ᠰᠢ ᠶᠢᠨ ᠫᠢᠩ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠢᠭᠤᠯᠴᠢᠯᠠᠯ ᠤᠨ ᠣᠩᠭᠤᠴᠠ ᠬᠥᠷᠪᠡᠭᠰᠡᠨ ᠠᠳᠡᠯ ᠤᠨ ᠲᠤᠬᠠᠢ ᠴᠢᠬᠤᠯᠠ ᠵᠢᠭᠠᠪᠤᠷᠢ ᠥᠭᠴᠦ ᠴᠢᠬᠤᠯᠠᠴᠢᠯᠠᠭᠰᠠᠨ ᠨᠢ᠄ ᠠᠷᠭ᠎ᠠ ᠪᠦᠭᠦᠨ ᠢ ᠰᠦᠪᠡᠭᠴᠢᠯᠡᠵᠦ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠦ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠣᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠯᠢ ᠴᠢᠶᠠᠩ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2025/5/8

      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 4 ᠤ ᠴᠠᠭᠢᠯᠭᠠᠨ ᠮᠡᠳᠡᠭᠡ 5 ᠰᠠᠷ᠎ᠠ ᠶᠢᠨ 4 ᠤ 16

ᠴᠠᠭ 40 ᠮᠢᠨᠦ᠋ᠲ ᠤᠨ ᠦᠶ᠎ᠡ ᠪᠠᠷ ᠭᠦᠢᠵᠧᠦ ᠶᠢᠨ ᠪᠢ ᠵᠢᠶᠧ ᠬᠤᠲᠠ ᠶᠢᠨ ᠴᠢᠶᠠᠨ ᠰᠢ ᠬᠤᠲᠠ ᠶᠢᠨ ᠰᠢᠨ ᠷᠧᠨ

ᠰᠢᠶᠠᠩ ᠤᠨ ᠬᠤᠸᠠ ᠦ᠋ ᠲᠣᠰᠬᠤᠨ ᠤ ᠵᠠᠭᠤᠨ ᠭᠠᠵᠠᠷ ᠤᠨ  ᠵᠢᠷᠤᠭᠲᠤ  ᠬᠤᠩᠭᠢᠯ  ᠤᠨ  ᠦᠵᠡᠮᠵᠢ  ᠶᠢᠨ  ᠣᠷᠣᠨ

 ᠳᠤ  ᠵᠢᠭᠤᠯᠴᠢᠯᠠᠯ ᠤᠨ  ᠣᠩᠭᠤᠴᠠ  ᠬᠥᠷᠪᠡᠭᠰᠡᠨ  ᠠᠳᠡᠯ  ᠭᠠᠷᠴᠠᠢ᠃  ᠣᠳᠣᠬᠠᠨ ᠪᠤᠯᠲᠠᠯ᠎ᠠ᠂ ᠠᠳᠡᠯ ᠳᠤ 3

ᠬᠥᠮᠥᠨ ᠠᠳᠡᠵᠦ᠂ 60 ᠬᠥᠮᠥᠨ ᠢ ᠡᠮᠨᠡᠯᠭᠡ ᠳᠤ ᠬᠦᠷᠭᠡᠨ ᠠᠪᠤᠷᠠᠨ ᠡᠮᠨᠡᠵᠦ᠂ 14 ᠬᠥᠮᠥᠨ ᠢ ᠶᠠᠭ ᠡᠷᠢᠨ ᠠᠪᠤᠷᠠᠵᠤ

ᠪᠠᠶᠢᠨ᠎ᠠ᠃

     ᠠᠳᠡᠯ ᠡᠭᠦᠰᠦᠭᠰᠡᠨ ᠤ ᠳᠠᠷᠠᠭ᠎ᠠ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ

ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ

ᠰᠢ ᠶᠢᠨ ᠫᠢᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠴᠢᠬᠤᠯᠠ ᠵᠢᠭᠠᠪᠤᠷᠢ ᠥᠭᠴᠦ᠂ ᠭᠦᠢᠵᠧᠦ ᠶᠢᠨ

ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ

ᠬᠥᠷᠪᠡᠭᠰᠡᠨ ᠠᠳᠡᠯ ᠭᠠᠷᠪᠠ᠂ ᠠᠷᠭ᠎ᠠ ᠪᠦᠭᠦᠨ ᠢ ᠰᠦᠪᠡᠭᠴᠢᠯᠡᠨ ᠤᠰᠤᠨ ᠳᠤ ᠤᠨᠠᠭᠰᠠᠨ ᠬᠥᠮᠥᠰ ᠢ ᠡᠷᠢᠨ ᠠᠪᠤᠷᠠᠵᠤ᠂

ᠪᠦᠭᠦ ᠬᠦᠴᠦᠨ ᠢᠶᠠᠷ ᠢᠶᠠᠨ ᠰᠢᠷᠬᠠᠲᠤᠭᠰᠠᠳ ᠢ ᠠᠪᠤᠷᠠᠨ ᠡᠮᠨᠡᠵᠦ᠂ ᠠᠳᠡᠭᠰᠡᠳ ᠤᠨ ᠬᠤᠶᠢᠲᠤᠬᠢ ᠶᠠᠪᠤᠳᠠᠯ ᠵᠢᠴᠢ ᠭᠡᠷ

ᠪᠦᠯᠢ ᠶᠢᠨ ᠬᠢᠨ ᠢ ᠲᠣᠬᠤᠨᠢᠭᠤᠯᠬᠤ ᠵᠡᠷᠭᠡ ᠠᠵᠢᠯ ᠢ ᠲᠣᠬᠢᠲᠠᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠣᠶᠢᠷ᠎ᠠ ᠶᠢᠨ ᠬᠤᠭᠤᠴᠠᠭᠠᠨ ᠳᠤ ᠵᠠᠷᠢᠮ ᠭᠠᠵᠠᠷ ᠲᠤ ᠵᠠᠯᠭᠠᠭ᠎ᠠ ᠪᠠᠷ ᠠᠮᠤᠷ ᠲᠦᠪᠰᠢᠨ ᠤ

ᠠᠳᠡᠯ ᠭᠠᠷᠴᠤ ᠤᠯᠠᠨ ᠬᠥᠮᠥᠨ ᠦᠬᠦᠵᠦ ᠰᠢᠷᠬᠠᠲᠤᠪᠠ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠢᠨ ᠭᠦᠨᠵᠡᠭᠡᠢ ᠰᠤᠷᠭᠠᠮᠵᠢ ᠠᠪᠴᠤ᠂ ᠠᠯᠮᠠᠶᠢᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ᠡᠯ᠎ᠡ

ᠲᠠᠯ᠎ᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠵᠢᠭᠤᠯᠴᠢᠯᠠᠯ ᠤᠨ ᠦᠵᠡᠮᠵᠢ ᠶᠢᠨ

ᠣᠷᠣᠨ᠂ ᠲᠣᠮᠣ ᠭᠡᠯᠪᠡᠷᠢ ᠶᠢᠨ ᠤᠯᠠᠨ ᠨᠡᠶᠢᠲᠡ ᠶᠢᠨ ᠲᠠᠯᠠᠪᠤᠷ᠂ ᠰᠠᠭᠤᠭᠠᠯᠢ ᠠᠷᠠᠳ ᠤᠨ ᠲᠣᠭᠤᠷᠢᠭ᠂ ᠡᠷᠭᠢᠵᠦ

ᠬᠠᠷᠢᠬᠤ ᠵᠠᠮ ᠬᠠᠷᠢᠯᠴᠠᠭ᠎ᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠠᠷᠭ᠎ᠠ ᠬᠡᠮᠵᠢᠶ᠎ᠡ ᠶᠢ

ᠴᠢᠩᠭᠠᠳᠬᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠦᠨᠳᠦ ᠣᠨᠴᠠ ᠶᠡᠭᠡ ᠠᠮᠤᠷ

ᠲᠦᠪᠰᠢᠨ ᠤ ᠠᠳᠡᠯ ᠤᠯᠠᠨ ᠡᠭᠦᠰᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ

ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ

ᠥᠭᠴᠦ᠂ ᠬᠠᠷᠢᠯᠴᠠᠭ᠎ᠠ ᠲᠠᠰᠤᠷᠠᠬᠰᠠᠨ ᠬᠥᠮᠥᠰ ᠢ ᠪᠦᠭᠦ ᠬᠦᠴᠦᠨ ᠢᠶᠠᠷ ᠢᠶᠠᠨ ᠡᠷᠢᠨ ᠠᠪᠤᠷᠠᠵᠤ᠂ ᠰᠢᠷᠬᠠᠲᠤᠭᠰᠠᠳ ᠢ

ᠠᠪᠤᠷᠠᠨ ᠡᠮᠨᠡᠵᠦ᠂ ᠭᠡᠷ ᠪᠦᠯᠢ ᠶᠢᠨ ᠬᠢᠨ ᠢ ᠲᠣᠬᠤᠨᠢᠭᠤᠯᠬᠤ᠂ ᠬᠤᠶᠢᠲᠤᠬᠢ ᠶᠠᠪᠤᠳᠠᠯ ᠢ ᠰᠢᠢᠳᠪᠦᠷᠢᠯᠡᠬᠦ ᠪᠠ ᠠᠳᠡᠯ ᠢ

ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃ ︽5 · 1︾ ᠤ ᠠᠮᠠᠷᠠᠯᠲᠠ

ᠰᠢᠪᠲᠤᠷᠠᠭᠠᠨ ᠳᠠᠭᠠᠨ ᠣᠷᠣᠵᠠᠢ᠂ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠠᠶᠤᠯᠭᠦᠢ

ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ

ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠱᠠᠯᠠᠪᠳᠠᠭᠤᠯᠤᠨ ᠵᠢᠯᠤᠭᠤᠳᠴᠤ᠂ ᠭᠤᠣᠯᠳᠠᠯᠭ᠎ᠠ ᠲᠠᠢ

ᠲᠠᠯᠠᠪᠤᠷ ᠭᠠᠵᠠᠷ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠲᠣᠪᠤᠶᠢᠯᠭᠠᠨ᠂ ᠠᠶᠤᠯ ᠲᠦᠭᠰᠢᠭᠦᠷᠢ ᠶᠢᠨ ᠭᠡᠮ

ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ ᠠᠷᠢᠯᠭᠠᠨ᠂ ᠡᠯ᠎ᠡ ᠲᠦᠷᠦᠯ ᠤᠨ ᠬᠦᠨᠳᠦ ᠣᠨᠴᠠ ᠶᠡᠭᠡ ᠠᠳᠡᠯ

ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

     ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠯᠢ ᠴᠢᠶᠠᠩ ᠤᠨ ᠱᠠᠭᠠᠷᠳᠠᠯᠭ᠎ᠠ ᠶᠢ ᠦᠨᠳᠦᠰᠦᠯᠡᠨ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂

ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠵᠠᠩ ᠭᠦᠸᠧ ᠴᠢᠩ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠲᠤᠬᠠᠢ ᠶᠢᠨ ᠲᠠᠯᠠᠪᠠᠢ ᠳᠤ ᠬᠦᠷᠴᠦ ᠠᠪᠤᠷᠠᠨ ᠲᠤᠰᠠᠯᠠᠵᠤ

ᠰᠢᠢᠳᠪᠦᠷᠢᠯᠡᠬᠦ ᠠᠵᠢᠯ ᠢ ᠵᠢᠭᠠᠨ ᠵᠢᠯᠣᠭᠤᠳᠪᠠ᠃ ᠭᠦᠢᠵᠧᠦ ᠮᠤᠵᠢ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ

ᠭᠤᠣᠯ ᠬᠠᠷᠢᠭᠤᠴᠠᠯᠭᠠᠲᠠᠨ ᠨᠥᠬᠦᠳ ᠨᠢᠭᠡᠨᠲᠡ ᠲᠤᠬᠠᠢ ᠶᠢᠨ ᠲᠠᠯᠠᠪᠠᠢ ᠳᠤ ᠪᠠᠴᠢᠮ ᠪᠠᠶᠢᠳᠠᠯ ᠢ ᠠᠷᠭᠠᠴᠠᠭᠠᠨ

ᠰᠢᠢᠳᠪᠦᠷᠢᠯᠡᠬᠦ ᠠᠵᠢᠯ ᠢ ᠵᠢᠯᠤᠭᠤᠳᠴᠤ᠂ ᠭᠦᠢᠵᠧᠦ ᠮᠤᠵᠢ᠂ ᠪᠢ ᠵᠢᠶᠧ ᠬᠤᠳᠠ ᠶᠢᠨ ᠬᠢᠨ ᠲᠤᠬᠠᠢ ᠶᠢᠨ ᠲᠠᠯᠠᠪᠠᠢ ᠳᠤ

ᠡᠷᠢᠵᠦ ᠠᠪᠤᠷᠠᠬᠤ᠂ ᠰᠢᠷᠬᠠᠲᠤᠭᠰᠠᠳ ᠢ ᠠᠪᠤᠷᠠᠨ ᠡᠮᠨᠡᠬᠦ ᠵᠡᠷᠭᠡ ᠠᠵᠢᠯ ᠢ ᠪᠦᠭᠦ ᠬᠦᠴᠦ ᠪᠠᠷ ᠢᠶᠠᠨ ᠰᠠᠶᠢᠲᠤᠷ ᠬᠢᠵᠦ

ᠪᠠᠶᠢᠨ᠎ᠠ᠃ ᠣᠳᠣᠬᠠᠨ ᠳᠤ ᠬᠤᠯᠪᠣᠭᠳᠠᠯ ᠪᠦᠬᠦᠢ ᠠᠵᠢᠯ ᠶᠠᠭ ᠶᠠᠪᠤᠭᠳᠠᠵᠤ ᠪᠤᠢ᠃

 
ᠢᠷᠡᠯᠲᠡ᠄ ᠥᠪᠥᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号