ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 30 ᠤ | ᠦᠳᠡ ᠶᠢᠨ ᠡᠮᠤᠨ᠎ᠠ ᠱᠠᠩᠬᠠᠢ ᠳᠤ ᠭᠡᠰᠡᠭ ᠮᠤᠵᠢ ᠣᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠶᠠᠷᠢᠯᠴᠠᠬᠤ ᠬᠤᠷᠠᠯ ᠢ | ᠡᠷᠬᠢᠯᠡᠨ ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ᠃ ᠲᠡᠷᠡ᠂ ᠡᠨᠡ ᠵᠢᠯ ᠪᠣᠯ ︽ᠠᠷᠪᠡᠨ | ᠳᠥᠷᠪᠡᠳᠦᠭᠡᠷ ᠲᠠᠪᠤᠨ ᠵᠢᠯ︾ ᠤᠨ ᠲᠦᠯᠤᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠂ ᠲᠦᠯᠤᠪᠵᠢᠭᠦᠯᠭᠡ ᠶᠢᠨ | ᠬᠠᠷᠠᠯᠲᠠ ᠡᠭᠦᠷᠭᠡ ᠶᠢ ᠱᠠᠯᠠᠪᠳᠡᠨ ᠨᠡᠶᠢᠲᠡᠪᠤᠷᠢᠵᠢᠭᠤᠯᠬᠤ ᠶᠢᠨ ᠬᠠᠮᠲᠤ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ | ᠪᠠᠶᠢᠯᠳᠤᠬᠤ ᠪᠤᠳᠤᠯᠭ᠎ᠠ ᠶᠢᠨ ᠭᠤᠣᠯᠳᠠᠯᠭ᠎ᠠ ᠶᠢ ᠡᠵᠡᠮᠳᠠᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ | ᠰᠠᠶᠢᠲᠤᠷ ᠤᠬᠠᠭᠠᠯᠠᠨ ᠲᠦᠯᠥᠪᠯᠡᠬᠦ ᠬᠡᠷᠡᠭᠳᠡᠢ ᠭᠡᠵᠦ ᠴᠢᠬᠤᠯᠠᠴᠢᠯᠡᠪᠠ᠃ | 4 ᠰᠠᠷ᠎ᠠ ᠶᠢᠨ 30 ᠤ ᠦᠳᠡ ᠶᠢᠨ ᠡᠮᠤᠨ᠎ᠡ᠂ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠶᠡᠷᠤᠩᠬᠡᠢ ᠰᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠱᠠᠬᠠᠢ ᠳᠤ ᠬᠡᠰᠡᠭ ᠮᠤᠵᠢ ᠤᠷᠣᠨ ᠬᠤᠳᠠ ᠶᠢᠨ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠠ ᠶᠢ ᠶᠠᠷᠢᠯᠴᠠᠬᠤ ᠬᠤᠷᠠᠯ ᠢ | ᠡᠷᠬᠢᠯᠡᠨ ᠬᠤᠷᠠᠯᠳᠤᠭᠤᠯᠤᠭᠰᠠᠨ ᠪᠦᠭᠡᠳ ᠴᠢᠬᠤᠯᠠ ᠶᠠᠷᠢᠶ᠎ᠠ ᠲᠠᠯᠪᠢᠪᠠ᠃ | ᠲᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠲᠤᠮᠳᠠᠲᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ | ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠬᠢᠯᠡᠭᠴᠢ ᠼᠠᠢ ᠴᠢ ᠶᠠᠷᠢᠯᠴᠠᠬᠤ ᠬᠤᠷᠠᠯ ᠳᠤ ᠤᠷᠤᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠥᠪᠣᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠨᠠᠮ ᠤᠨ ᠬᠤᠷᠢᠶ᠎ᠠ ᠶᠢᠨ | ᠰᠦᠵᠢ ᠰᠦᠨ ᠱᠤᠤ ᠴᠧᠩ᠂ ᠱᠠᠩᠬᠠᠢ ᠬᠤᠳᠠ ᠶᠢᠨ ᠨᠠᠮ ᠤᠨ ᠬᠤᠷᠢᠶ᠎ᠠ ᠶᠢᠨ ᠰᠦᠵᠢ ᠴᠧᠨ ᠵᠢᠶ ᠨᠢᠩ᠂ ᠵᠧᠵᠢᠶᠠᠩ | ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠬᠤᠤ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ ᠰᠦᠵᠢ | ᠸᠠᠩ ᠵᠦᠩ ᠯᠢᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠬᠤᠸᠠᠩ ᠺᠦᠨ ᠮᠢᠩ᠂ ᠰᠧᠴᠤᠸᠠᠨ | ᠮᠤᠵᠢ ᠶᠢᠨ ᠨᠠᠮ ᠤᠨ ᠬᠤᠷᠢᠶ᠎ᠠ ᠶᠢᠨ ᠰᠦᠵᠢ ᠸᠠᠩ ᠰᠢᠶᠣᠣ ᠬᠤᠢ᠂ ᠭᠠᠨᠰᠤ ᠮᠤᠵᠢ ᠶᠢᠨ ᠨᠠᠮ ᠤᠨ ᠬᠤᠷᠢᠶ᠎ᠠ ᠶᠢᠨ | ᠰᠦᠵᠢ ᠬᠤ᠋ ᠴᠠᠩ ᠱᠧᠩ ᠤᠷᠢᠳ ᠬᠤᠵᠢᠳ ᠦᠭᠡ ᠬᠡᠯᠡᠵᠤ᠂ ᠠᠵᠢᠯ ᠤᠨ ᠪᠤᠳᠠᠲᠤ ᠪᠠᠶᠢᠳᠠᠯ ᠲᠠᠢ ᠪᠠᠨ | ᠤᠶᠠᠯᠳᠤᠭᠤᠯᠤᠨ᠂ ︽ᠠᠷᠪᠠᠨ ᠲᠠᠪᠤᠳᠤᠭᠠᠷ ᠲᠠᠪᠤᠨ ᠵᠢᠯ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠤᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠲᠠᠪᠤᠨ ᠵᠢᠯ ᠤᠨ ᠲᠦᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠪᠠ ᠦᠷᠭᠦᠯᠵᠢᠯᠡᠨ ᠬᠡᠷᠡᠭᠵᠢᠭᠦᠯᠬᠦ | ᠪᠣᠯ ᠮᠠᠨ ᠤ ᠨᠠᠮ ᠤᠨ ᠲᠥᠷᠥ ᠶᠢ ᠵᠠᠰᠠᠵᠤ ᠵᠠᠰᠠᠭ ᠢ ᠡᠷᠬᠢᠯᠡᠬᠦ ᠨᠢᠭᠡᠨ ᠴᠢᠬᠤᠯᠠ ᠲᠤᠷᠰᠢᠯᠭ᠎ᠠ ᠪᠣᠯᠬᠤ ᠪᠥᠭᠡᠳ | ᠲᠤᠮᠳᠠᠲᠤ ᠣᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠨᠢᠭᠡᠨ ᠴᠢᠬᠤᠯᠠ ᠤᠯᠤᠰ ᠲᠥᠷᠥ ᠶᠢᠨ ᠳᠠᠪᠠᠭᠤᠯᠢᠭ | ᠪᠣᠯᠣᠨ᠎ᠠ᠃ ︽ᠠᠷᠪᠡᠨ ᠲᠠᠪᠤᠳᠤᠭᠠᠷ ᠲᠠᠪᠤᠨ ᠵᠢᠯ︾ ᠤᠨ ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ | ᠨᠡᠶᠢᠭᠡᠮ ᠤᠨ ᠬᠥᠭᠵᠢᠯᠲᠡ ᠶᠢ ᠣᠬᠠᠭᠠᠯᠠᠨ ᠲᠦᠯᠥᠪᠯᠡᠬᠦ ᠳᠤ ᠡᠷᠭᠡᠪᠰᠢ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠱᠠᠲᠤ ᠦᠶᠡᠴᠢ ᠴᠢᠨᠠᠷᠲᠠᠢ ᠱᠠᠭᠠᠷᠳᠠᠯᠭ᠎ᠠ ᠶᠢ ᠤᠨᠤᠪᠴᠢᠲᠠᠢ ᠡᠵᠡᠮᠲᠠᠵᠤ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠤᠲᠠᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠲᠤ ᠠᠩᠬᠠᠷᠤᠯ ᠢᠶᠠᠨ ᠲᠦᠪᠯᠡᠷᠡᠭᠦᠯᠵᠤ᠂ ᠨᠡᠶᠢᠭᠡᠮ ᠵᠢᠷᠣᠮᠲᠤ ᠤᠳᠣᠬᠢᠴᠢᠯᠡᠯᠲᠠ ᠶᠢᠨ ᠬᠠᠷᠠᠯᠲᠠ ᠶᠢ | ᠦᠨᠳᠦᠰᠤᠨ ᠳᠡᠭᠡᠨ ᠪᠠᠶᠠᠯᠡᠭᠦᠯᠭᠦ ᠲᠠᠢ ᠨᠢᠭᠲᠠ ᠤᠶᠠᠯᠳᠤᠭᠤᠯᠤᠨ᠂ ᠬᠦᠷᠢᠶ᠎ᠡ ᠴᠠᠷᠠᠭ᠎ᠠ ᠲᠠᠷᠠᠭᠠᠯᠠᠨ ᠬᠠᠷᠠᠯᠲᠠ | ᠡᠭᠦᠷᠭᠡ ᠶᠢ ᠵᠦᠢ ᠵᠣᠬᠢᠰᠲᠡᠢ ᠲᠣᠭᠳᠠᠭᠠᠵᠤ᠂ ᠰᠠᠳᠬᠢᠮᠵᠢ ᠠᠷᠭ᠎ᠠ ᠬᠡᠮᠵᠢᠶ᠎ᠡ ᠳᠤᠷᠠᠳᠬᠤ ᠬᠡᠷᠡᠭᠳᠡᠢ᠃ ᠡᠯ᠎ᠡ ᠲᠠᠯ᠎ᠡ ᠶᠢᠨ | ᠬᠠᠷᠠᠯᠲᠠ ᠡᠭᠦᠷᠭᠡ ᠶᠢ ᠬᠦᠨᠵᠡᠭᠡᠢ ᠵᠠᠳᠠᠯᠤᠨ ᠨᠤᠳᠠᠯᠠᠵᠤ᠂ ᠰᠢᠨᠵᠢᠯᠡᠬᠦ ᠤᠬᠠᠭᠠᠨᠴᠢ ᠣᠨᠣᠪᠴᠢᠲᠠᠢ ᠪᠠᠶᠢᠯᠭᠠᠨ᠂ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠭᠦ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡᠲᠤᠯᠲᠡᠢ | ᠲᠦᠯᠤᠪᠵᠢᠭᠦᠯᠣᠨ ᠤᠬᠠᠭᠠᠯᠠᠨ ᠲᠦᠯᠤᠪᠯᠡᠵᠤ᠂ ᠵᠠᠩᠬᠢᠯᠠᠭ᠎ᠠ ᠶᠢᠨ ᠴᠢᠨᠠᠷᠲᠠᠢ᠂ ᠰᠢᠢᠳᠪᠦᠷᠢᠯᠡᠭᠴᠢ ᠴᠢᠨᠠᠷᠲᠠᠢ ᠬᠦᠴᠦᠨ | ᠵᠦᠢᠯ ᠢ ᠠᠳᠬᠤᠵᠤ᠂ ᠡᠷᠴᠢᠮ ᠪᠣᠯᠣᠨ ᠠᠬᠢᠴᠡ ᠶᠢ ᠰᠠᠶᠢᠳᠤᠷ ᠡᠵᠡᠮᠳᠠᠵᠤ᠂ ᠳᠠᠪᠠᠭᠤᠯᠢᠭ ᠢᠶᠠᠨ ᠪᠠᠬᠢᠵᠢᠭᠦᠯᠦᠨ | ᠦᠷᠭᠡᠳᠭᠡᠬᠦ᠂ ᠪᠤᠭᠤᠮᠢ ᠲᠦᠭᠵᠢᠷᠡᠯ ᠢ ᠰᠢᠪᠳᠤᠯᠬᠤ᠂ ᠳᠤᠳᠠᠭᠤᠳᠠᠯ ᠪᠠᠭᠤᠷᠠᠢ ᠲᠠᠯ᠎ᠠ ᠪᠠᠨ ᠨᠦᠭᠦᠪᠦᠷᠢᠯᠡᠬᠦ᠂ ᠶᠠᠰᠤ | ᠴᠢᠨᠠᠷ ᠦᠷ᠎ᠡ ᠠᠰᠢᠭ ᠢ ᠳᠡᠭᠡᠭᠰᠢᠯᠡᠭᠦᠯᠭᠦ ᠶᠢ ᠴᠢᠬᠤᠯᠡᠴᠢᠯᠡᠵᠤ᠂ ᠪᠦᠬᠦᠯᠢ ᠴᠤᠭᠴᠠ ᠶᠢᠨ ᠬᠠᠷᠠᠯᠲᠠ ᠶᠢᠨ ᠴᠢᠭᠯᠡᠯ ᠲᠠᠢ | ᠨᠢᠭᠡᠲᠤᠯᠲᠡᠢ ᠪᠠᠶᠢᠯᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠠᠬᠢ | ᠠᠵᠤ ᠠᠬᠤᠢ ᠨᠡᠶᠢᠭᠡᠮ ᠤᠳ ᠬᠥᠭᠵᠢᠯᠲᠡ ᠶᠢ ᠲᠦᠯᠤᠪᠵᠢᠭᠦᠯᠬᠦ ᠳᠤ᠂ ᠳᠡᠯᠡᠭᠡᠢ ᠶᠢᠨ ᠪᠠᠶᠢᠳᠠᠯ ᠤᠨ ᠬᠥᠭᠵᠢᠯᠲᠠ | ᠬᠤᠪᠢᠷᠡᠯᠲᠠ ᠠᠴᠠ ᠮᠠᠨ ᠤ ᠤᠯᠤᠰ ᠲᠤ ᠦᠵᠡᠭᠦᠯᠭᠦ ᠨᠦᠯᠥᠭᠡ ᠶᠢ ᠪᠠᠷᠡᠯᠡᠯᠲᠤ ᠴᠢᠨᠡᠷᠲᠠᠢ ᠪᠠᠷ ᠡᠵᠡᠮᠳᠠᠵᠤ᠂ | ᠬᠠᠨᠲᠤᠰᠢ ᠶᠢ ᠦᠨᠳᠤᠰᠤᠯᠠᠨ ᠠᠵᠤ ᠠᠬᠤᠢ ᠶᠢᠨ ᠪᠠᠶᠢᠷᠢᠰᠢᠭᠤᠯᠤᠯᠲᠠ ᠶᠢ ᠠᠰᠢᠭᠲᠠᠢ ᠲᠠᠶᠢᠰᠢ ᠲᠣᠬᠢᠷᠠᠭᠤᠯᠤᠨ | ᠰᠢᠯᠢᠳᠡᠭᠵᠢᠭᠦᠯᠬᠦ ᠬᠡᠷᠡᠭᠲᠡᠢ᠃ ᠥᠪᠡᠷ ᠤᠨ ᠶᠠᠪᠤᠳᠠᠯ ᠢᠶᠠᠨ ᠭᠤᠶᠢᠪᠢᠰᠢ ᠦᠭᠡᠢ ᠰᠠᠶᠢᠲᠤᠷ ᠬᠢᠵᠦ᠂ ᠦᠨᠳᠤᠷ ᠲᠦᠪᠰᠢᠨ | ᠪᠦᠭᠦᠢ ᠭᠠᠲᠠᠭᠠᠲᠤ ᠨᠡᠭᠡᠭᠡᠯᠲᠡ ᠶᠢ ᠭᠤᠶᠢᠪᠢᠰᠢ ᠦᠭᠡᠢ ᠥᠷᠭᠡᠳᠬᠡᠵᠦ᠂ ᠣᠯᠠᠨ ᠠᠷᠭ᠎ᠠ ᠬᠡᠮᠵᠢᠶ᠎ᠠ ᠶᠢ ᠵᠡᠷᠭᠡ ᠪᠠᠷ | ᠬᠡᠷᠡᠭᠯᠡᠨ ᠠᠵᠢᠯ ᠣᠯᠭᠤᠯᠲᠠ ᠶᠢ ᠲᠣᠭᠳᠠᠪᠤᠷᠢᠵᠢᠭᠤᠯᠵᠤ᠂ ᠠᠵᠤ ᠠᠬᠤᠶᠢᠯᠠᠯ ᠢ ᠲᠣᠭᠳᠠᠪᠤᠷᠢᠵᠢᠭᠤᠯᠵᠤ᠂ ᠵᠠᠬ᠎ᠠ | ᠲᠡᠯᠭᠡᠭᠦᠷ ᠢ ᠲᠣᠭᠳᠠᠪᠤᠷᠢᠵᠢᠭᠤᠯᠵᠤ᠂ ᠵᠢᠱᠢᠯᠲᠠ ᠶᠢ ᠲᠣᠭᠳᠠᠪᠤᠷᠢᠵᠢᠭᠤᠯᠵᠤ᠂ ᠠᠵᠤ ᠠᠬᠤᠢ ᠶᠢᠨ ᠦᠨᠳᠤᠰᠤᠨ | ᠪᠠᠶᠢᠳᠠᠯ ᠢ ᠪᠦᠲᠦᠮᠵᠢᠲᠠᠢ ᠲᠣᠭᠳᠠᠪᠤᠷᠢᠵᠢᠭᠤᠯᠵᠤ᠂ ᠰᠢᠨ᠎ᠡ ᠬᠥᠭᠵᠢᠯᠲᠠ ᠶᠢᠨ ᠪᠠᠶᠢᠷᠢᠰᠢᠯ ᠢ ᠲᠦᠷᠭᠡᠭᠡᠨ ᠪᠠᠶᠢᠭᠤᠯᠵᠤ᠂ | ᠴᠢᠨᠠᠷ ᠰᠠᠶᠢᠲᠠᠢ ᠬᠥᠭᠵᠢᠯᠲᠡ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠬᠦᠭᠵᠢᠯᠲᠡ ᠪᠠ ᠠᠮᠤᠷ ᠲᠥᠪᠰᠢᠨ ᠢ | ᠨᠢᠭᠡᠲᠤᠯᠲᠠᠢ ᠲᠦᠯᠥᠪᠵᠢᠭᠦᠯᠬᠦ ᠶᠢ ᠨᠡᠩ ᠴᠢᠬᠤᠯᠠᠴᠢᠯᠠᠵᠤ᠂ ᠲᠤᠳᠤᠭᠠᠲᠤ ᠭᠠᠲᠠᠭᠠᠲᠤ ᠶᠢᠨ ᠠᠶᠤᠯ ᠲᠦᠭᠰᠢᠭᠦᠷᠢ | ᠦᠷᠢᠰᠦᠯᠳᠦᠭᠡᠨ ᠢ ᠪᠦᠬᠦ ᠲᠠᠯ᠎ᠠ ᠪᠠᠷ ᠪᠤᠳᠦᠯᠭᠢᠯᠡᠵᠦ᠂ ᠤᠯᠤᠰ ᠤᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠭᠦᠯᠦᠨ᠂ | ᠠᠮᠤᠷ ᠲᠦᠪᠰᠢᠨ ᠢ ᠬᠠᠮᠠᠭᠠᠯᠠᠬᠤ ᠴᠢᠳᠡᠪᠤᠷᠢ ᠶᠢ ᠴᠢᠩᠭᠠᠳᠬᠠᠵᠤ᠂ ᠦᠨᠳᠣᠷ ᠪᠦᠳᠦᠮᠵᠢᠲᠡᠢ ᠵᠠᠰᠠᠯᠲᠡ ᠪᠠᠷ ᠴᠢᠨᠠᠷ | ᠰᠠᠶᠢᠲᠠᠢ ᠬᠦᠭᠵᠢᠯᠲᠡ ᠪᠠ ᠦᠨᠳᠦᠷ ᠲᠦᠪᠰᠢᠨ ᠪᠦᠬᠦᠶ ᠠᠮᠤᠷ ᠲᠦᠪᠰᠢᠨ ᠤ ᠰᠠᠶᠢᠨ ᠬᠤᠷᠰᠢᠯᠴᠠᠯ ᠢ ᠠᠬᠢᠭᠤᠯᠵᠤ᠂ | ᠰᠢᠨ᠎ᠡ ᠠᠮᠤᠷ ᠲᠦᠪᠰᠢᠨ ᠤ ᠪᠠᠶᠢᠷᠢᠰᠢᠯ ᠢᠶᠠᠷ ᠰᠢᠨ᠎ᠡ ᠬᠦᠭᠵᠢᠯᠲᠡ ᠶᠢᠨ ᠪᠠᠶᠢᠷᠢᠰᠢᠯ ᠢ ᠪᠠᠲᠤᠯᠠᠬᠤ ᠬᠡᠷᠡᠭᠳᠡᠢ ᠭᠡᠵᠦ | ᠵᠢᠭᠠᠵᠤ ᠭᠠᠷᠭᠠᠵᠠᠢ᠃ | ᠰᠢ ᠶᠢᠨ ᠫᠢᠩ᠂ ︽ᠠᠷᠪᠠᠨ ᠳᠠᠪᠤᠳᠤᠭᠠᠷ ᠲᠠᠪᠤᠨ ᠵᠢᠯ︾ ᠤᠨ ᠲᠦᠯᠥᠪᠵᠢᠭᠦᠯᠭᠡ ᠶᠢᠨ ᠬᠤᠭᠤᠴᠠᠭᠠᠨ ᠳᠤ᠂ | ᠡᠷᠬᠡᠪᠰᠢ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠣᠢᠯᠡᠳᠪᠤᠷᠢᠯᠡᠯ ᠤᠨ ᠬᠦᠴᠤᠨ ᠢ | ᠬᠦᠭᠵᠢᠭᠦᠯᠬᠦ ᠶᠢ ᠨᠡᠩ ᠳᠣᠪᠤᠶᠢᠮ᠎ᠡ ᠪᠠᠶᠢᠯᠳᠤᠬᠤ ᠪᠣᠳᠤᠯᠭ᠎ᠠ ᠶᠢᠨ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠤᠭᠤᠳᠤᠮᠵᠢ ᠪᠣᠯᠭᠠᠵᠤ᠂ ᠪᠤᠳᠠᠲᠤ ᠴᠤᠭᠴᠠ ᠶᠢᠨ ᠠᠵᠤ | ᠠᠬᠤᠢ ᠪᠠᠷ ᠰᠠᠭᠤᠷᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ | ᠳᠠᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠬᠤ᠂ ᠰᠢᠨ᠎ᠡ ᠪᠠᠷ ᠮᠠᠨᠳᠤᠭᠰᠡᠨ ᠠᠵᠤ ᠦᠢᠯᠡᠰ ᠢ ᠢᠳᠡᠪᠬᠢᠲᠡᠢ | ᠬᠦᠭᠵᠢᠭᠦᠯᠭᠦ᠂ ᠢᠷᠡᠭᠡᠳᠦᠢ ᠶᠢᠨ ᠠᠵᠤ ᠦᠶᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠪᠠᠷᠢᠮᠲᠠᠯᠠᠵᠤ᠂ | ᠣᠳᠣᠬᠢᠴᠢᠯᠠᠭᠰᠠᠨ ᠠᠵᠤ ᠣᠶᠢᠯᠡᠰ ᠤᠨ ᠰᠢᠰᠲ᠋ᠧᠮ ᠢ ᠲᠦᠷᠭᠡᠭᠡᠨ ᠪᠠᠶᠢᠭᠤᠯᠬᠤ ᠬᠡᠷᠡᠭᠳᠡᠢ᠃ ᠤᠯᠤᠰ ᠤᠨ ᠰᠢᠨ᠎ᠡ ᠶᠢ | ᠡᠭᠦᠳᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠦᠷᠤᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠠᠮᠢᠵᠢᠷᠡᠯ ᠤᠨ ᠬᠦᠴᠦᠨ ᠢ ᠬᠥᠭᠵᠢᠭᠡᠵᠦ᠂ ᠳᠡᠯᠡᠭᠡᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠬᠤᠰᠢᠭᠤᠷᠠᠯ ᠳᠤ ᠠᠩᠬᠠᠷᠤᠯ ᠢᠶᠠᠨ ᠬᠠᠨᠳᠤᠭᠤᠯᠵᠤ᠂ ᠰᠠᠭᠤᠷᠢ ᠰᠤᠳᠤᠯᠭᠠᠨ ᠢ ᠴᠢᠩᠭᠠᠳᠬᠠᠬᠤ᠂ ᠤᠤᠭᠠᠯ | ᠡᠭᠦᠳᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠲᠠᠯ᠎ᠠ ᠪᠠᠷ ᠦᠷᠭᠦᠯᠵᠢᠯᠡᠨ ᠬᠦᠴᠦᠯᠡᠵᠤ᠂ ᠵᠠᠩᠬᠢᠯᠠᠭ᠎ᠠ ᠶᠢᠨ | ᠭᠤᠣᠯᠯᠠᠬᠤ ᠮᠡᠷᠭᠡᠵᠢᠯ᠂ ᠬᠤᠰᠢᠭᠤᠷᠠᠯ ᠮᠡᠷᠭᠡᠵᠢᠯ ᠢ ᠰᠢᠢᠳᠪᠦᠷᠢᠯᠡᠬᠦ ᠲᠠᠯ᠎ᠠ ᠪᠠᠷ ᠱᠠᠯᠠᠪᠳᠠᠨ ᠪᠣᠭᠤᠮᠲᠠ ᠰᠢᠪᠲᠦᠯᠬᠤ | ᠬᠡᠷᠡᠭᠲᠡᠢ᠃ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠢ ᠨᠢᠭᠡ ᠴᠤᠭᠴᠠᠵᠢᠭᠤᠯᠤᠨ | ᠬᠦᠭᠵᠢᠭᠦᠯᠬᠦ ᠶᠢ ᠨᠢᠭᠡᠳᠦᠯᠲᠡᠢ ᠲᠦᠯᠥᠪᠵᠢᠭᠦᠯᠣᠨ ᠠᠬᠢᠭᠤᠯᠵᠤ᠂ ᠰᠢᠨ᠎ᠡ ᠴᠢᠨᠠᠷ ᠤᠨ ᠦᠢᠯᠡᠳᠪᠤᠷᠢᠯᠡᠯ ᠤᠨ ᠬᠦᠴᠦᠨ ᠤ | ᠬᠥᠭᠵᠢᠯᠲᠡ ᠶᠢᠨ ᠰᠠᠭᠤᠷᠢ ᠴᠢᠨᠡᠷᠲᠡᠢ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠲᠤᠯᠭᠠᠭᠤᠷᠢᠯᠠᠯ ᠢ ᠪᠠᠲᠤ ᠴᠣᠭᠴᠠᠯᠠᠬᠤ | ᠬᠡᠷᠡᠭᠲᠡᠢ ᠭᠡᠵᠦ ᠴᠢᠬᠤᠯᠠᠴᠢᠯᠡᠪᠠ᠃ | ᠰᠢ ᠶᠢᠨ ᠫᠢᠩ᠂ ᠳᠤᠮᠳᠠᠲᠤ ᠣᠯᠤᠰ ᠤᠨ ᠮᠠᠶ᠋ᠢᠭ ᠤᠨ ᠤᠳᠣᠬᠢᠴᠢᠯᠠᠯᠲᠠ ᠪᠣᠯ ᠪᠥᠬᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠨᠡᠶᠢᠭᠡᠮ ᠵᠢᠷᠤᠮᠲᠤ ᠤᠳᠤᠬᠢᠴᠢᠯᠠᠯᠲᠠ ᠮᠥᠨ᠃ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠦᠯᠤᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠦᠭᠵᠢᠯᠲᠡ ᠶᠢ ᠲᠦᠯᠥᠪᠵᠢᠭᠦᠯᠬᠦ ᠳᠤ ᠤᠭ | ᠰᠠᠨᠠᠭ᠎ᠠ ᠪᠠᠨ ᠦᠯᠤ ᠮᠠᠷᠲᠠᠨ᠂ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠤᠨ ᠦᠷᠳᠡᠭ ᠤᠳ ᠬᠠᠨᠳᠦᠰᠢ | ᠪᠣᠯᠭᠠᠵᠤ᠂ ᠬᠥᠭᠵᠢᠭᠦᠯᠬᠦ ᠳᠤᠮᠳᠠ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠨ᠂ | ᠬᠠᠮᠲᠤ ᠪᠠᠷ ᠪᠠᠶᠠᠵᠢᠬᠤ ᠶᠢ ᠯᠠᠪᠳᠠᠭᠤᠨ ᠠᠬᠢᠭᠤᠯᠬᠤ ᠬᠡᠷᠡᠭᠲᠡᠢ᠃ ᠣᠷᠣᠨ ᠪᠦᠰᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠬᠦ᠂ ᠣᠷᠣᠨ ᠪᠦᠰᠡ ᠶᠢᠨ ᠵᠣᠬᠢᠴᠠᠩᠭᠤᠢ ᠬᠦᠭᠵᠢᠯᠲᠠ ᠶᠢ ᠠᠬᠢᠭᠤᠯᠬᠤ ᠪᠠ ᠶᠠᠳᠠᠭᠤ ᠠᠴᠠ | ᠠᠩᠬᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠦᠳᠡᠭᠡ | ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠤᠨ ᠮᠠᠨᠳᠤᠭᠤᠯᠬᠤ ᠪᠠ ᠬᠤᠲᠠ ᠬᠦᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠬᠤ᠂ ᠬᠦᠳᠡᠭᠡ ᠠᠵᠤ ᠠᠬᠤᠢ ᠬᠦᠳᠡᠭᠡ ᠲᠣᠰᠬᠤᠨ ᠤ ᠤᠲᠣᠬᠢᠴᠢᠯᠡᠯᠲᠠ ᠶᠢ ᠲᠦᠷᠭᠡᠳᠬᠡᠬᠦ | ᠵᠡᠷᠭᠡ ᠲᠠᠯ᠎ᠠ ᠶᠢᠨ ᠪᠦᠲᠣᠮᠵᠢᠲᠡᠢ ᠠᠷᠭ᠎ᠠ ᠬᠡᠮᠵᠢᠶ᠎ᠡ ᠶᠢ ᠬᠦᠨᠵᠡᠭᠡᠢ ᠰᠤᠳᠤᠯᠵᠤ᠂ ᠬᠤᠳᠠ ᠬᠦᠳᠡᠭᠡ ᠶᠢᠨ ᠤᠯᠠᠨ | ᠲᠦᠮᠡᠨ ᠤ ᠤᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ᠃ ᠨᠢᠭᠡ ᠪᠦᠯᠦᠭ ᠲᠠᠩᠴᠡᠭᠦᠷᠢᠳᠤ ᠴᠢᠨᠠᠷ | ᠪᠣᠯᠣᠮᠵᠢᠳᠤ ᠴᠢᠨᠠᠷ ᠢᠶᠠᠷ ᠴᠢᠩᠭ᠎ᠠ ᠠᠷᠠᠳ ᠤᠨ ᠠᠮᠢᠳᠤᠷᠠᠯ ᠤᠨ ᠲᠦᠷᠤ ᠶᠢᠨ ᠪᠣᠳᠣᠯᠭ᠎ᠠ ᠠᠷᠭ᠎ᠠ ᠬᠡᠮᠵᠢᠶ᠎ᠠ ᠶᠢ | ᠰᠤᠳᠤᠯᠤᠨ ᠲᠣᠭᠲᠠᠭᠠᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠣᠪᠠᠨᠢᠵᠤ ᠬᠦᠰᠡᠵᠤ ᠪᠠᠶᠢᠭ᠎ᠠ ᠠᠰᠠᠭᠤᠳᠠᠯ ᠢ | ᠬᠦᠴᠦᠯᠠᠨ ᠰᠢᠢᠳᠪᠦᠷᠢᠯᠡᠬᠦ ᠬᠡᠷᠡᠭᠲᠡᠢ᠃ ᠣᠯᠠᠨ ᠲᠦᠮᠡᠨ ᠳᠤ ᠬᠤᠯᠪᠣᠭᠳᠠᠬᠤ ᠣᠴᠢᠷ ᠶᠠᠪᠤᠳᠠᠯ ᠤᠨ ᠵᠠᠩᠬᠢᠯᠠᠭ᠎ᠠ ᠨᠢ | ᠦᠨᠡᠨ ᠪᠣᠳᠠᠲᠠᠢ ᠬᠢᠬᠦ ᠳᠤ ᠪᠠᠶᠢᠵᠤ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠨᠢ ᠦᠨᠡᠨ | ᠪᠤᠳᠠᠲᠠᠢ᠂ ᠪᠤᠳᠠᠲᠤ ᠦᠷ᠎ᠡ ᠪᠦᠲᠦᠮᠵᠢ ᠲᠠᠢ ᠪᠠᠶᠢᠵᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ | ᠬᠢᠷᠢ ᠪᠠᠷ ᠬᠢᠬᠦ ᠶᠢ ᠪᠠᠷᠢᠮᠲᠠᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠯ᠎ᠡ ᠭᠠᠵᠠᠷ ᠣᠷᠣᠨ ︽ᠠᠷᠪᠠᠨ ᠳᠠᠪᠤᠳᠤᠭᠠᠷ ᠲᠠᠪᠤᠨ ᠵᠢᠯ ᠤᠨ ᠲᠦᠯᠥᠪᠵᠢᠭᠦᠯᠭᠡ ᠶᠢᠨ | ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠥᠪᠵᠢᠭᠦᠯᠬᠦ ᠳᠡᠭᠡᠨ ᠪᠦᠬᠦ ᠤᠯᠤᠰ ᠤᠨ ᠶᠡᠭᠡ | ᠲᠠᠯ᠎ᠠ ᠳᠤ ᠤᠨᠣᠪᠴᠢᠲᠠᠢ ᠪᠠᠶᠢᠷᠢ ᠲᠣᠭᠲᠠᠭᠠᠯᠲᠠ ᠬᠢᠵᠤ᠂ ᠲᠦᠯᠤᠪᠵᠢᠭᠦᠯᠭᠡ ᠶᠢ ᠵᠤᠯᠭᠠᠭᠤᠯᠬᠤ ᠶᠢ ᠴᠢᠩᠭᠠᠳᠬᠠᠬᠤ | ᠬᠡᠷᠡᠭᠲᠡᠢ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠳᠠᠯᠠᠵᠤ᠂ ᠬᠦᠭᠵᠢᠯᠲᠠ ᠶᠢᠨ | ᠰᠡᠳᠬᠢᠮᠵᠢ ᠪᠠ ᠪᠠᠶᠢᠯᠳᠤᠬᠤ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠳᠠᠭᠠᠨ ᠲᠣᠰ ᠪᠡᠶ᠎ᠡ ᠶᠢᠨ | ᠣᠨᠴᠠᠯᠢᠭ ᠢᠶᠠᠨ ᠢᠯᠡᠷᠡᠭᠦᠯᠬᠦ ᠶᠢ ᠴᠢᠬᠤᠯᠠᠴᠢᠯᠡᠵᠤ᠂ ᠬᠠᠷᠢᠴᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠬᠡᠷᠡᠭᠲᠡᠢ | ᠭᠡᠵᠦ ᠴᠢᠬᠤᠯᠠᠴᠢᠯᠠᠵᠠᠢ᠃ | ᠾᠧ ᠯᠢ ᠹᠧᠩ᠂ ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠦᠷᠤ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠭᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠮᠤᠵᠢ ᠤᠷᠣᠨ ᠬᠤᠳᠠ ᠶᠢᠨ | ᠬᠠᠷᠢᠭᠤᠴᠠᠯᠭᠠᠲᠠᠨ ᠨᠦᠭᠦᠳ ᠶᠠᠷᠢᠯᠴᠠᠬᠤ ᠬᠤᠷᠠᠯ ᠳᠤ ᠣᠷᠤᠯᠴᠠᠪᠠ᠃ |