤᠯᠠᠨ | ᠲᠠᠯᠠᠲᠤ ᠦᠵᠡᠯ ᠪᠣᠯᠣᠨ ᠲᠣᠭᠲᠠᠭᠤᠨ ᠳᠡᠯᠡᠬᠡᠢ ᠶᠢᠨ ᠡᠮᠬᠢ ᠳᠢᠭᠯᠢᠮ ᠢ ᠬᠠᠮᠠᠭᠠᠯᠠᠨ᠎ᠠ ᠭᠡᠵᠦ ᠢᠯᠡᠳᠬᠡᠪᠡ᠃ |