ᠰᠤᠷᠭᠠᠨ ᠬᠥᠮᠦᠵᠢᠯ ᠤᠨ ᠶᠠᠮᠤᠨ 4 ᠳ᠋ᠦ᠋ᠭᠡᠷ ᠰᠠᠷ᠎ᠠ ᠶᠢᠨ 22 ᠤᠨ ᠡᠳᠦᠷ 2024 ᠣᠨ ᠤ ᠡᠩ ᠤᠨ | ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠳᠠᠩᠰᠠᠯᠠᠯᠲᠠ ᠪᠠ ᠬᠢᠨᠠᠨ | ᠵᠥᠪᠰᠢᠶᠡᠷᠡᠯ ᠤᠨ ᠳ᠋ᠦᠩ ᠢ ᠨᠡᠶᠢᠲᠡᠯᠡᠬᠦ ᠳᠤ᠂ ᠪᠥᠬᠦ ᠤᠯᠤᠰ ᠤᠨ ᠶᠡᠭᠡ ᠳᠡᠭᠡᠳᠦ ᠰᠤᠷᠭᠠᠭᠤᠯᠢ ᠳᠤ ᠨᠡᠶᠢᠲᠡ 1839 | ᠲᠤᠰᠬᠠᠢ ᠮᠡᠷᠭᠡᠵᠢᠯ ᠤᠨ ᠴᠡᠭ ᠨᠡᠮᠡᠭᠳᠡᠵᠦ᠂ 2220 ᠲᠤᠰᠬᠠᠢ ᠮᠡᠷᠭᠡᠵᠢᠯ ᠤᠨ ᠴᠡᠭ ᠲᠤ ᠰᠣᠷᠣᠭᠴᠢ ᠡᠯᠰᠡᠬᠦ ᠶᠢ ᠨᠢ | ᠵᠣᠭᠰᠣᠭᠠᠵᠤ᠂ 1428 ᠲᠤᠰᠬᠠᠢ ᠮᠡᠷᠭᠡᠵᠢᠯ ᠤᠨ ᠴᠡᠭ ᠢ ᠬᠠᠰᠤᠪᠠ᠃ ᠰᠤᠷᠭᠠᠨ ᠬᠥᠮᠦᠵᠢᠯ ᠤᠨ ᠶᠠᠮᠤᠨ ︽ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ ᠮᠡᠷᠭᠡᠵᠢᠯ ᠤᠨ ᠭᠠᠷᠴᠠᠭ ︵ | 2025 ᠣᠨ︶︾ ᠢ ᠵᠡᠷᠭᠡ ᠳᠤ ᠨᠢ ᠰᠢᠨᠡᠳᠬᠡᠨ ᠨᠡᠶᠢᠲᠡᠯᠡᠵᠦ᠂ 29 ᠵᠦᠢᠯ ᠤᠨ ᠰᠢᠨ᠎ᠡ ᠲᠤᠰᠬᠠᠢ ᠮᠡᠷᠭᠡᠵᠢᠯ ᠢ | ᠨᠡᠮᠡᠨ ᠵᠢᠭᠰᠠᠭᠠᠵᠤ᠂ 2025 ᠣᠨ ᠤ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠪᠠᠷ ᠰᠣᠷᠣᠭᠴᠢ ᠡᠯᠰᠡᠬᠦ | ᠪᠣᠯᠪᠠ᠃ ᠰᠢᠨ᠎ᠡ ᠭᠠᠷᠴᠠᠭ ᠲᠤ 93 ᠲᠤᠰᠬᠠᠢ ᠮᠡᠷᠭᠡᠵᠢᠯ ᠤᠨ ᠲᠥᠷᠥᠯ᠂ 845 ᠵᠦᠢᠯ ᠤᠨ ᠲᠤᠰᠬᠠᠢ ᠮᠡᠷᠭᠡᠵᠢᠯ ᠢ | ᠪᠠᠭᠲᠠᠭᠠᠵᠤ᠂ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠤᠯᠤᠰ ᠤᠨ ᠪᠠᠶᠢᠯᠳᠤᠬᠤ ᠪᠣᠳᠣᠯᠭ᠎ᠠ ᠶᠢᠨ ᠪᠠᠴᠢᠮ | ᠬᠡᠷᠡᠭᠴᠡᠭᠡ ᠪᠠ ᠴᠢᠨᠠᠷ ᠰᠠᠶᠢᠲᠠᠢ ᠬᠥᠭᠵᠢᠯᠲᠡ ᠳᠤ ᠲᠦᠷᠭᠡᠨ ᠨᠡᠶᠢᠴᠡᠭᠦᠯᠦᠨ ᠲᠣᠬᠢᠷᠠᠭᠤᠯᠬᠤ ᠪᠠᠨ ᠤᠯᠠᠮ ᠨᠢᠭᠡ | ᠠᠯᠬᠤᠮ ᠴᠢᠩᠭᠠᠳᠬᠠᠪᠠ᠃ ᠤᠯᠤᠰ ᠤᠨ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠲᠠᠯ᠎ᠠ ᠪᠠᠷ᠂ ᠣᠷᠣᠨ | ᠪᠦᠰᠡ ᠪᠠ ᠤᠯᠤᠰ ᠤᠳ ᠤᠨ ᠢᠯᠭᠠᠯ ᠤᠨ ᠤᠬᠠᠭᠠᠨ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠰᠢᠨᠵᠢᠯᠡᠬᠦ | ᠤᠬᠠᠭᠠᠨ ᠬᠢᠭᠡᠳ ᠢᠨᠵᠧᠨᠧᠷᠢᠩ᠂ ᠲᠡᠯᠡᠶ ᠲᠠᠩᠭᠢᠰ ᠤᠨ ᠰᠢᠨᠵᠢᠯᠡᠬᠦ ᠤᠬᠠᠭᠠᠨ ᠬᠢᠭᠡᠳ ᠲᠧᠭᠨᠢᠭ ᠮᠡᠷᠭᠡᠵᠢᠯ᠂ ᠡᠷᠡᠭᠦᠯ | ᠮᠡᠨᠳᠦ ᠬᠢᠭᠡᠳ ᠡᠮᠴᠢᠯᠡᠭᠡᠨ ᠤ ᠪᠠᠲᠤᠯᠠᠭ᠎ᠠ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠤᠰᠢᠭᠤᠷᠠᠯ ᠳᠤ ᠬᠠᠨᠳᠤᠭᠤᠯᠤᠨ᠂ ᠣᠶᠤᠨᠴᠢ ᠮᠣᠯᠧᠺᠦ᠋ᠯ ᠤᠨ | ᠢᠨᠵᠧᠨᠧᠷᠢᠩ᠂ ᠡᠮᠴᠢᠯᠡᠭᠡᠨ ᠤ ᠪᠠᠭᠠᠵᠢ ᠬᠡᠷᠡᠭᠰᠡᠯ ᠬᠢᠭᠡᠳ ᠲᠣᠨᠤᠭ ᠲᠥᠬᠦᠭᠡᠷᠦᠮᠵᠢ ᠶᠢᠨ ᠢᠨᠵᠧᠨᠧᠷᠢᠩ᠂ ᠴᠠᠭ | ᠣᠷᠣᠨ ᠵᠠᠢ ᠶᠢᠨ ᠮᠡᠳᠡᠭᠡ ᠵᠠᠩᠭᠢ ᠶᠢᠨ ᠢᠨᠵᠧᠨᠧᠷᠢᠩ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ | ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠤᠯᠠᠨ ᠤᠯᠤᠰ ᠤᠨ ᠰᠢᠤᠳᠠᠨ ᠤ | ᠬᠥᠯᠭᠡ ᠣᠩᠭᠤᠴᠠᠨ ᠤ ᠬᠠᠮᠢᠶᠠᠷᠤᠯᠲᠠ᠂ ᠠᠭᠠᠷ ᠠᠶᠠᠯᠠᠯ ᠤᠨ ᠬᠥᠳᠡᠯᠭᠡᠭᠡᠨ ᠵᠡᠷᠭᠡ ᠲᠤᠰᠬᠠᠢ ᠮᠡᠷᠭᠡᠵᠢᠯ ᠢ ᠨᠡᠮᠡᠵᠦ | ᠲᠣᠬᠢᠷᠠᠭᠤᠯᠪᠠ᠃ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠣᠬᠢᠶᠠᠮᠠᠯ ᠣᠶᠣᠨ ᠢᠶᠠᠷ ᠡᠷᠴᠢᠮᠯᠡᠬᠦ ᠳᠤ | ᠠᠩᠬᠠᠷᠤᠯ ᠲᠥᠪᠯᠡᠷᠡᠭᠦᠯᠵᠦ᠂ ᠵᠣᠬᠢᠶᠠᠮᠠᠯ ᠣᠶᠣᠨ ᠤ ᠰᠤᠷᠭᠠᠨ ᠬᠥᠮᠦᠵᠢᠯ᠂ ᠣᠶᠤᠨᠴᠢ ᠠᠦ᠋ᠳᠢᠣ᠋ ᠸᠢᠳᠢᠤ᠋ ᠶᠢᠨ | ᠢᠨᠵᠧᠨᠧᠷᠢᠩ᠂ ᠳ᠋ᠢᠭᠢᠲ ᠰᠢ ᠵᠦᠴᠦᠭᠡ ᠵᠡᠷᠭᠡ ᠲᠤᠰᠬᠠᠢ ᠮᠡᠷᠭᠡᠵᠢᠯ ᠢ ᠨᠡᠮᠡᠵᠦ ᠲᠣᠬᠢᠷᠠᠭᠤᠯᠪᠠ᠃ ᠣᠳᠣᠬᠠᠨ | ᠳᠤ᠂ ᠪᠥᠬᠦ ᠤᠯᠤᠰ ᠤᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠰᠦᠨ ᠠᠩᠭᠢ ᠶᠢᠨ ᠲᠤᠰᠬᠠᠢ | ᠮᠡᠷᠭᠡᠵᠢᠯ ᠤᠨ ᠪᠠᠶᠢᠷᠢᠯᠠᠭᠤᠯᠤᠯᠲᠠ ᠨᠡᠶᠢᠲᠡ 6.28 ᠲᠦᠮᠡ ᠪᠠᠶᠢᠨ᠎ᠠ᠃ ᠰᠤᠷᠭᠠᠨ ᠬᠥᠮᠦᠵᠢᠯ ᠤᠨ ᠶᠠᠮᠤᠨ ᠲᠤᠰᠬᠠᠢ | ᠮᠡᠷᠭᠡᠵᠢᠯ ᠤᠨ ᠲᠣᠬᠢᠷᠠᠭᠤᠯᠤᠯᠲᠠ ᠪᠠ ᠠᠵᠢᠯ ᠣᠯᠭᠤᠯᠲᠠ ᠶᠢᠨ ᠠᠵᠢᠯ ᠤᠨ ᠬᠤᠯᠪᠣᠯᠳᠤᠯ ᠢ ᠤᠯᠠᠮ ᠨᠢᠭᠡ ᠠᠯᠬᠤᠮ | ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠦᠯᠡᠳᠡᠭᠡᠯ ᠲᠤᠰᠬᠠᠢ | ᠮᠡᠷᠭᠡᠵᠢᠯ ᠢ ᠨᠢ ᠦᠷᠭᠦᠯᠵᠢᠯᠡᠨ ᠲᠣᠬᠢᠷᠠᠭᠤᠯᠤᠨ ᠰᠢᠯᠢᠳᠡᠭᠵᠢᠭᠦᠯᠬᠦ᠂ ᠡᠯ᠎ᠡ ᠬᠦᠷᠢᠶᠡᠨ ᠳᠠᠬᠢ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠᠨ ᠲᠥᠰᠥᠭᠡᠯᠡᠵᠦ ᠵᠠᠳᠠᠯᠬᠤ ᠶᠢ ᠴᠢᠩᠭᠠᠳᠬᠠᠨ᠂ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠣᠬᠢᠴᠠᠯᠳᠤᠯ ᠢ ᠲᠠᠰᠤᠷᠠᠯᠲᠠ ᠦᠭᠡᠢ | ᠴᠢᠩᠭᠠᠷᠠᠭᠤᠯᠬᠤ ᠪᠣᠯᠣᠨ᠎ᠠ᠃ |