ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 30 ᠤ ᠴᠠᠭᠢᠯᠭᠠᠨ ᠮᠡᠳᠡᠭᠡ 5 ᠰᠠᠷ᠎ᠠ ᠶᠢᠨ 1 ᠤ | ᠡᠳᠦᠷ ᠬᠡᠪᠯᠡᠭᠳᠡᠬᠦ 9 ᠳ᠋ᠦ᠋ᠭᠡᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠣᠮᠤᠭ ᠲᠡᠭᠦᠯᠳᠡᠷ ᠢᠶᠠᠷ | ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠵᠣᠬᠢᠶᠠᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠨᠠᠮ ᠤᠨ ᠵᠠᠯᠠᠭᠤᠴᠤᠳ ᠤᠨ | ᠠᠵᠢᠯ ᠴᠢᠬᠤᠯᠠ ᠶᠡᠭᠡ ᠠᠮᠵᠢᠯᠲᠠ ᠣᠯᠵᠤ᠂ ᠭᠦᠨᠵᠡᠭᠡᠢ ᠬᠤᠪᠢᠰᠤᠯᠲᠠ ᠭᠠᠷᠴᠤ᠂ ᠡᠪ ᠬᠠᠮᠲᠤ ᠵᠠᠯᠠᠭᠤᠴᠤᠳ ᠤᠨ | ᠡᠪᠯᠡᠯ ᠪᠣᠯᠣᠨ ᠵᠠᠯᠠᠭᠤᠴᠤᠳ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠭᠦ ᠲᠠᠯ᠎ᠠ ᠪᠠᠷ ᠴᠢᠩᠭᠠᠷᠠᠵᠤ᠂ ᠡᠪᠯᠡᠯ ᠤᠨ | ᠣᠷᠣᠰᠢᠨ ᠲᠣᠭᠲᠠᠨᠢᠬᠤ ᠦᠨᠳᠦᠰᠦ ᠪᠣᠯᠣᠨ ᠤᠯᠤᠰ ᠲᠦᠷᠦ ᠶᠢᠨ ᠰᠦᠭ ᠰᠦᠨᠡᠰᠦ ᠨᠡᠩ ᠪᠠᠬᠢᠵᠢᠵᠦ᠂ ᠡᠪ ᠬᠠᠮᠲᠤ | ᠵᠠᠯᠠᠭᠤᠴᠤᠳ ᠤᠨ ᠡᠪᠯᠡᠯ ᠤᠨ ᠠᠵᠢᠯ ᠤᠨ ᠴᠢᠭᠯᠡᠯ ᠡᠭᠦᠷᠭᠡ ᠨᠡᠩ ᠲᠣᠳᠣᠷᠬᠠᠢ ᠪᠣᠯᠵᠤ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠨᠡᠩ ᠢᠯᠡ ᠲᠣᠳᠣ | ᠪᠣᠯᠵᠤ᠂ ᠡᠪᠯᠡᠯ ᠤᠨ ᠺᠠᠳ᠋ᠷ ᠤᠨ ᠦᠵᠡᠯ ᠰᠤᠷᠲᠠᠯ᠂ ᠠᠵᠢᠯ ᠤᠨ ᠰᠤᠷᠲᠠᠯ᠂ ᠠᠮᠢᠳᠤᠷᠠᠯ ᠤᠨ ᠰᠤᠷᠲᠠᠯ ᠨᠡᠩ | ᠢᠳᠡᠪᠬᠢᠲᠡᠢ ᠡᠷᠡᠭᠦᠯ ᠥᠭᠡᠳᠡᠷᠬᠡᠭ ᠪᠣᠯᠵᠤ᠂ ᠥᠷᠭᠡᠨ ᠤᠯᠠᠨ ᠵᠠᠯᠠᠭᠤᠴᠤᠳ ᠤᠨ ᠳᠤᠮᠳᠠ ᠴᠣ ᠰᠢᠨ᠎ᠡ ᠳᠦᠷᠢ ᠲᠥᠷᠬᠦ | ᠢᠯᠡᠷᠡᠪᠡ᠃ ᠡᠪ ᠬᠠᠮᠲᠤ ᠵᠠᠯᠠᠭᠤᠴᠤᠳ ᠤᠨ ᠡᠪᠯᠡᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠲᠣᠭᠤᠷᠢᠨ ᠳᠤ᠂ ᠥᠷᠭᠡᠨ ᠣᠯᠠᠨ | ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠤᠨ ᠢᠳᠡᠪᠬᠢᠲᠡᠢ ᠣᠷᠤᠯᠴᠠᠬᠤ᠂ ᠬᠦᠨᠳᠦ ᠡᠭᠦᠷᠭᠡ ᠶᠢ ᠵᠣᠷᠢᠭᠲᠠᠢ | ᠡᠭᠦᠷᠭᠡᠯᠡᠬᠦ᠂ ᠡᠮᠦᠨ᠎ᠡ ᠨᠢ ᠭᠠᠪᠰᠢᠭᠠᠶᠢᠯᠠᠬᠤ ᠶᠢ ᠵᠣᠬᠢᠶᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠵᠠᠯᠠᠭᠤᠴᠤᠳ ᠤᠨ ᠰᠥᠰᠥ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠨᠠᠮ ᠤᠨ ᠲᠥᠪ | ᠬᠤᠷᠢᠶ᠎ᠠ ᠠᠴᠠ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠥᠷᠭᠡᠨ ᠤᠯᠠᠨ ᠵᠠᠯᠠᠭᠤᠴᠤᠳ ᠢ ᠭᠦᠢᠴᠡᠳ ᠢᠲᠡᠭᠡᠵᠦ᠂ | ᠮᠠᠰᠢ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ︕ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠡᠪᠯᠡᠯ ᠤᠨ ᠲᠥᠪ ᠬᠤᠷᠢᠶ᠎ᠠ ᠪᠣᠯᠣᠨ ᠡᠯ᠎ᠡ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠠᠴᠠ ᠳᠠᠭᠠᠭᠠᠯᠭᠠᠭᠰᠠᠨ ᠡᠭᠦᠷᠭᠡ ᠬᠠᠷᠢᠭᠤᠴᠠᠯᠭ᠎ᠠ ᠶᠢ ᠦᠨᠡᠨ ᠬᠦ | ᠡᠭᠦᠷᠭᠡᠯᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠤ ᠭᠤᠣᠯ | ᠰᠡᠳᠦᠪ ᠢ ᠪᠠᠲᠤ ᠡᠵᠡᠮᠳᠡᠬᠦ ᠬᠡᠷᠡᠭᠲᠡᠢ᠃ ᠨᠠᠮ ᠤᠨ ᠭᠤᠣᠯ ᠡᠭᠦᠷᠭᠡ ᠶᠢ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠭᠤᠣᠯ ᠰᠡᠳᠦᠪ ᠪᠠ ᠴᠢᠭᠯᠡᠯ ᠪᠤᠯᠭᠠᠬᠤ ᠪᠣᠯ 100 ᠭᠠᠷᠤᠢ ᠵᠢᠯ ᠤᠨ | ᠲᠤᠷᠰᠢᠬᠢ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠ ᠵᠠᠯᠠᠭᠤᠴᠤᠳ ᠤᠨ ᠠᠵᠢᠯ ᠤᠨ ᠨᠢᠭᠡᠨ | ᠦᠨᠳᠦᠰᠦᠨ ᠲᠤᠷᠰᠢᠯᠭ᠎ᠠ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠡᠷᠬᠡᠪᠰᠢ ᠨᠠᠮ ᠤᠨ ᠬᠤᠷᠢᠳᠤᠭᠠᠷ ᠶᠡᠭᠡ | ᠬᠤᠷᠠᠯ ᠠᠴᠠ ᠲᠣᠭᠲᠠᠭᠠᠭᠰᠠᠨ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ | ᠲᠣᠭᠤᠷᠢᠨ ᠳᠤ ᠠᠵᠢᠯ ᠢᠶᠠᠨ ᠥᠷᠨᠢᠭᠦᠯᠬᠦ ᠬᠡᠷᠡᠭᠲᠡᠢ᠃ ᠵᠠᠯᠠᠭᠤᠴᠤᠳ ᠢ ᠬᠠᠮᠤᠭ ᠤᠨ ᠥᠷᠭᠡᠨ ᠳᠡᠯᠭᠡᠷ ᠢᠶᠠᠷ | ᠪᠦᠯᠬᠦᠮᠳᠡᠭᠦᠯᠵᠦ᠂ ᠵᠣᠬᠢᠶᠠᠨ ᠪᠠᠶᠢᠭᠤᠯᠵᠤ᠂ ᠲᠠᠶᠢᠴᠢᠯᠠᠵᠥ᠂ ᠥᠷᠭᠡᠨ ᠤᠯᠠᠨ ᠵᠠᠯᠠᠭᠤᠴᠤᠳ ᠤᠨ ᠲᠡᠦᠬᠡ ᠶᠢᠨ | ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠪᠤᠳᠤᠯ ᠢᠶᠠᠨ ᠴᠢᠩᠭᠠᠳᠬᠠᠬᠤ ᠶᠢ ᠵᠣᠷᠢᠭᠵᠢᠭᠤᠯᠵᠤ᠂ ᠤᠯᠤᠰ ᠢᠶᠠᠨ | ᠬᠦᠴᠦᠷᠬᠡᠭᠵᠢᠭᠦᠯᠬᠦ ᠳᠤ ᠪᠢ ᠪᠠᠶᠢᠨ᠎ᠠ ᠭᠡᠬᠦ ᠵᠠᠯᠠᠭᠤ ᠨᠠᠰᠤᠨ ᠤ ᠣᠷᠭᠢᠯᠤᠮ᠎ᠠ ᠰᠡᠳᠬᠢᠯᠭᠡ ᠶᠢ ᠨᠢ ᠬᠥᠭᠵᠢᠭᠡᠵᠦ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠤᠨ ᠳᠤᠮᠳᠠ ᠵᠣᠷᠢᠭᠲᠠᠢ ᠪᠠᠷ ᠬᠤᠰᠢᠭᠤᠴᠢ ᠠᠩᠭᠢ᠂ ᠭᠠᠪᠰᠢᠭᠠᠢ ᠠᠩᠭᠢ ᠪᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠥᠷᠭᠡᠨ ᠤᠯᠠᠨ ᠵᠠᠯᠠᠭᠤᠴᠤᠳ ᠤᠨ ᠤᠯᠤᠰ ᠲᠦᠷᠦ ᠶᠢᠨ ᠵᠢᠯᠣᠭᠤᠳᠤᠯᠭ᠎ᠠ ᠶᠢ ᠬᠦᠴᠦᠯᠡᠨ | ᠴᠢᠩᠭᠠᠳᠬᠠᠬᠤ ᠬᠡᠷᠡᠭᠲᠡᠢ᠃ ᠵᠠᠯᠠᠭᠤᠴᠤᠳ ᠬᠦᠰᠡᠯᠡᠩ ᠲᠠᠢ ᠪᠠᠶᠢᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ | ᠬᠠᠯᠠ ᠶᠢ ᠳᠠᠭᠠᠭᠠᠵᠤ᠂ ᠵᠣᠷᠢᠭᠲᠠᠢ ᠲᠡᠮᠡᠴᠡᠪᠡᠯ ᠳᠤᠮᠳᠠᠳᠤ ᠤᠯᠤᠰ ᠤᠨ ᠵᠠᠯᠠᠭᠤᠴᠤᠳ ᠰᠠᠶ᠋ᠢ ᠬᠦᠴᠦᠨ ᠴᠢᠳᠠᠯ ᠲᠠᠢ | ᠪᠣᠯᠵᠤ᠂ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠰᠠᠶ᠋ᠢ ᠬᠦᠰᠡᠯ ᠡᠷᠡᠮᠡᠯᠵᠡᠯ ᠢᠶᠠᠷ ᠪᠢᠯᠬᠠᠨ᠎ᠠ᠃ | ᠥᠷᠭᠡᠨ ᠤᠯᠠᠨ ᠵᠠᠯᠠᠭᠤᠴᠤᠳ ᠤᠨ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ | ᠤᠷᠤᠰᠬᠠᠯ ᠳᠤᠮᠳᠠ ᠵᠥᠪ ᠠᠮᠢᠳᠤᠷᠠᠬᠤᠢ ᠶᠢᠨ ᠬᠠᠷᠠᠯᠲᠠ ᠪᠠᠨ ᠲᠣᠭᠲᠠᠭᠠᠬᠤ ᠬᠡᠷᠡᠭᠲᠡᠢ᠃ ᠡᠪ ᠬᠠᠮᠲᠤ | ᠵᠠᠯᠠᠭᠤᠴᠤᠳ ᠤᠨ ᠡᠪᠯᠡᠯ ᠪᠣᠯ ᠵᠠᠯᠠᠭᠤᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠤᠯᠤᠰ | ᠲᠦᠷᠦ ᠶᠢᠨ ᠰᠤᠷᠭᠠᠭᠤᠯᠢ ᠮᠥᠨ᠂ ᠤᠯᠤᠰ ᠲᠦᠷᠦ ᠶᠢᠨ ᠴᠢᠨᠠᠷ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ | ᠨᠢᠭᠡᠳᠦᠭᠡᠷ ᠰᠢᠨᠵᠢ ᠴᠢᠨᠠᠷ ᠮᠥᠨ᠃ ᠥᠷᠭᠡᠨ ᠣᠯᠠᠨ ᠡᠪᠯᠡᠯ ᠤᠨ ᠭᠡᠰᠢᠭᠦᠨ ᠪᠠ ᠵᠠᠯᠠᠭᠤᠴᠤᠳ ᠤᠨ ᠤᠯᠤᠰ | ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠨᠡᠶᠢᠭᠡᠮ ᠵᠢᠷᠤᠮ ᠤᠨ | ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠥᠵᠢᠭᠦᠯᠵᠦ᠂ ᠨᠠᠮ ᠳᠤ ᠡᠷᠡᠭᠦᠯ ᠮᠡᠨᠳᠦ | ᠠᠮᠢᠵᠢᠷᠠᠯ ᠤᠨ ᠬᠦᠴᠦᠨ ᠲᠠᠢ ᠰᠢᠨ᠎ᠡ ᠰᠣᠷᠭᠤᠭ ᠴᠢᠰᠤ ᠶᠢ ᠲᠠᠰᠤᠷᠠᠯᠲᠠ ᠦᠭᠡᠢ ᠬᠦᠷᠭᠡᠬᠦ ᠬᠡᠷᠡᠭᠲᠡᠢ᠃ ᠡᠪᠯᠡᠯ ᠤᠨ | ᠭᠡᠰᠢᠭᠦᠨ ᠪᠣᠯᠣᠨ ᠵᠠᠯᠠᠭᠤᠴᠤᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠡᠨᠡ ᠬᠦ ᠰᠢᠨᠵᠢᠯᠡᠬᠦ ᠤᠬᠠᠭᠠᠨᠴᠢ | ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠣᠯᠣᠨ ᠠᠷᠭ᠎ᠠ ᠶᠢᠨ ᠤᠨᠤᠯ ᠢ ᠴᠢᠷᠮᠠᠶᠢᠨ ᠡᠵᠡᠮᠰᠢᠵᠦ᠂ ᠲᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠪᠠᠷ ᠠᠰᠠᠭᠤᠳᠠᠯ ᠢ ᠵᠠᠳᠠᠯᠬᠤ ᠳᠠᠭᠠᠨ ᠴᠢᠳᠠᠮᠠᠭᠠᠢ ᠪᠠᠶᠢᠵᠤ᠂ | ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠣᠳᠣᠯᠭ᠎ᠠ ᠶᠢ ᠣᠶᠢᠯᠠᠭᠠᠬᠤ | ᠴᠢᠳᠠᠪᠤᠷᠢ ᠪᠠᠨ ᠳᠡᠭᠡᠭᠰᠢᠯᠡᠭᠦᠯᠭᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠮᠤᠭ ᠲᠡᠭᠦᠯᠳᠡᠷ ᠢᠶᠠᠷ ᠬᠠᠷᠢᠭᠤᠴᠠᠯᠭ᠎ᠠ ᠡᠭᠦᠷᠭᠡᠯᠡᠬᠦ ᠶᠢ | ᠭᠦᠢᠴᠡᠳ ᠬᠥᠭᠵᠢᠭᠡᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠣᠷᠢ ᠶᠢᠨ ᠭᠠᠭᠴᠠ ᠵᠥᠪ ᠵᠠᠮ | ᠮᠥᠨ᠂ ᠤᠷᠢᠳᠤ ᠡᠮᠦᠨ᠎ᠡ ᠪᠠᠶᠢᠭ᠎ᠠ ᠦᠭᠡᠢ ᠡᠭᠦᠳᠦᠯᠲᠡ ᠶᠢᠨ ᠴᠢᠨᠠᠷᠲᠠᠢ ᠦᠢᠯᠡᠰ ᠮᠥᠨ᠃ ᠡᠪ ᠬᠠᠮᠲᠤ | ᠵᠠᠯᠠᠭᠤᠴᠤᠳ ᠤᠨ ᠡᠪᠯᠡᠯ ᠨᠢ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠡᠭᠦᠷᠭᠡ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠥᠷᠭᠡᠨ ᠣᠯᠠᠨ ᠵᠠᠯᠠᠭᠤᠴᠤᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠪᠠᠶᠢᠭᠠᠳ ᠲᠤᠬᠠᠶᠢᠯᠠᠭᠰᠠᠨ | ᠠᠵᠢᠯ ᠤᠨ ᠪᠠᠶᠢᠷᠢ ᠳᠤᠨᠢ ᠰᠠᠭᠤᠷᠢᠯᠠᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ | ᠡᠭᠦᠳᠦᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠳᠤᠯ ᠦᠭᠡᠢ ᠬᠥᠭᠵᠢᠯᠲᠡ᠂ ᠨᠡᠶᠢᠭᠡᠮ ᠤᠨ | ᠦᠢᠯᠡᠴᠢᠯᠡᠭᠡ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢᠶᠠᠨ ᠬᠠᠮᠠᠭᠠᠯᠠᠬᠤ ᠵᠡᠷᠭᠡ ᠡᠯ᠎ᠡ ᠬᠦᠷᠢᠶ᠎ᠡ ᠡᠯ᠎ᠡ ᠲᠠᠯ᠎ᠠ ᠶᠢᠨ | ᠠᠵᠢᠯ ᠤᠨ ᠳᠤᠮᠳᠠ ᠬᠤᠰᠢᠭᠤᠴᠢ ᠴᠡᠷᠢᠭ ᠪᠠ ᠰᠢᠨ᠎ᠡ ᠬᠦᠴᠦᠨ ᠪᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠵᠣᠬᠢᠶᠠᠯ ᠳᠤ᠂ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠡᠪᠯᠡᠯ ᠤᠨ ᠺᠠᠳ᠋ᠷ ᠤᠨ ᠡᠩᠨᠡᠭᠡ ᠶᠢᠨ | ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠡᠪᠯᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠵᠤ᠂ ᠡᠪᠯᠡᠯ ᠪᠦᠯᠭᠦᠮ ᠢ ᠪᠦᠭᠦ ᠲᠠᠯ᠎ᠠ ᠪᠠᠷ ᠴᠢᠩᠭ᠎ᠠ ᠬᠠᠮᠢᠶᠠᠷᠤᠨ ᠵᠠᠰᠠᠵᠤ᠂ ᠳᠤᠮᠳᠠᠳᠤ ᠤᠯᠤᠰ ᠤᠨ ᠣᠨᠴᠠᠯᠢᠭ | ᠪᠦᠬᠦᠢ ᠨᠡᠶᠢᠭᠡᠮ ᠵᠢᠷᠤᠮ ᠤᠨ ᠤᠯᠠᠨ ᠲᠦᠮᠡᠨ ᠤ ᠪᠦᠯᠭᠦᠮ ᠤᠨ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ | ᠰᠠᠶᠢᠲᠤᠷ ᠵᠠᠮᠨᠠᠵᠤ᠂ ᠤᠯᠤᠰ ᠲᠥᠷᠥᠴᠢ ᠴᠢᠨᠠᠷ᠂ ᠲᠡᠷᠢᠭᠦᠨ ᠤ ᠴᠢᠨᠠᠷ᠂ ᠤᠯᠠᠨ ᠲᠦᠮᠡᠨᠴᠢ ᠴᠢᠨᠠᠷ ᠢᠶᠠᠨ ᠲᠠᠰᠤᠷᠠᠯᠲᠠ | ᠦᠭᠡᠢ ᠪᠠᠲᠤᠯᠠᠨ ᠴᠢᠩᠭᠠᠳᠬᠠᠵᠤ᠂ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠬᠦᠴᠦᠨ᠂ | ᠵᠣᠬᠢᠶᠠᠨ ᠪᠠᠶᠢᠭᠤᠯᠬᠤ ᠬᠦᠴᠦᠨ᠂ ᠦᠢᠯᠡᠴᠢᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠦᠨᠳᠦᠰᠦᠨ ᠱᠠᠲᠤᠨ ᠤ ᠢᠯᠡ ᠲᠣᠳᠣ ᠤᠳᠤᠷᠢᠳᠤᠮᠵᠢ ᠶᠢ ᠪᠠᠲᠤᠳᠬᠠᠬᠤ ᠶᠢ ᠪᠠᠷᠢᠮᠲᠠᠯᠠᠵᠤ᠂ ᠡᠪᠯᠡᠯ ᠤᠨ ᠵᠣᠬᠢᠶᠠᠨ | ᠪᠠᠶᠢᠭᠤᠯᠤᠯᠲᠠ ᠶᠢᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠵᠠᠯᠠᠭᠤ ᠤᠯᠠᠨ ᠲᠦᠮᠡᠨ ᠤ | ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠳᠡᠭᠡᠷ᠎ᠡ ᠳᠣᠣᠷ᠎ᠠ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ | ᠪᠠᠷᠢᠮᠲᠠᠯᠠᠵᠤ᠂ ᠪᠦᠭᠦ ᠡᠪᠯᠡᠯ ᠢᠶᠠᠷ ᠢᠶᠠᠨ ᠦᠨᠳᠦᠰᠦᠨ ᠱᠠᠲᠤ ᠶᠢ ᠠᠳᠬᠤᠬᠤ ᠪᠦᠬᠦᠯᠢ ᠴᠣᠭᠴᠠ ᠶᠢᠨ ᠬᠠᠮᠲᠤᠷᠠᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠪᠯᠡᠯ ᠤᠨ ᠺᠠᠳ᠋ᠷ ᠤᠨ ᠭᠤᠣᠯ ᠲᠤᠰᠢᠶᠠᠯ ᠬᠠᠷᠢᠭᠤᠴᠠᠯᠭ᠎ᠠ ᠪᠣᠯ ᠳᠠᠷᠤᠢ | ᠵᠠᠯᠠᠭᠤᠴᠤᠳ ᠤᠨ ᠠᠵᠢᠯ ᠢ ᠬᠢᠬᠦ ᠶᠠᠪᠤᠳᠠᠯ ᠪᠣᠯᠣᠨ᠎ᠠ᠂ ᠤᠯᠤᠰ ᠲᠦᠷᠦ ᠶᠢᠨ ᠴᠢᠳᠠᠪᠤᠷᠢ᠂ ᠤᠨᠤᠯ ᠤᠨ ᠪᠣᠯᠪᠠᠰᠤᠷᠠᠯ᠂ | ᠤᠯᠠᠨ ᠲᠦᠮᠡᠨ ᠤ ᠠᠵᠢᠯ ᠤᠨ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠨᠢᠭᠡ ᠰᠡᠳᠬᠢᠯ ᠨᠢᠭᠡ | ᠵᠣᠷᠢᠭ ᠢᠶᠠᠷ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠪᠣᠳᠠᠲᠠᠢ ᠠᠵᠢᠯ ᠤᠨ ᠠᠮᠵᠢᠯᠲᠠ ᠪᠦᠲᠦᠮᠵᠢ ᠪᠠᠷ ᠢᠶᠠᠨ | ᠨᠠᠮ ᠤᠨ ᠢᠲᠡᠭᠡᠯ ᠢ ᠣᠯᠵᠤ᠂ ᠨᠡᠶᠢᠭᠡᠮ ᠤᠨ ᠬᠦᠨᠳᠦᠳᠬᠡᠯ ᠢ ᠣᠯᠵᠤ᠂ ᠵᠠᠯᠠᠭᠤᠴᠤᠳ ᠤᠨ ᠮᠠᠭᠲᠠᠭᠠᠯ ᠰᠠᠶᠢᠰᠢᠶᠠᠯ ᠢ | ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠠᠴᠠ | ᠵᠠᠯᠠᠭᠤᠴᠤᠳ ᠤᠨ ᠠᠵᠢᠯ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠳᠣᠣᠷ᠎ᠠ ᠡᠯ᠎ᠡ ᠰᠠᠯᠠᠭ᠎ᠠ | ᠮᠥᠴᠢᠷ ᠤᠨ ᠬᠢᠨ ᠵᠡᠷᠭᠡ ᠪᠠᠷ ᠠᠳᠬᠤᠵᠤ ᠬᠠᠮᠲᠤ ᠪᠠᠷ ᠵᠠᠯᠠᠭᠤᠴᠤᠳ ᠤᠨ ᠬᠥᠭᠵᠢᠯᠲᠡ ᠶᠢᠨ ᠦᠢᠯᠡᠰ ᠢ ᠬᠠᠮᠢᠶᠠᠷᠬᠤ | ᠠᠵᠢᠯ ᠤᠨ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠲᠦᠭᠡᠯᠴᠢ | ᠴᠢᠨᠠᠷᠲᠠᠢ ᠪᠠᠷ ᠠᠵᠢᠯ ᠢᠶᠠᠨ ᠥᠷᠨᠢᠭᠦᠯᠬᠦ ᠶᠢ ᠳᠡᠮᠵᠢᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠵᠠᠯᠠᠭᠤ ᠨᠠᠶᠢᠵᠠ ᠶᠢᠨ ᠰᠡᠳᠬᠢᠯ ᠢ ᠮᠡᠳᠡᠭᠴᠢ᠂ ᠵᠠᠯᠠᠭᠤ ᠤᠯᠠᠨ ᠲᠦᠮᠡᠨ ᠤ | ᠵᠠᠮᠴᠢᠯᠠᠭᠴᠢ ᠪᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ | ᠳᠡᠭᠡᠷ᠎ᠡ ᠪᠠᠶᠢᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠳᠤ ᠰᠢᠯᠢᠳᠡᠭ ᠤᠯᠠᠮᠵᠢᠯᠠᠯ ᠢᠶᠠᠨ | ᠤᠯᠠᠮᠵᠢᠯᠠᠨ ᠪᠠᠳᠠᠷᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠵᠠᠯᠠᠭᠤ ᠨᠢᠭᠡ | ᠦᠶ᠎ᠡ ᠶᠢᠨ ᠬᠢᠨ ᠢ ᠨᠠᠮ ᠤᠨ ᠲᠣᠭᠤᠷᠢᠨ ᠳᠤ ᠨᠡᠩ ᠰᠠᠶᠢᠲᠤᠷ ᠪᠦᠯᠬᠦᠮᠳᠡᠭᠦᠯᠵᠦ᠂ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ | ᠦᠷᠭᠦᠯᠵᠢᠯᠡᠨ ᠲᠡᠮᠡᠴᠡᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃ | |