ᠡᠨᠡ ᠵᠢᠯ ᠠᠴᠠ ᠨᠠᠭᠠᠰᠢ᠂ ᠮᠠᠨ ᠤ ᠠᠶᠢᠮᠠᠭ ᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠢᠳᠡᠪᠬᠢᠲᠡᠢ ᠠᠵᠢᠯᠯᠠᠨ᠂ ᠠᠵᠤ ᠠᠬᠤᠶᠢᠯᠠᠯ ᠢ ᠲᠤᠰᠠᠯᠠᠬᠤ ᠠᠯᠢ ᠤᠯᠠᠨ ᠠᠷᠭ᠎ᠠ ᠬᠡᠮᠵᠢᠶ᠎ᠡ | ᠭᠠᠷᠭᠠᠨ᠂ ᠪᠦᠬᠦ ᠠᠶᠢᠮᠠᠭ ᠤᠨ ᠬᠡᠪᠴᠢᠶᠡᠨ ᠳᠤ ᠠᠵᠤ ᠠᠬᠤᠶᠢᠯᠠᠯ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ | ᠬᠠᠯᠠᠭᠤᠨ ᠥᠷᠨᠢᠯᠲᠡ ᠭᠠᠷᠭᠠᠵᠤ᠂ ᠪᠦᠬᠦ ᠵᠢᠯ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠪᠠᠲᠤ | ᠪᠠᠬᠢ ᠰᠠᠭᠤᠷᠢ ᠶᠢ ᠲᠠᠯᠪᠢᠪᠠ᠃ ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ︵ᠥᠪᠥᠷ ᠮᠣᠩᠭᠤᠯ︶ ᠤᠨ | ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠠᠵᠢᠯᠳᠠᠳ ᠠᠯᠮᠠᠰ ᠢ | ᠵᠢᠷᠭᠤᠭᠠᠨ ᠲᠠᠯᠠᠲᠤ ᠰᠢᠬᠠᠭᠤᠷ ᠮᠠᠰᠢᠨ ᠢᠶᠠᠷ ᠡᠳ᠋ᠰᠢᠭᠦᠯᠦᠨ ᠶᠠᠭᠠᠷᠠᠯᠳᠤᠨ᠎ᠠ᠂ ᠲᠤᠰ ᠰᠢᠬᠠᠭᠤᠷ ᠮᠠᠰᠢᠨ ᠢ ᠠᠵᠤ | ᠠᠬᠤᠶᠢᠯᠠᠯ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠴᠡᠢ᠃ ᠲᠠᠩ ᠾᠧ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ | ᠣᠳᠣᠬᠠᠨ ᠳᠤ 24 ᠵᠦᠢᠯ ᠤᠨ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠ | ᠲᠤᠰᠬᠠᠢ ᠠᠰᠢᠭ ᠤᠨ ᠡᠷᠬᠡ ᠶᠢ ᠡᠵᠡᠮᠰᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠢ | ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢᠶᠠᠷ ᠦᠨᠡᠯᠡᠭᠳᠡᠪᠡ᠃ ᠡᠨᠡ ᠵᠢᠯ ᠤᠨ ᠡᠬᠢᠨ ᠳᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠦᠬᠦ ᠠᠶᠢᠮᠠᠭ ᠤᠨ ᠡᠨᠧᠷᠭᠢ ᠶᠢᠨ ᠪᠤᠰᠤ 135 ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠡᠷᠦᠬᠡ ᠳᠠᠷᠠᠭᠠᠯᠠᠨ | ᠠᠵᠢᠯ ᠢᠶᠠᠨ ᠰᠡᠷᠭᠦᠭᠡᠨ ᠦᠢᠯᠡᠳᠪᠦᠷᠢᠯᠡᠯ ᠢᠶᠠᠨ ᠰᠡᠷᠭᠦᠭᠡᠬᠦ᠂ ᠲᠦᠭᠦᠬᠡᠢ ᠮᠠᠲ᠋ᠧᠷᠢᠶᠠᠯ ᠤᠨ ᠪᠠᠲᠤᠯᠠᠭ᠎ᠠ᠂ | ᠦᠢᠯᠡᠳᠪᠦᠷᠢᠯᠡᠯ ᠤᠨ ᠲᠥᠯᠥᠪᠯᠡᠭᠡ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠵᠡᠷᠭᠡ ᠪᠠᠶᠢᠳᠠᠯ ᠢ | ᠣᠶᠢᠯᠠᠭᠠᠵᠤ᠂ ᠣᠯᠣᠯᠴᠠᠭ᠎ᠠ ᠵᠤᠬᠢᠴᠠᠭᠤᠯᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠰᠠᠭᠤᠳᠠᠯ ᠢ | ᠢᠯᠡᠷᠡᠭᠦᠯᠬᠦ ᠪᠠ ᠰᠶᠢᠳᠪᠦᠷᠢᠯᠡᠬᠦ ᠬᠤᠭᠤᠴᠠᠭᠠᠲᠤ ᠴᠢᠨᠠᠷ ᠢ ᠦᠨᠡᠨ ᠬᠦ ᠳᠡᠭᠡᠭᠰᠢᠯᠡᠭᠦᠯᠤᠨ᠂ ᠠᠵᠤ ᠠᠬᠤᠶᠢᠯᠠᠯ ᠢ | ᠬᠠᠪᠰᠤᠷᠤᠨ ᠲᠦᠭᠵᠢᠷᠡᠯ ᠤᠨ ᠠᠰᠠᠭᠤᠳᠠᠯ ᠢ ᠰᠶᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠪᠦᠬᠦ | ᠬᠦᠴᠦᠨ ᠢᠶᠠᠷ ᠠᠬᠢᠭᠤᠯᠵᠠᠢ᠃ ᠠᠵᠤ ᠠᠬᠤᠶᠢᠯᠠᠯ ᠤᠨ ᠪᠡᠯᠡ ᠮᠥᠩᠭᠦᠨ ᠤ ᠳᠠᠷᠤᠯᠲᠠ ᠶᠢ ᠬᠥᠩᠭᠡᠷᠡᠭᠦᠯᠬᠦ ᠶᠢᠨ | ᠲᠥᠯᠥᠭᠡ᠂ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠴᠠ ᠤᠳᠤᠬᠠᠨ ᠳᠤ | ᠶᠠᠭ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠬᠥᠭᠵᠢᠯᠲᠡ ᠶᠢᠨ ᠲᠤᠰᠬᠠᠢ ᠪᠡᠯᠡ ᠮᠥᠩᠭᠦ ᠶᠢ ᠣᠯᠬᠤ ᠪᠠᠷ ᠭᠦᠴᠦᠯᠡᠵᠦ᠂ ︽ᠲᠤᠰᠬᠠᠢ ᠨᠠᠷᠢᠯᠢᠭ | ᠣᠨᠴᠠ ᠰᠢᠨ᠎ᠡ︾᠂ ᠲᠣᠭᠠᠴᠢᠯᠠᠭᠰᠠᠨ ᠪᠣᠬᠢᠷᠲᠤᠯ ᠦᠭᠡᠢ ᠲᠡᠶᠢᠰᠢ ᠬᠡᠯᠪᠡᠷᠢ ᠶᠢ ᠬᠤᠪᠢᠷᠠᠭᠤᠯᠬᠤ ᠵᠡᠷᠭᠡ ᠲᠥᠷᠥᠯ | ᠬᠡᠯᠪᠡᠷᠢ ᠶᠢᠨ ᠠᠵᠤ ᠠᠬᠤᠶᠢᠯᠠᠯ ᠢ ᠱᠠᠩᠨᠠᠬᠤ ᠪᠠᠷ ᠪᠤᠢ᠃ ︽ᠪᠠᠲᠤᠯᠠᠭᠠᠲᠤ ᠵᠢᠭᠡᠯᠡᠯᠭᠡ︾ ᠪᠡᠯᠡ | ᠬᠤᠷᠠᠮᠳᠤᠭᠤᠯᠭ᠎ᠠ ᠶᠢᠨ ᠦᠢᠯᠡᠴᠢᠯᠡᠭᠡᠨ ᠤ ᠠᠵᠢᠯ ᠢ ᠢᠳᠡᠪᠬᠢᠲᠡᠢ ᠠᠬᠢᠭᠤᠯᠵᠤ᠂ ᠣᠳᠣᠬᠠᠨ ᠳᠤ ᠣᠯᠠᠨ ᠬᠤᠷᠰᠢᠭᠰᠠᠨ | ᠪᠠᠩᠬᠢ ᠲᠠᠢ 2025 ᠣᠨ ᠤ ︽ᠪᠠᠲᠤᠯᠠᠭᠠᠲᠤ ᠵᠢᠭᠡᠯᠡᠯᠭᠡ︾ ᠪᠡᠯᠡ ᠬᠤᠷᠠᠮᠳᠤᠭᠤᠯᠭ᠎ᠠ ᠶᠢᠨ ᠦᠢᠯᠡᠴᠢᠯᠡᠭᠡᠨ ᠤ | ᠠᠵᠢᠯ ᠢ ᠵᠥᠪᠳᠡᠯᠴᠡᠨ ᠠᠬᠢᠭᠤᠯᠵᠤ᠂ ᠣᠷᠳᠣᠰ ᠪᠠᠩᠬᠢ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠨ᠂ ᠡᠨᠡ | ᠵᠢᠯ ᠳ᠋ᠦᠩᠰᠢᠭᠤᠷ ᠲᠥᠭᠦᠷᠢᠭ ᠠᠴᠠ ᠳᠡᠭᠡᠭᠰᠢ ︽ᠪᠠᠲᠤᠯᠠᠭᠠᠲᠤ ᠵᠢᠭᠡᠯᠡᠯᠭᠡ︾ ᠲᠠᠯᠪᠢᠬᠤ ᠪᠠᠷ ᠭᠦᠴᠦᠯᠡᠵᠦ ᠪᠤᠢ᠃ | ᠪᠥᠬᠦ ᠠᠶᠢᠮᠠᠭ ᠲᠤ ᠴᠢᠭᠯᠡᠭᠦᠯᠦᠨ 69 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 59.23 ᠳ᠋ᠦᠩᠰᠢᠭᠤᠷ | ᠲᠥᠭᠦᠷᠢᠭ ᠤᠨ ᠪᠡᠯᠡ ᠬᠤᠷᠠᠮᠳᠤᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠵᠤ᠂ ᠴᠠᠭ ᠲᠤᠬᠠᠢ ᠳᠤᠨᠢ | ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠭᠦᠷᠭᠡᠪᠡ᠃ ᠲᠠᠷᠠᠭ᠎ᠠ ᠠᠯᠬᠤᠮ ᠳᠤ᠂ ᠪᠥᠬᠦ ᠠᠶᠢᠮᠠᠭ ᠤᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ᠂ ᠦᠢᠯᠡᠴᠢᠯᠡᠭᠡᠨ ᠤ ᠠᠷᠭ᠎ᠠ | ᠭᠡᠯᠪᠡᠷᠢ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ | ᠠᠶᠢᠮᠠᠭ ᠤᠨ ᠠᠵᠤ ᠠᠬᠤᠢ ᠶᠢᠨ ᠨᠡᠮᠡᠭᠳᠡᠯ ᠳᠤ ᠨᠠᠩ ᠣᠯᠠᠨ ᠬᠥᠳᠡᠯᠭᠡᠬᠦ ᠬᠦᠴᠦᠨ ᠨᠡᠮᠡᠷᠢᠯᠡᠨ᠎ᠡ᠃ |