ᠡᠨᠡ ᠵᠢᠯ ᠮᠠᠨ ᠤ ᠠᠶᠢᠮᠠᠭ ᠤᠨ 9423 ᠰᠣᠷᠣᠭᠴᠢ ᠤᠯᠤᠰ ᠤᠨ ᠨᠢᠭᠡᠳᠦᠯᠳᠡᠢ ᠰᠢᠯᠭᠠᠯᠳᠠ ᠳᠤ ᠨᠡᠷ᠎ᠡ ᠮᠡᠳᠡᠭᠦᠯᠪᠡ
ᠨᠡᠶᠢᠲᠡᠯᠡᠭᠰᠡᠨ ᠴᠠᠭ᠄
2025/6/10
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2025 ᠣᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ 6 ᠰᠠᠷ᠎ᠠ ᠶᠢᠨ 7 ᠠᠴᠠ 10 ᠤ ᠡᠳᠦᠷ ᠪᠣᠯᠲᠠᠯ᠎ᠠ ᠶᠠᠪᠤᠭᠳᠠᠨ᠎ᠠ᠃ ᠡᠨᠡ ᠵᠢᠯ ᠮᠠᠨ ᠤ ᠠᠶᠢᠮᠠᠭ ᠤᠨ 9423 ᠰᠤᠷᠤᠭᠴᠢ ᠤᠯᠤᠰ ᠤᠨ ᠨᠢᠭᠡᠳᠦᠯᠳᠡᠢ ᠰᠢᠯᠭᠠᠯᠲᠠ ᠳᠤ ᠣᠷᠣᠯᠴᠠᠬᠤ ᠪᠠᠷ ᠨᠡᠷ᠎ᠡ ᠮᠡᠳᠡᠭᠦᠯᠵᠦ᠂ ᠨᠡᠶᠢᠲᠡ 13 ᠰᠢᠯᠭᠠᠯᠲᠠ ᠶᠢᠨ ᠲᠣᠭᠤᠷᠢᠭ᠂ 15 ᠰᠢᠯᠭᠠᠯᠲᠠ ᠶᠢᠨ ᠴᠡᠭ᠂ 266 ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠢ ᠲᠤᠬᠢᠷᠠᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠤᠭᠰᠠᠨ ᠤ ᠬᠤᠪᠢ ᠳᠤ᠂ ᠣᠶᠢᠷ᠎ᠠ ᠶᠢᠨ ᠡᠳᠦᠷ᠂ ᠪᠥᠬᠦ ᠠᠶᠢᠮᠠᠭ ᠤᠨ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠰᠢᠯᠭᠠᠭᠤᠯᠤᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠦ᠂ ᠨᠠᠷᠢᠨ ᠨᠢᠬᠳᠠ ᠪᠠᠶᠢᠷᠢᠯᠠᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠵᠤ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠢᠶᠠᠷᠤᠯᠲᠠ᠂ ᠵᠠᠮ ᠬᠠᠷᠢᠯᠴᠠᠭ᠎ᠠ᠂ ᠴᠠᠬᠢᠯᠭᠠᠨ ᠬᠦᠴᠦᠨ ᠤ ᠬᠠᠩᠭᠠᠯᠭ᠎ᠠ᠂ ᠲᠠᠭᠤ ᠱᠤᠤᠬᠢᠶᠠᠨ ᠤ ᠵᠠᠰᠠᠯᠳᠠ᠂ ᠡᠮᠴᠢᠯᠡᠭᠡᠨ ᠤ ᠦᠢᠯᠡᠴᠢᠯᠡᠭᠡ ᠵᠡᠷᠭᠡ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠰᠢᠯᠭᠠᠯᠲᠠ ᠶᠢᠨ ᠲᠣᠭᠲᠠᠭᠤᠨ ᠪᠥᠭᠡᠳ ᠤᠷᠤᠭᠰᠢᠲᠠᠢ ᠪᠠᠶᠢᠬᠤ ᠶᠢ ᠦᠨᠡᠨ ᠬᠦ ᠪᠠᠲᠤᠯᠠᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠵᠦ ᠪᠠᠶᠢᠨ᠎ᠠ᠃ ᠮᠡᠷᠭᠡᠵᠢᠯ ᠢᠶᠠᠷ ᠰᠡᠷᠭᠡᠶᠢᠯᠡᠨ ᠡᠵᠡᠮᠳᠡᠬᠦ ᠠᠷᠭ᠎ᠠ ᠪᠠᠷᠢᠯ ᠢ ᠲᠡᠰ ᠳᠡᠪᠰᠢᠭᠦᠯᠪᠡ᠃ ᠵᠢᠰᠦ ᠶᠢ ᠢᠯᠭᠠᠨ ᠲᠠᠨᠢᠬᠤ ᠵᠡᠷᠭᠡ ᠮᠡᠷᠭᠡᠵᠢᠯ ᠢ ᠰᠢᠯᠭᠠᠯᠲᠠ ᠳᠤ ᠨᠡᠷ᠎ᠡ ᠮᠡᠳᠡᠭᠦᠯᠬᠦ ᠪᠠ ᠰᠢᠯᠭᠠᠯᠲᠠ ᠶᠢᠨ ᠲᠠᠯᠠᠪᠠᠶ ᠳᠤ ᠤᠷᠤᠬᠤ ᠵᠡᠷᠭᠡ ᠭᠤᠭᠴᠣᠭᠠᠨ ᠳᠤ ᠭᠡᠷᠡᠭᠵᠢᠭᠦᠯᠵᠦ᠂ ᠣᠷᠣᠯᠠᠨ ᠰᠢᠯᠭᠠᠬᠤ ᠦᠵᠡᠭᠳᠡᠯ ᠡᠭᠦᠰᠬᠦ ᠶᠢ ᠴᠢᠩᠭ᠎ᠠ ᠬᠤᠷᠢᠭᠯᠠᠨ᠎ᠠ᠃ ᠰᠢᠯᠭᠠᠯᠲᠠ ᠶᠢᠨ ᠴᠡᠭ ᠲᠤ ᠭᠠᠷ ᠤᠲᠠᠰᠤᠨ ᠤ ᠳᠣᠬᠢᠶ᠎ᠠ ︵5G︶ ᠶᠢ ᠬᠠᠯᠬᠠᠯᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢᠨ ᠬᠠᠮᠲᠤ ᠬᠤᠶᠠᠷ ᠤᠳᠠᠭᠠᠨ ᠤ ᠬᠠᠶᠢᠭᠤᠯ ᠭᠡᠮᠵᠢᠭᠦᠷᠯᠢᠭ ᠤᠨ ᠪᠠᠶᠢᠴᠠᠭᠠᠯᠲᠠ ᠪᠠ ᠨᠢᠭᠡ ᠤᠳᠠᠭᠠᠨ ᠤ ᠣᠶᠤᠨᠲᠤ ᠠᠶᠦᠯᠭᠦᠢ ᠶᠢᠨ ᠪᠠᠶᠢᠴᠠᠭᠠᠯᠲᠠ ᠬᠢᠵᠦ᠂ ᠰᠢᠯᠭᠠᠭᠤᠯᠤᠭᠴᠢ ᠶᠢᠨ ᠡᠯ᠎ᠡ ᠲᠥᠷᠥᠯ ᠤᠨ ᠳᠡᠭᠡᠳᠦ ᠰᠢᠨᠵᠢᠯᠡᠬᠦ ᠮᠡᠷᠭᠡᠵᠢᠯ ᠤᠨ ᠬᠡᠮ ᠭᠢᠭᠦ ᠲᠥᠬᠦᠭᠡᠷᠦᠮᠵᠢ ᠶᠢ ᠰᠢᠯᠭᠠᠯᠲᠠ ᠶᠢᠨ ᠲᠠᠯᠠᠪᠠᠢ ᠳᠤ ᠠᠪᠴᠤ ᠣᠷᠣᠬᠤ ᠶᠢ ᠬᠤᠷᠢᠭᠯᠠᠨ᠎ᠠ᠃ ᠰᠢᠯᠭᠠᠯᠲᠠ ᠶᠢᠨ ᠲᠠᠯᠠᠪᠠᠢ ᠳᠤ ᠲᠣᠬᠢᠷᠠᠭᠤᠯᠤᠭᠰᠠᠨ ᠬᠢᠨᠠᠨ ᠡᠵᠡᠮᠳᠡᠬᠦ ᠰᠢᠰᠲ᠋ᠧᠮ ᠨᠢ ᠴᠠᠭ ᠲᠤᠬᠠᠢ ᠳᠤᠨᠢ ᠬᠢᠨᠠᠨ ᠡᠵᠡᠮᠳᠡᠨ ᠪᠠᠶᠢᠴᠠᠭᠠᠨ ᠦᠵᠡᠵᠦ᠂ ᠭᠠᠳᠠᠨᠠᠭᠢ ᠣᠷᠣᠨ ᠪᠦᠰᠡ ᠳᠤ ᠷᠠᠳᠢᠣ᠋ ᠬᠢᠨᠠᠨ ᠬᠡᠮᠵᠢᠬᠦ ᠲᠡᠷᠭᠡ ᠪᠠᠶᠢᠷᠢᠯᠠᠭᠤᠯᠤᠨ ᠲᠣᠭᠤᠷᠢᠨ ᠴᠠᠭᠳᠠᠵᠤ᠂ ᠬᠡᠮ ᠬᠢᠬᠦ ᠦᠢᠯᠡ ᠠᠵᠢᠯᠯᠠᠭ᠎ᠠ ᠡᠭᠦᠰᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠨ᠎ᠠ᠃ ᠲᠤᠨᠤᠭ ᠲᠥᠬᠦᠭᠡᠷᠦᠮᠵᠢ ᠶᠢᠨ ᠪᠠᠲᠤᠯᠠᠭ᠎ᠠ ᠶᠢ ᠪᠦᠷᠢᠨ ᠭᠦᠢᠴᠡᠳ ᠪᠤᠯᠭᠠᠪᠠ᠃ ᠪᠥᠬᠦ ᠠᠶᠢᠮᠠᠭ ᠤᠨ ᠰᠢᠯᠭᠠᠯᠲᠠ ᠶᠢᠨ ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ 13 ᠲᠡᠷᠭᠡ ᠪᠠ ᠡᠯ᠎ᠡ ᠲᠦᠷᠦᠯ ᠤᠨ ᠲᠥᠬᠦᠭᠡᠷᠦᠮᠵᠢ ᠬᠡᠪ ᠤᠨ ᠶᠣᠰᠣᠭᠠᠷ ᠠᠵᠢᠯᠯᠠᠵᠤ᠂ ᠴᠦᠮ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠳᠤ ᠬᠥᠷᠪᠡ︔ ᠪᠥᠬᠦ ᠠᠶᠢᠮᠠᠭ ᠤᠨ ᠰᠢᠯᠭᠠᠯᠲᠠ ᠶᠢᠨ ᠬᠠᠭᠤᠳᠠᠰᠤ ᠶᠢᠨ 13 ᠨᠢᠭᠤᠴᠠ ᠶᠢ ᠬᠠᠮᠠᠭᠠᠯᠠᠬᠤ ᠲᠠᠰᠤᠭ ᠪᠠ ᠡᠯ᠎ᠡ ᠪᠠᠷᠢᠮᠵᠢᠶᠠᠵᠢᠬᠰᠠᠨ ᠰᠢᠯᠭᠠᠯᠲᠠ ᠶᠢᠨ ᠲᠠᠯᠠᠪᠠᠢ ᠶᠢᠨ ᠬᠠᠮᠢᠶ᠎ᠠ ᠪᠦᠬᠦᠢ ᠲᠥᠬᠦᠭᠡᠷᠦᠮᠵᠢ ᠶᠢ ᠨᠢᠭᠡᠨᠲᠡ ᠠᠶᠢᠮᠠᠭ᠂ ᠥᠪᠡᠷᠲᠡᠭᠡᠨ ᠵᠠᠰᠠᠬᠤ ᠣᠷᠣᠨ᠂ ᠰᠤᠷᠭᠠᠨ ᠬᠥᠮᠦᠵᠢᠯ ᠤᠨ ᠶᠠᠮᠤᠨ ᠳᠥᠷᠪᠡᠨ ᠱᠠᠲᠤ ᠲᠠᠢ ᠰᠦᠯᠵᠢᠶ᠎ᠠ ᠬᠤᠯᠪᠤᠵᠦ᠂ ᠴᠠᠭ ᠲᠤᠬᠠᠢ ᠳᠤᠨᠢ ᠬᠢᠨᠠᠨ ᠡᠵᠡᠮᠳᠡᠵᠦ ᠪᠣᠯᠣᠨ᠎ᠠ᠃ ᠰᠢᠯᠭᠠᠯᠲᠠ ᠶᠢᠨ ᠬᠠᠭᠤᠳᠠᠰᠤ ᠶᠢᠨ ᠠᠮᠤᠷ ᠲᠦᠪᠰᠢᠨ ᠢ ᠪᠥᠬᠦ ᠭᠦᠴᠦᠨ ᠢᠶᠠᠷ ᠪᠠᠳᠤᠯᠠᠨ᠎ᠠ᠃ ᠰᠢᠯᠭᠠᠯᠲᠠ ᠶᠢᠨ ᠬᠠᠭᠤᠳᠠᠰᠤ ᠠᠪᠬᠤ᠂ ᠲᠡᠭᠡᠭᠡᠪᠦᠷᠢᠯᠡᠨ ᠬᠦᠷᠭᠡᠬᠦ᠂ ᠬᠠᠳᠠᠭᠠᠯᠠᠨ ᠬᠠᠮᠢᠶᠠᠷᠬᠤ᠂ ᠬᠡᠷᠡᠭᠯᠡᠬᠦ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠯ᠎ᠡ ᠰᠢᠯᠭᠠᠯᠲᠠ ᠶᠢᠨ ᠲᠣᠭᠤᠷᠢᠭ ᠤᠨ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠲᠤ 24 ᠴᠠᠭ ᠢᠶᠠᠷ ᠵᠢᠵᠢᠭᠦᠷᠯᠡᠨ ᠰᠠᠬᠢᠨ᠎ᠠ᠃ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠬᠤ ᠬᠤᠭᠤᠴᠠᠭᠠᠨ ᠳᠤ᠂ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠨ ᠬᠠᠮᠢᠶᠠᠷᠬᠤ᠂ ᠲᠡᠭᠡᠭᠡᠪᠦᠷᠢᠯᠡᠨ ᠬᠦᠷᠭᠡᠬᠦ᠂ ᠬᠡᠷᠡᠭᠯᠡᠬᠦ ᠡᠯ᠎ᠡ ᠭᠤᠭᠴᠤᠭ᠎ᠠ ᠶᠢ ᠪᠦᠭᠦ ᠲᠠᠯ᠎ᠠ ᠪᠠᠷ ᠬᠢᠨᠠᠨ ᠡᠵᠡᠮᠳᠡᠵᠦ᠂ ᠰᠢᠯᠭᠠᠯᠳᠠ ᠶᠢᠨ ᠬᠠᠭᠤᠳᠠᠰᠤ ᠶᠢᠨ ᠤᠳᠠᠭ᠎ᠠ ᠪᠦᠷᠢ ᠶᠢᠨ ᠲᠠᠮᠵᠢᠯᠳᠠ ᠶᠢᠨ ᠭᠠᠷᠳᠠᠮ ᠨᠢ ᠪᠦᠷᠢᠨ ᠭᠦᠢᠴᠡᠳ᠂ ᠪᠠᠶᠢᠴᠠᠭᠠᠬᠤ ᠪᠠᠷᠢᠮᠲᠠ ᠲᠠᠢ  ᠪᠠᠶᠢᠬᠤ  ᠶᠢ  ᠱᠠᠭᠠᠷᠳᠠᠨ᠎ᠠ᠃ ᠬᠥᠮᠥᠨ ᠤ ᠭᠦᠴᠦ᠂ ᠡᠳ᠋ ᠪᠣᠳᠠᠰ᠂ ᠮᠡᠷᠭᠡᠵᠢᠯ ᠤᠨ ᠰᠡᠷᠭᠡᠶᠢᠯᠡᠯᠳᠡ ᠶᠢ ᠨᠢᠭᠡ ᠴᠣᠭᠴᠠᠵᠢᠭᠤᠯᠬᠤ ᠪᠠᠷ ᠳᠠᠮᠵᠢᠭᠤᠯᠤᠨ᠂ ᠰᠢᠯᠭᠠᠯᠲᠠ ᠶᠢᠨ ᠬᠠᠭᠤᠳᠠᠰᠤ ᠥᠴᠥᠬᠡᠨ ᠴᠦ ᠠᠯᠳᠠᠰᠢ ᠦᠭᠡᠢ ᠪᠠᠶᠢᠬᠤ ᠶᠢ ᠦᠨᠡᠨ ᠭᠦ ᠪᠠᠳᠤᠯᠠᠨ᠎ᠠ᠃ ᠣᠯᠠᠨ ᠰᠠᠯᠠᠭ᠎ᠠ ᠮᠥᠴᠢᠷ ᠵᠤᠬᠢᠴᠠᠭᠤᠯᠤᠨ ᠬᠤᠯᠪᠤᠭᠠᠯᠠᠨ ᠬᠥᠳᠡᠯᠦᠯᠴᠡᠵᠦ ᠤᠯᠤᠰ ᠤᠨ ᠨᠢᠭᠡᠳᠦᠯᠲᠡᠢ ᠰᠢᠯᠭᠠᠯᠲᠠ ᠳᠤ ᠪᠠᠳᠤᠯᠠᠭ᠎ᠠ ᠬᠠᠨᠭ᠍ᠭᠠᠨ᠎ᠠ᠃ ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠨᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠤᠬᠠᠭᠤᠯᠬᠤ ᠭᠡᠯᠳᠡᠰ᠂ ᠢᠨᠲ᠋ᠧᠷ ᠰᠦᠯᠵᠢᠶᠡᠨ ᠤ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ᠂ ᠨᠢᠭᠤᠴᠠ ᠶᠢ ᠬᠠᠮᠠᠭᠠᠯᠠᠬᠤ᠂ ᠷᠠᠳᠢᠣ᠋ ᠶᠢᠨ ᠬᠠᠮᠢᠶᠠᠷᠤᠯᠲᠠ᠂ ᠴᠠᠬᠢᠯᠭᠠᠨ ᠬᠠᠩᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠴᠠᠭ ᠠᠭᠤᠷ ᠵᠡᠷᠭᠡ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠵᠤ᠂ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠠᠮᠢᠶᠠᠷᠬᠤ ᠪᠠᠨ ᠴᠢᠩᠭᠠᠳᠬᠠᠨ᠎ᠠ᠃ ᠡᠭᠦᠨ ᠤ ᠬᠠᠮᠳᠦ᠂ ᠡᠯ᠎ᠡ ᠭᠠᠵᠠᠷ ᠡᠯ᠎ᠠ ᠰᠤᠷᠭᠠᠭᠤᠯᠢ ᠵᠤᠨ ᠤ ᠤᠯᠠᠷᠢᠯ ᠤᠨ ᠣᠨᠴᠠᠭᠠᠶ ᠴᠠᠭ ᠠᠭᠤᠷ ᠪᠣᠯᠣᠨ ᠭᠡᠨᠡᠳᠲᠡ ᠡᠭᠦᠰᠭᠦ ᠣᠯᠠᠨ ᠨᠡᠶᠢᠲᠡ ᠶᠢᠨ ᠬᠡᠷᠡᠭ ᠲᠤ ᠴᠢᠭᠯᠡᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠭᠠᠬᠤ ᠪᠠ ᠲᠦᠷᠭᠡᠨ ᠰᠶᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠤᠨ ᠨᠢᠭᠡᠳᠦᠯᠳᠡᠢ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠢᠢᠨ ᠠᠮᠤᠷ ᠲᠦᠪᠰᠢᠨ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠦᠬᠦ ᠭᠦᠴᠦᠨ ᠢᠶᠠᠷ ᠪᠠᠳᠤᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号