6 ᠳ᠋ᠤᠭᠠᠷ ᠰᠠᠷ᠎ᠠ ᠶᠢᠨ 4 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠣᠶᠢᠯᠠᠭᠠᠭᠰᠠᠨ ᠢᠶᠠᠷ᠂ ᠡᠨᠡ ᠵᠢᠯ ᠲᠣᠰ | ᠨᠢᠭᠡᠴᠢ ᠶᠢᠨ ᠬᠢᠨ ︽ᠤᠯᠤᠰ ᠲᠥᠷᠥ ᠶᠢ ᠡᠷᠬᠢᠮᠯᠡᠨ ᠦᠨᠡᠨᠴᠢ ᠰᠢᠳᠤᠷᠭᠤ ᠪᠠᠨ ᠠᠳᠠᠯᠢᠳᠬᠠᠬᠤ᠂ ᠰᠤᠷᠤᠯᠴᠠᠯᠭ᠎ᠠ ᠶᠢ | ᠡᠷᠬᠢᠮᠯᠡᠨ ᠡᠷᠳᠡᠮ ᠴᠢᠳᠠᠪᠤᠷᠢ ᠪᠠᠨ ᠠᠳᠠᠯᠢᠳᠬᠠᠬᠤ᠂ ᠶᠣᠰᠣ ᠳᠦᠷᠢᠮ ᠢ ᠡᠷᠬᠢᠮᠯᠡᠨ ᠥᠪᠡᠷ ᠢ ᠪᠠᠨ ᠱᠠᠭᠠᠷᠳᠠᠬᠤ ᠪᠠᠨ | ᠠᠳᠠᠯᠢᠳᠬᠠᠬᠤ᠂ ᠪᠦᠯᠬᠦᠮᠳᠡᠯ ᠢ ᠡᠷᠬᠢᠮᠯᠡᠨ ᠬᠠᠮᠵᠢᠯᠴᠠᠭ᠎ᠠ ᠪᠠᠨ ᠠᠳᠠᠯᠢᠳᠬᠠᠬᠤ᠂ ᠨᠡᠮᠡᠷᠢ ᠦᠵᠡᠭᠦᠯᠬᠦ ᠶᠢ ᠡᠷᠬᠢᠮᠯᠡᠨ | ᠬᠠᠷᠢᠭᠤᠴᠠᠯᠭ᠎ᠠ ᠡᠭᠦᠷᠭᠡᠯᠡᠬᠦ ᠪᠠᠨ ᠠᠳᠠᠯᠢᠳᠬᠠᠬᠤ︾ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ | ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ︽ᠭᠤᠷᠪᠠ ᠶᠢ ᠡᠷᠭᠢᠯᠡᠬᠦ︾ ︽ᠭᠤᠷᠪᠠ ᠳᠤ | ᠦᠢᠯᠡᠴᠢᠯᠡᠬᠦ︾ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠪᠡ᠃ | ︽ᠪᠢᠳᠡ ᠰᠢᠨ᠎ᠡ ᠶᠢ ᠡᠭᠦᠳᠬᠦ ᠰᠡᠳᠬᠢᠬᠦᠢ ᠪᠠᠨ ᠲᠠᠰᠤᠷᠠᠯᠲᠠ ᠦᠭᠡᠢ ᠬᠥᠭᠵᠢᠭᠡᠵᠦ᠂ ᠬᠡᠪᠰᠢᠯ ᠵᠤᠷᠰᠢᠯ | ᠳᠤ ᠲᠦᠰᠢᠭᠯᠡᠬᠦ ᠠᠴᠠ ᠠᠩᠭᠢᠵᠢᠷᠠᠨ᠂ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠪᠠᠨ ᠴᠢᠩᠭᠠᠳᠬᠠᠵᠤ᠂ | ᠨᠠᠷᠢᠯᠢᠭ᠂ ᠨᠢᠮᠪᠠᠢ᠂ ᠲᠦᠢᠯᠪᠤᠷᠢᠲᠠᠢ ᠠᠵᠢᠯ ᠤᠨ ᠰᠤᠷᠲᠠᠯ ᠢ ᠪᠦᠷᠢᠯᠳᠦᠭᠦᠯᠵᠦ᠂ ᠠᠵᠢᠯ ᠢᠶᠠᠨ ᠦᠷᠭᠦᠯᠵᠢᠯᠡᠨ | ᠰᠢᠯᠢᠳᠡᠭᠵᠢᠭᠦᠯᠦᠨ ᠰᠠᠶᠢᠵᠢᠷᠠᠭᠤᠯᠬᠤ ᠳᠤ ᠬᠦᠴᠦᠨ ᠨᠡᠮᠡᠷᠢᠯᠡᠨ᠎ᠡ᠃︾ | ︽ᠪᠢᠳᠡ ︿ᠦᠵᠡᠯ ᠰᠠᠨᠠᠭᠠᠨ ᠤ ᠲᠣᠭᠤᠰᠣ﹀ ᠪᠠᠨ ᠰᠠᠶᠢᠲᠤᠷ ᠭᠦᠪᠢᠵᠦ᠂ ︿ᠬᠤᠪᠳᠤᠭ ᠰᠢᠨᠤᠬᠠᠢ ᠶᠢᠨ | ᠬᠤᠣᠷᠯᠠᠯ﹀ ᠢ ᠢᠯᠡᠭᠦᠬᠡᠨ ᠲᠤᠩᠭᠠᠵᠤ᠂ ︿ᠪᠣᠳᠣᠯ ᠰᠡᠳᠬᠢᠯ ᠳᠠᠬᠢ ᠬᠤᠯᠠᠭᠠᠢ﹀ ᠶᠢ ᠦᠷᠭᠦᠯᠵᠢ ᠬᠥᠭᠡᠭᠡᠵᠦ᠂ ᠲᠥᠪ | ᠭᠤᠣᠯᠴᠢ ᠠᠷᠢᠭᠤᠨ ᠴᠢᠬᠡᠴᠢ ᠤᠯᠤᠰ ᠲᠦᠷᠦ ᠶᠢᠨ ᠣᠣᠷ ᠴᠢᠨᠠᠷ ᠢᠶᠠᠨ ᠪᠠᠲᠤᠯᠠᠵᠤ᠂ ᠦᠵᠡᠯ ᠰᠠᠨᠠᠭᠠᠨ ᠤ | ᠰᠡᠷᠭᠡᠶᠢᠯᠡᠯᠲᠡ ᠶᠢᠨ ᠱᠤᠭᠤᠮ ᠢᠶᠠᠨ ᠴᠠᠭ ᠢᠮᠠᠭᠲᠠ ᠴᠢᠩᠭᠠᠷᠠᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ | ᠬᠤᠷᠢᠭ᠎ᠠ ᠱᠤᠭᠤᠮ ᠢ ᠤᠬᠠᠮᠰᠠᠷ ᠠᠴᠠ ᠪᠠᠨ ᠪᠠᠲᠤ ᠰᠠᠬᠢᠨ᠎ᠠ᠃︾ | 5 ᠳ᠋ᠤᠭᠠᠷ ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠷᠠᠯ ᠳᠤ | ᠣᠷᠣᠯᠴᠠᠭᠰᠠᠳ ᠶᠣᠰᠣ ᠰᠤᠷᠲᠠᠬᠤᠨ᠂ ᠰᠠᠬᠢᠯᠭ᠎ᠠ ᠪᠠᠲᠤ᠂ ᠬᠠᠤᠯᠢ ᠴᠠᠭᠠᠵᠠ᠂ ᠡᠭᠦᠷᠭᠡ ᠬᠠᠷᠢᠭᠤᠴᠠᠯᠭ᠎ᠠ ᠶᠢᠨ | ᠲᠣᠭᠤᠷᠢᠨ ᠳᠤ ᠣᠯᠣᠯᠲᠠ ᠲᠥᠷᠥᠭᠳᠡᠯ ᠢᠶᠠᠨ ᠰᠣᠯᠢᠯᠴᠠᠪᠠ᠃ ᠡᠨᠡ ᠪᠣᠯ ᠲᠣᠰ ᠨᠢᠭᠡᠴᠢ ᠶᠢᠨ ︽ᠲᠠᠪᠤ ᠶᠢ ᠡᠷᠬᠢᠮᠯᠡᠨ | ᠲᠠᠪᠤ ᠶᠢ ᠠᠳᠠᠯᠢᠳᠬᠠᠬᠤ︾ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠠᠬᠢᠵᠢᠭᠦᠯᠦᠨ | ᠳᠡᠭᠡᠭᠰᠢᠯᠡᠭᠦᠯᠬᠦ ᠬᠦᠴᠦᠲᠡᠢ ᠰᠦᠪᠡᠭᠴᠢᠯᠡᠯᠲᠡ ᠪᠣᠯᠣᠨ᠎ᠠ᠃ | ︽ᠤᠯᠤᠰ ᠲᠦᠷᠦ ᠶᠢᠨ ᠪᠠᠶᠢᠭᠤᠯᠭ᠎ᠠ ᠪᠣᠯᠤᠭᠰᠠᠨ ᠤ ᠬᠤᠪᠢ ᠳᠤ᠂ ᠲᠤᠭ ᠲᠡᠮᠳᠡᠭ ᠲᠣᠳᠣᠷᠬᠠᠢ ᠪᠠᠷ ᠤᠯᠤᠰ | ᠲᠦᠷᠦ ᠶᠢ ᠡᠷᠬᠢᠮᠯᠡᠬᠦ ᠶᠢ ᠲᠡᠷᠢᠭᠦᠨ ᠴᠢᠬᠤᠯᠠ ᠤᠯᠤᠰ ᠲᠦᠷᠦ ᠶᠢᠨ ᠵᠠᠷᠴᠢᠮ ᠪᠣᠯᠭᠠᠬᠤ ᠶᠢ ᠪᠠᠷᠢᠮᠲᠠᠯᠠᠵᠤ᠂ ᠵᠢᠱᠢᠶᠡᠴᠢ | ᠪᠠᠶᠢᠭᠤᠯᠭ᠎ᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠤᠯᠤᠰ | ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ︿ᠲᠦᠷᠪᠡᠨ ᠤᠬᠠᠮᠰᠠᠷ﹀ ᠢᠶᠠᠨ ᠴᠢᠩᠭᠠᠳᠬᠠᠬᠤ᠂ ︿ᠲᠦᠷᠪᠡᠨ ᠢᠲᠡᠭᠡᠯ﹀ ᠢᠶᠠᠨ ᠪᠠᠲᠤᠳᠬᠠᠬᠤ᠂ ︿ᠬᠤᠶᠠᠷ ᠢ | ᠬᠠᠮᠠᠭᠠᠯᠠᠬᠤ﹀ ᠶᠢ ᠪᠡᠶᠡᠯᠡᠭᠦᠯᠬᠦ ᠳᠤ ᠲᠦᠷᠦᠭᠦᠯᠡᠨ ᠣᠷᠣᠯᠴᠠᠵᠤ᠂ ᠳᠠᠭᠤᠷᠢᠶᠠᠯ ᠪᠣᠯᠬᠤ ᠬᠡᠷᠡᠭᠲᠡᠢ᠃︾ ᠭᠡᠵᠦ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ | ᠬᠡᠯᠡᠪᠡ᠃ | ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠬᠤ᠂ ᠡᠯ᠎ᠡ ᠵᠦᠢᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠬᠤ᠂ | ︽ᠤᠯᠤᠰ ᠲᠥᠷᠥ ᠶᠢᠨ ᠴᠢᠬᠤᠯᠠ ᠵᠦᠢᠯᠡᠰ︾ ᠢ ᠴᠢᠨᠠᠷ ᠰᠠᠶᠢᠲᠠᠢ ᠰᠠᠶᠢᠲᠤᠷ ᠭᠦᠢᠴᠡᠳᠬᠡᠬᠦ ᠵᠡᠷᠭᠡ ᠬᠦᠴᠦᠲᠡᠢ | ᠠᠷᠭ᠎ᠠ ᠬᠡᠮᠵᠢᠶ᠎ᠡ ᠪᠠᠷ ᠤᠯᠤᠰ ᠲᠥᠷᠥ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠤᠯᠤᠰ ᠲᠥᠷᠥ ᠶᠢᠨ ᠲᠠᠯ᠎ᠠ ᠪᠠᠷ ᠠᠳᠬᠤᠨ ᠡᠵᠡᠮᠳᠡᠬᠦ ᠴᠢᠳᠠᠪᠤᠷᠢ ᠪᠠᠨ ᠪᠦᠲᠦᠮᠵᠢᠲᠡᠶ ᠳᠡᠭᠡᠭᠰᠢᠯᠡᠭᠦᠯᠦᠨ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠶᠢ ᠤᠯᠠᠮ ᠨᠢᠭᠡ | ᠠᠯᠬᠤᠮ ᠴᠢᠩᠭᠠᠳᠬᠠᠪᠠ᠃ | ᠲᠤᠰ ᠨᠢᠭᠡᠴᠢ ᠶᠢᠨ ᠨᠠᠮ ᠤᠨ ᠤᠳᠤᠷᠢᠳᠬᠤ ᠳᠤᠭᠤᠶᠢᠯᠠᠩ ᠪᠠ ᠤᠨᠤᠯ ᠰᠤᠷᠤᠯᠴᠠᠬᠤ ᠭᠤᠣᠯ | ᠳᠤᠭᠤᠶᠢᠯᠠᠩ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠰᠣᠩᠭᠤᠯᠲᠠ ᠶᠢᠨ ᠬᠢᠴᠢᠶᠡᠯ᠂ ᠵᠠᠪᠠᠯ | ᠰᠤᠷᠬᠤ ᠬᠢᠴᠢᠶᠡᠯ ᠪᠣᠯᠭᠠᠪᠠ᠃ ᠡᠯ᠎ᠡ ᠨᠠᠮ ᠤᠨ ᠡᠭᠦᠷ ︽ᠭᠤᠣᠯ ᠰᠡᠳᠦᠪᠲᠦ ᠨᠠᠮ ᠤᠨ ᠡᠳᠦᠷ + ᠡᠳᠦᠷ | ᠲᠤᠳᠤᠮ ᠤᠨ ᠰᠤᠷᠤᠯᠴᠠᠯᠭ᠎ᠠ︾᠂ ︽ᠰᠦᠯᠵᠢᠶᠡᠨ ᠳᠡᠭᠡᠷᠡᠬᠢ ᠰᠤᠷᠤᠯᠴᠠᠯᠭ᠎ᠠ + ᠰᠦᠯᠵᠢᠶᠡᠨ ᠭᠠᠳᠠᠭᠤᠷᠬᠢ | ᠰᠣᠯᠢᠯᠴᠠᠭ᠎ᠠ︾ ᠶᠢ ᠤᠶᠠᠯᠳᠤᠭᠤᠯᠬᠤ ᠬᠡᠪ ᠵᠠᠭᠪᠤᠷ ᠢᠶᠠᠷ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ | ᠬᠥᠲᠥᠯᠥᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠲᠠᠯ᠎ᠠ ᠠᠴᠠ ᠠᠰᠠᠭᠤᠳᠠᠯ ᠢ ᠦᠵᠡᠬᠦ᠂ ᠤᠯᠤᠰ | ᠲᠦᠷᠦ ᠶᠢᠨ ᠲᠠᠯ᠎ᠠ ᠠᠴᠠ ᠶᠣᠰᠣ ᠤᠴᠢᠷ ᠢ ᠣᠶᠢᠯᠠᠭᠠᠬᠤ᠂ ᠤᠯᠤᠰ ᠲᠦᠷᠦ ᠶᠢᠨ ᠲᠠᠯ᠎ᠠ ᠠᠴᠠ ᠠᠵᠢᠯᠯᠠᠬᠤ | ᠤᠬᠠᠮᠰᠠᠷ ᠢ ᠨᠢ ᠤᠯᠠᠮ ᠨᠢᠭᠡ ᠠᠯᠬᠤᠮ ᠴᠢᠩᠭᠠᠳᠬᠠᠪᠠ᠃ | ᠪᠠᠶᠢᠭᠤᠯᠭ᠎ᠠ ᠶᠢᠨ ᠨᠠᠮ ᠤᠨ ᠬᠤᠷᠢᠶ᠎ᠠ ᠤᠨᠢᠨ ᠳᠡᠭᠡᠷ᠎ᠡ ᠨᠢ ᠬᠦᠴᠦᠯᠡᠵᠦ᠂ ︽ᠤᠯᠤᠰ ᠲᠦᠷᠦ ᠶᠢᠨ ᠪᠡᠶ᠎ᠡ ᠶᠢᠨ | ᠪᠠᠶᠢᠴᠠᠭᠠᠯᠲᠠ + ᠬᠥᠳᠡᠯᠦᠩᠭᠦᠢ ᠪᠠᠷ ᠰᠢᠯᠭᠠᠨ ᠦᠨᠡᠯᠡᠬᠦ︾ ᠲᠣᠭᠲᠠᠯᠴᠠᠭ᠎ᠠ ᠶᠢ ᠪᠠᠶᠢᠭᠤᠯᠵᠤ᠂ ᠤᠯᠤᠰ ᠲᠦᠷᠦ ᠶᠢᠨ | ᠴᠢᠳᠠᠪᠬᠢ ᠪᠠᠷ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢᠶᠠᠷ ᠴᠢᠩᠭ᠎ᠠ᠂ ᠦᠢᠯᠡᠳᠦᠯ ᠢᠶᠠᠨ ᠰᠠᠶᠢᠲᠤᠷ | ᠪᠠᠳᠠᠷᠠᠭᠤᠯᠤᠭᠰᠠᠨ ᠪᠠᠲᠤ ᠴᠢᠩᠭ᠎ᠠ ᠪᠠᠬᠢᠯᠡᠯᠲᠡ ᠪᠣᠯᠬᠤ ᠵᠢᠱᠢᠶᠡᠴᠢ ᠨᠠᠮ ᠤᠨ ᠡᠭᠦᠷ ᠢ ᠪᠣᠢ ᠪᠣᠯᠭᠠᠵᠤ ᠬᠥᠮᠥᠵᠢᠭᠦᠯᠪᠡ᠃ | ᠮᠡᠳᠡᠭᠡ ᠵᠠᠩᠭᠢ ᠪᠠ ᠪᠠᠶᠢᠴᠠᠭᠠᠨ ᠰᠤᠳᠤᠯᠬᠤ ᠭᠠᠵᠠᠷ ᠤᠨ ᠨᠠᠮ ᠤᠨ ᠡᠭᠦᠷ ᠨᠢ ᠭᠤᠣᠯ ᠬᠠᠷᠢᠭᠤᠴᠠᠯᠭ᠎ᠠ ᠭᠤᠣᠯ | ᠠᠵᠢᠯ ᠤᠨ ᠢᠶᠠᠨ ᠲᠣᠭᠤᠷᠢᠨ ᠳᠤ ᠢᠯᠡ ᠪᠠᠷ ᠶᠠᠷᠢᠯᠴᠠᠬᠤ᠂ ᠲᠤᠰᠬᠠᠢ ᠰᠡᠳᠦᠪ ᠢᠶᠠᠷ ᠶᠠᠷᠢᠯᠴᠠᠬᠤ ᠶᠢ ᠥᠷᠨᠢᠭᠦᠯᠵᠦ᠂ | ᠬᠠᠭᠠᠰ ᠰᠠᠷ᠎ᠠ ᠳᠤ ᠨᠢᠭᠡ ᠤᠳᠠᠭ᠎ᠠ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠤᠰᠬᠠᠢ ᠰᠡᠳᠦᠪᠲᠦ ᠰᠤᠷᠤᠯᠴᠠᠯᠭ᠎ᠠ | ᠥᠷᠨᠢᠭᠦᠯᠪᠡ᠃ ᠨᠠᠷᠢᠨ ᠪᠢᠴᠢᠭ ᠤᠨ ᠨᠢᠭᠡᠳᠦᠭᠡᠷ ᠭᠠᠵᠠᠷ ᠤᠨ ᠨᠠᠮ ᠤᠨ ᠡᠭᠦᠷ ᠨᠢ ᠠᠵᠤ ᠠᠬᠤᠶᠢᠯᠠᠯ᠂ ᠠᠶᠢᠮᠠᠭ | ᠬᠤᠲᠠ ᠳᠤ ᠭᠦᠨᠵᠡᠭᠡᠶᠢᠷᠡᠨ᠂ ᠪᠣᠳᠠᠲᠤ ᠪᠠᠶᠢᠳᠠᠯ ᠢ ᠦᠵᠡᠵᠦ ᠣᠶᠢᠯᠠᠭᠠᠨ᠂ ᠪᠣᠳᠠᠲᠠᠢ ᠪᠣᠳᠣᠯᠭ᠎ᠠ ᠬᠠᠶᠢᠨ | ᠰᠦᠪᠡᠭᠴᠢᠯᠡᠵᠦ᠂ 6 ᠲᠥᠷᠥᠯ ᠤᠨ 51 ᠮᠠᠲ᠋ᠧᠷᠢᠶᠠᠯ ᠤᠨ ᠬᠥᠮᠥᠷᠭᠡ ᠶᠢ ᠤᠷᠢᠳ ᠬᠤᠵᠢᠳ ᠪᠠᠶᠢᠭᠤᠯᠵᠤ᠂ ᠠᠶᠢᠮᠠᠭ | ᠬᠤᠲᠠ ᠬᠤᠰᠢᠭᠤ ᠰᠢᠶᠠᠨ᠂ ᠬᠦᠷᠢᠶᠡᠯᠡᠩ ᠲᠣᠭᠤᠷᠢᠭ᠂ ᠡᠵᠡᠩᠨᠡᠯᠲᠡ ᠶᠢᠨ ᠭᠤᠣᠯ ᠴᠣᠭᠴᠠ᠂ ᠦᠢᠯᠡᠴᠢᠯᠡᠭᠡᠨ ᠤ | ᠦᠢᠯᠡᠰ ᠵᠡᠷᠭᠡ ᠡᠯ᠎ᠡ ᠲᠠᠯ᠎ᠠ ᠶᠢ ᠬᠠᠮᠤᠷᠤᠨ᠂ ︽ᠭᠤᠷᠪᠠ ᠳᠤ ᠦᠢᠯᠡᠴᠢᠯᠡᠬᠦ︾ ᠠᠵᠢᠯ ᠢ ᠴᠢᠨᠠᠷ ᠰᠠᠶᠢᠲᠠᠢ | ᠥᠷᠨᠢᠭᠦᠯᠬᠦ ᠳᠤ ᠦᠨᠡᠨ ᠬᠦ ᠰᠠᠶᠢᠨ ᠰᠠᠭᠤᠷᠢ ᠲᠠᠯᠪᠢᠵᠤ ᠥᠭᠪᠡ᠃ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠲᠠᠰᠤᠭ ᠤᠨ ᠨᠠᠮ ᠤᠨ ᠡᠭᠦᠷ ᠨᠢ ︽ᠠᠷᠠᠳ ᠤᠨ ᠲᠥᠯᠥᠭᠡ ᠰᠢᠮᠳᠠᠭᠤᠯᠤᠨ ᠪᠠᠶᠢᠴᠠᠭᠠᠬᠤ︾ ᠨᠠᠮ ᠤᠨ | ᠪᠠᠶᠢᠭᠤᠯᠤᠯᠲᠠ ᠶᠢᠨ ᠨᠡᠷᠡᠲᠦ ᠲᠡᠮᠳᠡᠭ ᠢ ᠡᠭᠦᠳᠴᠦ᠂ ᠠᠵᠢᠯ ᠣᠯᠭᠤᠯᠲᠠ ᠶᠢ ᠥᠷᠭᠡᠳᠬᠡᠬᠦ᠂ ᠠᠵᠤ ᠠᠬᠤᠶᠢᠯᠠᠯ ᠳᠤ | ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠨᠢ ᠠᠷᠢᠯᠭᠠᠨ ᠵᠢᠷᠤᠮᠵᠢᠭᠤᠯᠬᠤ᠂ ᠬᠥᠳᠡᠭᠡ ᠠᠵᠤ | ᠠᠬᠤᠢ ᠶᠢᠨ ᠦᠢᠯᠡᠳᠪᠦᠷᠢᠯᠡᠯ ᠢ ᠬᠥᠭᠵᠢᠭᠦᠯᠬᠦ ᠵᠡᠷᠭᠡ 20 ᠭᠠᠷᠤᠢ ᠬᠦᠷᠢᠶᠡᠨ ᠳᠠᠬᠢ ᠠᠰᠠᠭᠤᠳᠠᠯ ᠢ ᠨᠢ | ᠰᠢᠢᠳᠪᠦᠷᠢᠯᠡᠬᠦ ᠶᠢ ᠠᠬᠢᠭᠤᠯᠪᠠ᠃ | ᠯᠠᠪᠳᠠᠭᠤᠨ ᠪᠦᠲᠦᠮᠵᠢᠲᠡᠢ ᠠᠯᠢ ᠣᠯᠠᠨ ︽ᠬᠠᠮ ᠠᠷᠭ᠎ᠠ ᠬᠡᠮᠵᠢᠶ᠎ᠡ︾ ᠪᠠᠷ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ | ᠵᠣᠷᠢᠭᠲᠠᠢ ᠡᠭᠦᠷᠭᠡᠯᠡᠬᠦ᠂ ᠴᠢᠳᠠᠮᠠᠭᠠᠢ ᠠᠵᠢᠯᠯᠠᠬᠤ᠂ ᠪᠣᠳᠠᠲᠠᠢ ᠠᠵᠢᠯᠯᠠᠬᠤ ᠶᠢ ᠴᠢᠬᠤᠯᠠᠴᠢᠯᠠᠬᠤ ᠤᠬᠠᠮᠰᠠᠷ ᠲᠦᠷᠭᠡᠨ | ᠪᠦᠷᠢᠯᠳᠦᠵᠦ᠂ ᠠᠵᠢᠯ ᠢᠶᠠᠨ ᠲᠥᠯᠥᠪᠯᠡᠬᠦ᠂ ᠬᠥᠭᠵᠢᠯᠲᠡ ᠶᠢ ᠠᠳᠬᠤᠬᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠢᠳᠡᠪᠬᠢᠵᠢᠯ ᠨᠢ ᠢᠯᠡᠳᠲᠡ ᠴᠢᠩᠭᠠᠷᠠᠵᠤ᠂ ᠠᠵᠢᠯᠯᠠᠬᠤ ᠤᠬᠠᠮᠰᠠᠷ᠂ ᠠᠵᠢᠯᠯᠠᠬᠤ ᠵᠣᠷᠢᠭ᠂ ᠠᠵᠢᠯᠯᠠᠵᠤ ᠴᠢᠳᠠᠬᠤ | ᠴᠢᠳᠠᠪᠤᠷᠢ ᠨᠢ ᠤᠯᠠᠮ ᠨᠢᠭᠡ ᠠᠯᠬᠤᠮ ᠴᠢᠩᠭᠠᠷᠠᠪᠠ᠃ | |